2021 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠤᠨ ᠲᠤᠬᠠᠢ ᠮᠡᠳᠡᠭᠦᠯᠦᠯᠲᠡ ︵ᠨᠢᠭᠡ︶
ᠨᠡᠶᠢᠲᠡᠯᠡᠭᠰᠡᠨ ᠴᠠᠭ᠄
2021/5/6
     ᠬᠡᠰᠢᠭᠲᠡᠨ ᠬᠤᠰᠢᠭᠤᠨ ᠤ 2020 ᠣᠨ ᠤ ᠡᠳ᠋ ᠤᠨ ᠵᠠᠰᠠᠭ ᠤᠨ ᠲᠥᠰᠦᠪ ᠢ ᠭᠦᠢᠴᠡᠳᠬᠡᠭᠰᠡᠨ ᠪᠠᠶᠢᠳᠠᠯ ᠬᠢᠭᠡᠳ 2021 ᠣᠨ ᠤ ᠡᠳ᠋ ᠤᠨ ᠵᠠᠰᠠᠭ ᠤᠨ ᠲᠥᠰᠦᠪ ᠤᠨ  ᠲᠥᠰᠦᠯ   ᠤᠨ  ᠲᠤᠬᠠᠢ  ᠮᠡᠳᠡᠭᠦᠯᠦᠯᠲᠡ      —— 2021 ᠣᠨ ᠤ 3 ᠰᠠᠷ᠎ᠠ ᠶᠢᠨ 9 ᠤ ᠡᠳᠦᠷ ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ                             ᠬᠡᠰᠢᠭᠲᠡᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠᠲᠥᠯᠥᠭᠡᠯᠡᠭᠴᠢᠳ ᠡ᠄      ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠣᠲᠣ ᠬᠡᠰᠢᠭᠲᠡᠨ ᠬᠤᠰᠢᠭᠤᠨ ᠤ 2020 ᠣᠨ ᠤ ᠡᠳ᠋ ᠤᠨ ᠵᠠᠰᠠᠭ ᠤᠨ ᠲᠥᠰᠦᠪ ᠢ ᠭᠦᠶᠴᠡᠳᠬᠡᠭᠰᠡᠨ ᠪᠠᠶᠢᠳᠠᠯ ᠵᠢᠴᠢ 2021 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠤᠨ ᠮᠡᠳᠡᠭᠦᠯᠦᠯᠲᠡ ᠶᠢ ᠲᠣᠰ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠦᠶ᠎ᠡ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠠ ᠪᠤᠰᠤᠳ ᠰᠤᠯᠠ ᠣᠷᠣᠯᠴᠠᠭᠰᠠᠳ ᠨᠠᠨᠳᠢᠨ ᠰᠠᠨᠠᠯ ᠢᠶᠠᠨ ᠳᠤᠷᠠᠳᠬᠤ ᠪᠣᠯᠪᠠᠤ᠃      ᠨᠢᠭᠡ᠂ 2020 ᠣᠨ ᠤ ᠡᠳ᠋ ᠤᠨ ᠵᠠᠰᠠᠭ ᠤᠨ ᠲᠥᠰᠦᠪ ᠢ ᠭᠦᠶᠴᠡᠳᠬᠡᠭᠰᠡᠨ ᠪᠠᠶᠢᠳᠠᠯ      2020 ᠣᠨ ᠳᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠢᠨ ᠪᠤᠳᠤᠯᠢᠶᠠᠨᠲᠠᠶ ᠪᠠᠶᠢᠳᠠᠯ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠳᠠᠭᠠᠷᠢᠯᠲᠠ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠪᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠵᠢᠯᠣᠭᠤᠳᠤᠯᠭ᠎ᠠ ᠳᠣᠤᠷ᠎ᠠ᠂ ᠪᠥᠬᠦ ᠬᠤᠰᠢᠭᠤᠨ ᠤ ᠡᠳ᠋ ᠤᠨ ᠵᠠᠰᠠᠭ ᠤᠨ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠣᠯᠣᠳᠤᠭᠠᠷ ᠬᠤᠷᠠᠯᠳᠤᠭᠠᠨ ᠠᠴᠠ ᠵᠥᠪᠰᠢᠶᠡᠷᠡᠭᠰᠡᠨ ᠲᠥᠰᠦᠪ ᠤᠨ ᠲᠣᠬᠢᠷᠠᠭᠤᠯᠤᠯᠲᠠ ᠶᠢ ᠴᠢᠩᠭ᠎ᠠ ᠬᠡᠷᠡᠭᠵᠢᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠳᠡᠮᠵᠢᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠡᠳ᠋ ᠤᠨ ᠵᠠᠰᠠᠭ ᠤᠨ ᠡᠷᠭᠢᠯᠲᠡ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠪᠦᠬᠦ ᠵᠢᠯ ᠤᠨ ᠡᠯ᠎ᠡ ᠵᠦᠶᠯ ᠤᠨ ᠠᠵᠢᠯ ᠤᠨ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃      ︵ᠨᠢᠭᠡ︶ ᠡᠩ ᠤᠨ ᠣᠯᠠᠨ ᠨᠡᠶᠢᠲᠡ ᠶᠢᠨ ᠲᠥᠰᠦᠪ ᠢ ᠭᠦᠢᠴᠡᠳᠬᠡᠭᠰᠡᠨ ᠪᠠᠶᠢᠳᠠᠯ᠃      1. ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠭᠦᠢᠴᠡᠳᠬᠡᠭᠰᠡᠨ ᠪᠠᠶᠢᠳᠠᠯ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠨᠡᠶᠢᠲᠡ 455,294 ᠲᠦᠮᠡᠨ ᠲᠥᠭᠦᠷᠢᠭ ᠪᠡᠶᠡᠯᠡᠭᠦᠯᠵᠦ᠂ ᠲᠥᠰᠦᠪ ᠤᠨ ᠲᠣᠬᠢᠷᠠᠭᠤᠯᠤᠯᠲᠠ ᠶᠢᠨ 106.45% ᠶᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 85,056 ᠲᠦᠮᠡᠨ ᠲᠥᠭᠦᠷᠢᠭ ᠬᠠᠰᠤᠭᠳᠠᠵᠤ᠂ ᠠᠳᠠᠯᠢ ᠬᠤᠭᠤᠴᠠᠭᠠᠨ ᠤ ᠬᠢ ᠠᠴᠠ 15.74% ᠪᠠᠷ ᠪᠠᠭᠤᠷᠠᠪᠠ᠃ ᠣᠷᠣᠯᠭ᠎ᠠ ᠶᠢᠨ ᠬᠠᠰᠤᠭᠳᠠᠯ ᠤᠨ ᠭᠤᠤᠯ ᠡᠯᠧᠮᠧᠨ᠋ᠲ ᠨᠢ ᠳᠡᠭᠡᠷ᠎ᠡ ᠵᠢᠯ ᠳᠤ ᠰᠢᠨ᠎ᠡ ᠪᠠᠷ ᠨᠡᠮᠡᠭᠳᠡᠭᠰᠡᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ 126,700 ᠲᠦᠮᠡᠨ ᠲᠥᠭᠦᠷᠢᠭ ᠪᠣᠯᠤᠨ᠎ᠠ᠃      ᠬᠤᠰᠢᠭᠤ ᠲᠣᠰ ᠱᠠᠲᠤᠨ ᠤ ᠣᠷᠣᠯᠭ᠎ᠠ ᠶᠢ 63,180 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ  ᠤᠨ ᠬᠢ ᠠᠴᠠ 3,100 ᠲᠦᠮᠡᠨ ᠲᠥᠭᠦᠷᠢᠭ ᠨᠡᠮᠡᠭᠳᠡᠵᠦ᠂ 5.16% ᠪᠠᠷ ᠨᠡᠮᠡᠭᠳᠡᠪᠡ ︵ᠭᠠᠶᠢᠯᠢ ᠶᠢᠨ ᠣᠷᠣᠯᠭ᠎ᠠ ᠶᠢ 57,883 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 6,827 ᠲᠦᠮᠡᠨ ᠲᠥᠭᠦᠷᠢᠭ ᠨᠡᠮᠡᠭᠳᠡᠵᠦ᠂ 13.37% ᠪᠠᠷ ᠨᠡᠮᠡᠭᠳᠡᠪᠡ︔ ᠭᠠᠶᠢᠯᠢ ᠶᠢᠨ ᠪᠤᠰᠤ ᠣᠷᠣᠯᠭ᠎ᠠ ᠶᠢ 5,297 ᠲᠦᠮᠡᠨ ᠲᠥᠭᠦᠷᠢᠭ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 3,727 ᠲᠦᠮᠡᠨ ᠲᠥᠭᠦᠷᠢᠭ ᠬᠠᠰᠤᠭᠳᠠᠵᠤ᠂ 41.3%  ᠪᠠᠷ ᠪᠠᠭᠤᠷᠠᠪᠠ︶᠂ ᠳᠡᠭᠡᠷ᠎ᠡ ᠱᠠᠲᠤᠨ ᠤ ᠨᠥᠬᠦᠪᠥᠷᠢ ᠶᠢᠨ ᠣᠷᠣᠯᠭ᠎ᠠ 262,822 ᠲᠦᠮᠡᠨ ᠲᠥᠭᠦᠷᠢᠭ ︵ᠪᠤᠴᠠᠭᠠᠬᠤ ᠴᠢᠨᠠᠷᠲᠠᠢ ᠣᠷᠣᠯᠭ᠎ᠠ 7,046 ᠲᠦᠮᠡᠨ ᠲᠥᠭᠦᠷᠢᠭ᠂ ᠡᠩ ᠤᠨ ᠴᠢᠨᠠᠷᠲᠠᠢ ᠰᠢᠯᠵᠢᠭᠦᠯᠦᠨ ᠥᠭᠬᠦ ᠣᠷᠣᠯᠭ᠎ᠠ 208,907 ᠲᠦᠮᠡᠨ ᠲᠥᠭᠦᠷᠢᠭ᠂ ᠲᠤᠰᠬᠠᠢ ᠲᠥᠷᠥᠯ ᠢᠶᠠᠷ ᠰᠢᠯᠵᠢᠭᠦᠯᠦᠨ ᠥᠭᠬᠦ ᠣᠷᠣᠯᠭ᠎ᠠ 46,869 ᠲᠦᠮᠡᠨ ᠲᠥᠭᠦᠷᠢᠭ︶ ᠪᠠᠶᠢᠵᠤ᠂ ᠳᠡᠭᠡᠷ᠎ᠡ ᠵᠢᠯ ᠤᠨ ᠦᠯᠡᠳᠡᠪᠦᠷᠢ 27,501 ᠲᠦᠮᠡᠨ ᠲᠥᠭᠦᠷᠢᠭ ᠪᠠᠶᠢᠵᠤ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠤᠨ ᠣᠷᠣᠯᠭ᠎ᠠ ᠳᠤ 20,000 ᠲᠦᠮᠡᠨ ᠲᠥᠭᠦᠷᠢᠭ ᠲᠣᠬᠢᠷᠠᠭᠤᠯᠤᠨ ᠣᠷᠣᠭᠤᠯᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ ᠳᠤ 31 ᠲᠦᠮᠡᠨ ᠲᠥᠭᠦᠷᠢᠭ ᠲᠣᠬᠢᠷᠠᠭᠤᠯᠤᠨ ᠣᠷᠣᠭᠤᠯᠵᠤ᠂ ᠵᠠᠰᠠᠭ ᠤᠨ ᠣᠷᠳᠣᠨ ᠤ ᠴᠢᠨᠠᠷᠲᠠᠢ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ 70,526 ᠲᠦᠮᠡᠨ ᠲᠥᠭᠦᠷᠢᠭ ᠪᠠᠶᠢᠵᠤ᠂ ᠲᠥᠰᠦᠪ ᠢ ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠥᠩᠭᠦ ᠠᠴᠠ 11,234 ᠲᠦᠮᠡᠨ ᠲᠥᠭᠦᠷᠢᠭ ᠬᠡᠷᠡᠭᠯᠡᠪᠡ᠃      2. ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢ ᠭᠦᠢᠴᠡᠳᠬᠡᠭᠰᠡᠨ ᠪᠠᠶᠢᠳᠠᠯ᠃ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 425,504 ᠲᠦᠮᠡᠨ ᠲᠥᠭᠦᠷᠢᠭ᠂ ᠲᠥᠰᠦᠪ ᠤᠨ ᠲᠣᠬᠢᠷᠠᠭᠤᠯᠤᠯᠲᠠ ᠶᠢᠨ 99.82% ᠶᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 87,345 ᠲᠦᠮᠡᠨ ᠲᠥᠭᠦᠷᠢᠭ ᠬᠠᠰᠤᠭᠳᠠᠵᠤ᠂17.03% ᠪᠠᠷ ᠳᠣᠷᠣᠭᠰᠢᠯᠠᠪᠠ᠃ ᠭᠤᠣᠯ ᠪᠣᠯᠬᠤ ᠵᠠᠷᠤᠯᠭ᠎ᠠ ᠪᠠᠭᠠᠰᠤᠭᠰᠠᠨ ᠡᠯᠧᠮᠧᠨ᠋ᠲ ᠭᠡᠪᠡᠯ ᠥᠷᠢ ᠥᠭᠴᠡᠭᠡᠨ ᠤ ᠡᠬᠡ ᠮᠥᠩᠭᠦ ᠶᠢ ᠪᠤᠴᠠᠭᠠᠬᠤ ᠵᠠᠷᠤᠯᠭ᠎ᠠ ᠳᠡᠭᠡᠷ᠎ᠡ ᠵᠢᠯ ᠤᠨ ᠬᠢ ᠠᠴᠠ 111,386 ᠲᠦᠮᠡᠨ ᠲᠥᠭᠦᠷᠢᠭ ᠬᠠᠰᠤᠭᠳᠠᠵᠠᠶ ︵ᠳᠡᠭᠡᠷ᠎ᠡ ᠵᠢᠯ ᠳᠤ ᠵᠠᠰᠠᠭ ᠤᠨ ᠣᠷᠳᠣᠨ ᠤ ᠥᠷᠢ ᠥᠭᠴᠡᠭᠡ ᠶᠢ ᠰᠣᠯᠢᠬᠤ ᠡᠩ  ᠤᠨ ᠵᠢᠭᠡᠯᠡᠯᠭᠡ ᠶᠢᠨ ᠲᠡᠮᠳᠡᠭᠲᠦ ᠶᠢᠨ ᠵᠠᠷᠤᠯᠭ᠎ᠠ 126,700 ᠲᠦᠮᠡᠨ ᠲᠥᠭᠦᠷᠢᠭ ᠢ ᠪᠠᠭᠲᠠᠭᠠᠨ᠎ᠠ︶᠃      ᠬᠤᠰᠢᠭᠤ ᠲᠤᠰ ᠱᠠᠲᠤᠨ ᠤ ᠵᠠᠷᠤᠯᠭ᠎ᠠ 360,923 ᠲᠦᠮᠡᠨ ᠲᠥᠭᠦᠷᠢᠭ᠂ ᠳᠡᠭᠡᠷ᠎ᠡ ᠵᠢᠯ ᠤᠨ ᠬᠢ ᠠᠴᠠ 44,835 ᠲᠦᠮᠡᠨ ᠲᠥᠭᠦᠷᠢᠭ ᠨᠡᠮᠡᠭᠳᠡᠨ᠂14.18% ᠪᠠᠷ ᠨᠡᠮᠡᠭᠳᠡᠪᠡ ︵ᠡᠩ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ 32,154 ᠲᠦᠮᠡᠨ ᠲᠥᠭᠦᠷᠢᠭ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠷᠤᠯᠭ᠎ᠠ 8,370 ᠲᠦᠮᠡᠨ ᠲᠥᠭᠦᠷᠢᠭ᠂ ᠰᠤᠷᠭᠠᠨ ᠬᠥᠮᠦᠵᠢᠯ ᠤᠨ ᠵᠠᠷᠤᠯᠭ᠎ᠠ 46, 959 ᠲᠦᠮᠡᠨ ᠲᠥᠭᠦᠷᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ 405 ᠲᠦᠮᠡᠨ ᠲᠥᠭᠦᠷᠢᠭ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ ᠵᠠᠭᠤᠴᠢᠯᠠᠭᠤᠷ ᠤᠨ ᠵᠠᠷᠤᠯᠭ᠎ᠠ 3,819 ᠲᠦᠮᠡᠨ ᠲᠥᠭᠦᠷᠢᠭ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 52,266 ᠲᠦᠮᠡᠨ ᠲᠥᠭᠦᠷᠢᠭ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠠᠷᠤᠯᠭ᠎ᠠ 25,009 ᠲᠦᠮᠡᠨ ᠲᠥᠭᠦᠷᠢᠭ᠂ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠵᠠᠷᠤᠯᠭ᠎ᠠ 15,026 ᠲᠦᠮᠡᠨ ᠲᠥᠭᠦᠷᠢᠭ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠷᠤᠯᠭ᠎ᠠ 19,544 ᠲᠦᠮᠡᠨ ᠲᠥᠭᠦᠷᠢᠭ᠂ ᠲᠠᠷᠢᠶᠠᠯᠠᠩ ᠤᠢ ᠰᠢᠭᠤᠢ ᠤᠰᠤᠨ ᠠᠰᠢᠭᠯᠠᠯᠲᠠ ᠶᠢᠨ ᠵᠠᠷᠤᠯᠭ᠎ᠠ 94,378 ᠲᠦᠮᠡᠨ ᠲᠥᠭᠦᠷᠢᠭ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠷᠤᠯᠭ᠎ᠠ 10,551 ᠲᠦᠮᠡᠨ ᠲᠥᠭᠦᠷᠢᠭ᠂ ᠡᠬᠢ ᠪᠠᠶᠠᠯᠢᠭ ᠢ ᠬᠠᠶᠢᠨ ᠰᠢᠨᠵᠢᠯᠡᠬᠦ ᠮᠡᠳᠡᠭᠡ ᠵᠠᠩᠭᠢ ᠵᠡᠷᠭᠡ ᠶᠢᠨ ᠵᠠᠷᠤᠯᠭ᠎ᠠ 1,755 ᠲᠦᠮᠡᠨ ᠲᠥᠭᠦᠷᠢᠭ᠂ ᠬᠤᠳᠠᠯᠳᠤᠭᠠᠨ ᠤ ᠦᠢᠯᠡᠰ ᠦᠶᠯᠡᠴᠢᠯᠡᠭᠡᠨ  ᠤ ᠦᠶᠯᠡᠰ ᠵᠡᠷᠭᠡ ᠶᠢᠨ ᠵᠠᠷᠤᠯᠭ᠎ᠠ 567 ᠲᠦᠮᠡᠨ ᠲᠥᠭᠦᠷᠢᠭ᠂ ᠪᠠᠶᠢᠭᠠᠯᠢ ᠶᠢᠨ ᠡᠬᠢ ᠪᠠᠶᠠᠯᠢᠭ᠂ ᠳᠠᠯᠠᠢ ᠲᠠᠩᠭᠢᠰ ᠴᠠᠭ ᠠᠭᠤᠷ ᠵᠡᠷᠭᠡ ᠶᠢᠨ ᠵᠠᠷᠤᠯᠭ᠎ᠠ 8,518 ᠲᠦᠮᠡᠨ ᠲᠥᠭᠦᠷᠢᠭ᠂ ᠣᠷᠣᠨ ᠰᠠᠭᠤᠴᠠ ᠶᠢᠨ ᠪᠠᠲᠤᠯᠠᠭ᠎ᠠ ᠶᠢᠨ ᠵᠠᠷᠤᠯᠭ᠎ᠠ 20,359 ᠲᠦᠮᠡᠨ ᠲᠥᠭᠦᠷᠢᠭ᠂ ᠠᠮᠤ ᠲᠣᠰᠣ ᠡᠳ᠋ ᠪᠠᠷᠠᠭ᠎ᠠ ᠨᠥᠭᠡᠴᠡᠯᠡᠬᠦ ᠵᠠᠷᠤᠯᠭ᠎ᠠ 979 ᠲᠦᠮᠡᠨ ᠲᠥᠭᠦᠷᠢᠭ᠂ ᠭᠠᠮᠰᠢᠭ ᠢ ᠰᠡᠷᠭᠡᠶᠢᠯᠡᠨ ᠵᠠᠰᠠᠬᠤ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠠᠷᠤᠯᠭ᠎ᠠ 2,837 ᠲᠦᠮᠡᠨ ᠲᠥᠭᠦᠷᠢᠭ᠂ ᠪᠤᠰᠤᠳ ᠵᠠᠷᠤᠯᠭ᠎ᠠ 2,159 ᠲᠦᠮᠡᠨ ᠲᠥᠭᠦᠷᠢᠭ᠂ ᠦᠷᠢ ᠥᠭᠴᠡᠭᠡᠨ ᠤ ᠬᠦᠦ ᠮᠥᠩᠭᠦ ᠶᠢ ᠲᠤᠰᠢᠶᠠᠬᠤ ᠵᠠᠷᠤᠯᠭ᠎ᠠ 15,205 ᠲᠦᠮᠡᠨ ᠲᠥᠭᠦᠷᠢᠭ᠂ ᠥᠭᠴᠡᠭᠡ ᠲᠠᠷᠬᠠᠭᠠᠬᠤ ᠵᠠᠷᠤᠳᠠᠯ ᠤᠨ ᠵᠠᠷᠤᠯᠭ᠎ᠠ 63 ᠲᠦᠮᠡᠨ ᠲᠥᠭᠦᠷᠢᠭ︶᠂ ᠳᠡᠭᠡᠳᠦ ᠱᠠᠲᠤᠨ ᠳᠤ ᠲᠤᠰᠢᠶᠠᠬᠤ ᠵᠠᠷᠤᠯᠭ᠎ᠠ 11,634 ᠲᠦᠮᠡᠨ ᠲᠥᠭᠦᠷᠢᠭ᠂ ᠥᠭᠴᠡᠭᠡᠨ ᠤ ᠡᠬᠡ ᠮᠥᠩᠭᠦ ᠶᠢ ᠪᠤᠴᠠᠭᠠᠬᠤ ᠵᠠᠷᠤᠯᠭ᠎ᠠ 52,827 ᠲᠦᠮᠡᠨ ᠲᠥᠭᠦᠷᠢᠭ᠂ ᠲᠥᠰᠦᠪ  ᠤᠨ ᠲᠣᠭᠲᠠᠪᠤᠷᠢᠵᠢᠭᠤᠯᠤᠨ ᠲᠣᠬᠢᠷᠠᠭᠤᠯᠬᠤ ᠰᠠᠭᠤᠷᠢ ᠮᠥᠩᠭᠦ ᠶᠢ 120 ᠲᠦᠮᠡᠨ ᠲᠥᠭᠦᠷᠢᠭ ᠲᠣᠬᠢᠷᠠᠭᠤᠯᠪᠠ᠃      ᠣᠷᠣᠯᠭ᠎ᠠ ᠵᠠᠷᠤᠯᠭ᠎ᠠ ᠶᠢ ᠲᠤᠯᠭᠠᠨ ᠬᠠᠰᠤᠭᠰᠠᠨ ᠤ ᠳᠠᠷᠠᠭ᠎ᠠ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠢᠯ ᠤᠨ ᠡᠴᠦᠰ ᠤᠨ ᠦᠯᠡᠳᠡᠪᠦᠷᠢ 29,790 ᠲᠦᠮᠡᠨ ᠲᠥᠭᠦᠷᠢᠭ ᠪᠣᠯᠤᠨ᠎ᠠ᠃      ︵ᠬᠤᠶᠠᠷ︶ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠢ ᠭᠦᠢᠴᠡᠳᠬᠡᠭᠰᠡᠨ ᠪᠠᠶᠢᠳᠠᠯ᠃      1. ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠤᠨ ᠣᠷᠣᠯᠭ᠎ᠠ ᠶᠢ ᠭᠦᠢᠴᠡᠳᠬᠡᠭᠰᠡᠨ ᠪᠠᠶᠢᠳᠠᠯ᠃ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠤᠨ ᠣᠷᠣᠯᠭ᠎ᠠ 77,677 ᠲᠦᠮᠡᠨ ᠲᠥᠭᠦᠷᠢᠭ᠂ ᠲᠥᠰᠦᠪ ᠤᠨ ᠲᠣᠬᠢᠷᠠᠭᠤᠯᠤᠯᠲᠠ ᠶᠢᠨ 120.09% ᠶᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 169,239 ᠲᠦᠮᠡᠨ ᠲᠥᠭᠦᠷᠢᠭ ᠬᠠᠰᠤᠭᠳᠠᠵᠤ᠂ 68.55% ᠪᠠᠷ ᠳᠣᠷᠣᠭᠰᠢᠯᠠᠪᠠ ᠃ ᠣᠷᠣᠯᠭ᠎ᠠ ᠶᠢᠨ ᠬᠠᠰᠤᠭᠳᠠᠯ ᠤᠨ ᠭᠤᠤᠯ ᠡᠯᠧᠮᠧᠨ᠋ᠲ ᠪᠣᠯ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠶᠯ ᠤᠨ ᠵᠢᠭᠡᠯᠡᠯᠭᠡ ᠶᠢᠨ ᠲᠡᠮᠳᠡᠭᠲᠦ ᠪᠠᠷ ᠰᠢᠯᠵᠢᠭᠦᠯᠦᠨ ᠵᠢᠭᠡᠯᠡᠭᠦᠯᠦᠭᠰᠡᠨ ᠣᠷᠣᠯᠭ᠎ᠠ ᠳᠡᠭᠡᠷ᠎ᠡ ᠵᠢᠯ ᠤᠨ  ᠬᠢ ᠠᠴᠠ 183,700 ᠲᠦᠮᠡᠨ ᠲᠥᠭᠦᠷᠢᠭ ᠬᠠᠰᠤᠭᠳᠠᠵᠠᠶ ︵ᠳᠡᠭᠡᠷ᠎ᠡ ᠵᠢᠯ ᠳᠤ ᠦᠯᠡᠳᠡᠭᠡᠯ ᠥᠷᠢ ᠥᠭᠴᠡᠭᠡ ᠶᠢ ᠰᠣᠯᠢᠬᠤ ᠲᠤᠰᠬᠠᠶ ᠵᠦᠶᠯ ᠤᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ 163,700 ᠲᠦᠮᠡᠨ ᠲᠥᠭᠦᠷᠢᠭ ᠪᠠᠭᠲᠠᠨ᠎ᠠ︶᠃      ᠬᠤᠰᠢᠭᠤ ᠲᠣᠰ ᠱᠠᠲᠤᠨ ᠤ ᠣᠷᠣᠯᠭ᠎ᠠ 31,946 ᠲᠦᠮᠡᠨ ᠲᠥᠭᠦᠷᠢᠭ᠂ ᠳᠡᠭᠡᠷ᠎ᠡ ᠵᠢᠯ ᠤᠨ ᠬᠢ ᠠᠴᠠ 10,105 ᠲᠦᠮᠡᠨ ᠲᠥᠭᠦᠷᠢᠭ ᠨᠡᠮᠡᠭᠳᠡᠵᠦ᠂ 46.27% ᠪᠠᠷ ᠨᠡᠮᠡᠭᠳᠡᠪᠡ ︵ᠤᠯᠤᠰ ᠤᠨ ᠥᠮᠴᠢᠯᠡᠯᠲᠦ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠭᠦᠭᠰᠡᠨ ᠣᠷᠣᠯᠭ᠎ᠠ 31,497 ᠲᠦᠮᠡᠨ ᠲᠥᠭᠦᠷᠢᠭ᠂ ᠬᠤᠲᠠ  ᠶᠢᠨ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠰᠦᠶᠳᠬᠡᠯ ᠤᠨ ᠣᠷᠣᠯᠭ᠎ᠠ 449 ᠲᠦᠮᠡᠨ ᠲᠥᠭᠦᠷᠢᠭ︶ ᠃ ᠳᠡᠭᠡᠷ᠎ᠡ ᠱᠠᠲᠤᠨ ᠠᠴᠠ ᠨᠥᠬᠦᠪᠥᠷᠢᠯᠡᠭᠰᠡᠨ ᠣᠷᠣᠯᠭ᠎ᠠ 14,592 ᠲᠦᠮᠡᠨ ᠲᠥᠭᠦᠷᠢᠭ᠂ ᠳᠡᠭᠡᠷ᠎ᠡ ᠵᠢᠯ ᠤᠨ ᠦᠯᠡᠳᠡᠪᠦᠷᠢ ᠣᠷᠣᠯᠭ᠎ᠠ 1,039 ᠲᠦᠮᠡᠨ ᠲᠥᠭᠦᠷᠢᠭ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ ᠲᠡᠮᠳᠡᠭᠲᠦ ᠶᠢ ᠰᠢᠯᠵᠢᠭᠦᠯᠦᠨ ᠵᠢᠭᠡᠯᠡᠭᠦᠯᠦᠭᠰᠡᠨ ᠣᠷᠣᠯᠭ᠎ᠠ 30,100 ᠲᠦᠮᠡᠨ ᠲᠥᠭᠦᠷᠢᠭ ᠪᠣᠯᠤᠨ᠎ᠠ      2. ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠤᠨ ᠵᠠᠷᠤᠯᠭ᠎ᠠ ᠶᠢ ᠭᠦᠢᠴᠡᠳᠬᠡᠭᠰᠡᠨ ᠪᠠᠶᠢᠳᠠᠯ᠃ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠦᠪ ᠤᠨ ᠵᠠᠷᠤᠯᠭ᠎ᠠ 75,343 ᠲᠦᠮᠡᠨ ᠲᠥᠭᠦᠷᠢᠭ᠂ ᠲᠥᠰᠦᠪ ᠤᠨ ᠲᠣᠬᠢᠷᠠᠭᠤᠯᠤᠯᠲᠠ ᠶᠢᠨ 118.38% ᠶᠢ ᠪᠡᠶᠡᠯᠡᠭᠦᠯᠵᠦ᠂ ᠳᠡᠭᠡᠷ᠎ᠡ ᠵᠢᠯ ᠤᠨ  ᠬᠢ ᠠᠴᠠ 170,584 ᠲᠦᠮᠡᠨ ᠲᠥᠭᠦᠷᠢᠭ ᠬᠠᠰᠤᠭᠳᠠᠵᠤ᠂ 69.36% ᠪᠠᠷ ᠳᠣᠷᠣᠭᠰᠢᠯᠠᠪᠠ᠃ ᠵᠠᠷᠤᠯᠭ᠎ᠠ ᠶᠢ ᠪᠠᠭᠠᠰᠬᠠᠬᠤ ᠭᠤᠣᠯ ᠡᠯᠧᠮᠧᠨ᠋ᠲ ᠨᠢ ᠬᠠᠳᠠᠭᠠᠯᠠᠭᠳᠠᠵᠤ ᠪᠠᠶᠢᠭ᠎ᠠ ᠥᠷᠢ ᠥᠭᠴᠡᠭᠡ ᠶᠢ ᠰᠣᠯᠢᠬᠤ ᠵᠠᠷᠤᠯᠭ᠎ᠠ ᠳᠡᠭᠡᠷ᠎ᠡ ᠵᠢᠯ ᠤᠨ ᠬᠢ ᠠᠴᠠ 163,700 ᠲᠦᠮᠡᠨ ᠲᠥᠭᠦᠷᠢᠭ ᠬᠠᠰᠤᠭᠳᠠᠵᠠᠢ᠃      ᠬᠤᠰᠢᠭᠤ ᠲᠤᠰ ᠱᠠᠲᠤᠨ ᠤ ᠵᠠᠷᠤᠯᠭ᠎ᠠ 53,783 ᠲᠦᠮᠡᠨ ᠲᠥᠭᠦᠷᠢᠭ᠂ ᠳᠡᠭᠡᠷ᠎ᠡ ᠵᠢᠯ ᠤᠨ ᠬᠢ ᠠᠴᠠ 41,926 ᠲᠦᠮᠡᠨ ᠲᠥᠭᠦᠷᠢᠭ ᠨᠡᠮᠡᠭᠳᠡᠵᠦ᠂ 353.6% ᠪᠠᠷ ᠨᠡᠮᠡᠭᠳᠡᠪᠡ ︵ᠭᠤᠣᠯ ᠪᠣᠯᠬᠤ ᠵᠠᠷᠤᠯᠭ᠎ᠠ ᠶᠢᠨ ᠨᠡᠮᠡᠭᠳᠡᠯ ᠤᠨ ᠡᠯᠧᠮᠧᠨ᠋ᠲ ᠨᠢ ᠬᠢᠵᠢᠭ ᠲᠠᠢ ᠲᠡᠮᠡᠴᠡᠬᠦ ᠣᠨᠴᠠᠭᠠᠢ ᠤᠯᠤᠰ ᠤᠨ ᠵᠢᠭᠡᠯᠡᠯᠭᠡ ᠳᠤ ᠲᠣᠬᠢᠷᠠᠭᠤᠯᠤᠭᠰᠠᠨ ᠵᠠᠷᠤᠯᠭ᠎ᠠ 12,920 ᠲᠦᠮᠡᠨ ᠲᠥᠭᠦᠷᠢᠭ᠂ ᠰᠢᠨ᠎ᠡ ᠪᠠᠷ ᠨᠡᠮᠡᠭᠳᠡᠭᠰᠡᠨ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠳᠤ ᠲᠣᠬᠢᠷᠠᠭᠤᠯᠤᠭᠰᠠᠨ ᠵᠠᠷᠤᠯᠭ᠎ᠠ 30,100 ᠲᠦᠮᠡᠨ ᠲᠥᠭᠦᠷᠢᠭ︶᠂ ᠣᠷᠣᠨ ᠨᠤᠲᠤᠭ ᠤᠨ ᠵᠠᠰᠠᠭ  ᠤᠨ ᠣᠷᠳᠣᠨ ᠤ ᠥᠷᠢ ᠥᠭᠴᠡᠭᠡ ᠶᠢᠨ ᠡᠬᠡ ᠮᠥᠩᠭᠦ ᠶᠢ ᠪᠤᠴᠠᠭᠠᠬᠤ ᠵᠠᠷᠤᠯᠭ᠎ᠠ 1,560 ᠲᠦᠮᠡᠨ ᠲᠥᠭᠦᠷᠢᠭ᠂ ᠰᠢᠯᠵᠢᠭᠦᠯᠦᠨ ᠭᠠᠷᠭᠠᠭᠰᠠᠨ ᠪᠡᠯᠡ ᠮᠥᠩᠭᠦ 20,000 ᠲᠦᠮᠡᠨ ᠲᠥᠭᠦᠷᠢᠭ ᠪᠣᠯᠤᠨ᠎ᠠ᠃      ᠣᠷᠣᠯᠭ᠎ᠠ ᠵᠠᠷᠤᠯᠭ᠎ᠠ ᠶᠢ ᠲᠤᠯᠭᠠᠨ ᠬᠠᠰᠤᠭᠰᠠᠨ ᠤ ᠳᠠᠷᠠᠭ᠎ᠠ᠂ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢᠨ ᠲᠥᠰᠦᠪ ᠤᠨ ᠵᠢᠯ ᠤᠨ ᠡᠴᠦᠰ ᠤᠨ ᠦᠯᠡᠳᠡᠪᠦᠷᠢ 2,334 ᠲᠦᠮᠡᠨ ᠲᠥᠭᠦᠷᠢᠭ ᠪᠣᠯᠤᠨ᠎ᠠ᠃      ︵ᠭᠤᠷᠪᠠ︶ ᠤᠯᠤᠰ ᠤᠨ ᠥᠮᠴᠢᠯᠡᠯ ᠤᠨ ᠭᠦᠷᠦᠩᠭᠡ ᠶᠢᠨ ᠡᠵᠡᠩᠨᠡᠯᠲᠡ ᠶᠢᠨ ᠲᠥᠰᠦᠪ ᠢ ᠭᠦᠢᠴᠡᠳᠬᠡᠭᠰᠡᠨ ᠪᠠᠶᠢᠳᠠᠯ᠃      1. ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ ᠶᠢ ᠭᠦᠢᠴᠡᠳᠬᠡᠭᠰᠡᠨ ᠪᠠᠶᠢᠳᠠᠯ᠃ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠣᠷᠣᠯᠭ᠎ᠠ 35 ᠲᠦᠮᠡᠨ ᠲᠥᠭᠦᠷᠢᠭ ᠲᠤ ᠬᠦᠷᠴᠦ᠂ ᠲᠣᠬᠢᠷᠠᠭᠤᠯᠤᠯᠲᠠ ᠬᠢᠭᠰᠡᠨ ᠲᠥᠰᠦᠪ ᠤᠨ 112.9% ᠶᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 35 ᠲᠦᠮᠡᠨ ᠲᠥᠭᠦᠷᠢᠭ ᠨᠡᠮᠡᠭᠳᠡᠪᠡ᠃      ᠬᠤᠰᠢᠭᠤ ᠲᠣᠰ ᠱᠠᠲᠤᠨ ᠤ ᠣᠷᠣᠯᠭ᠎ᠠ 31 ᠲᠦᠮᠡᠨ ᠲᠥᠭᠦᠷᠢᠭ ᠪᠠᠶᠢᠵᠤ᠂ ᠳᠡᠭᠡᠷ᠎ᠡ ᠵᠢᠯ ᠤᠨ ᠬᠢ ᠠᠴᠠ 31 ᠲᠦᠮᠡᠨ ᠲᠥᠭᠦᠷᠢᠭ ︵ᠠᠰᠢᠭ ᠬᠤᠨᠵᠢᠪᠣᠷᠢ ᠶᠢᠨ ᠣᠷᠣᠯᠭ᠎ᠠ 31 ᠲᠦᠮᠡᠨ ᠲᠥᠭᠦᠷᠢᠭ︶ ᠨᠡᠮᠡᠭᠳᠡᠪᠡ᠃ ᠳᠡᠭᠡᠳᠦ ᠱᠠᠲᠤᠨ ᠤ ᠨᠥᠬᠦᠪᠥᠷᠢ ᠶᠢᠨ ᠣᠷᠣᠯᠭ᠎ᠠ 4 ᠲᠦᠮᠡᠨ ᠲᠥᠭᠦᠷᠢᠭ᠃      2. ᠤᠯᠤᠰ ᠤᠨ ᠥᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠲᠥᠰᠦᠪ ᠤᠨ ᠵᠠᠷᠤᠯᠭ᠎ᠠ ᠶᠢ ᠭᠦᠢᠴᠡᠳᠬᠡᠭᠰᠡᠨ ᠪᠠᠶᠢᠳᠠᠯ᠃ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠵᠠᠷᠤᠯᠭ᠎ᠠ 35 ᠲᠦᠮᠡᠨ ᠲᠥᠭᠦᠷᠢᠭ ᠲᠤ ᠬᠦᠷᠴᠦ᠂ ᠲᠣᠬᠢᠷᠠᠭᠤᠯᠤᠯᠲᠠ ᠬᠢᠭᠰᠡᠨ ᠲᠥᠰᠦᠪ ᠤᠨ 112.9% ᠶᠢ ᠪᠡᠶᠡᠯᠡᠭᠦᠯᠵᠦ᠂ ᠳᠡᠭᠡᠷ᠎ᠡ ᠵᠢᠯ ᠤᠨ ᠬᠢ ᠠᠴᠠ 35 ᠲᠦᠮᠡᠨ ᠲᠥᠭᠦᠷᠢᠭ ᠨᠡᠮᠡᠭᠳᠡᠪᠡ᠃      ᠬᠤᠰᠢᠭᠤ ᠲᠤᠰ ᠱᠠᠲᠤᠨ ᠤ ᠵᠠᠷᠤᠯᠭ᠎ᠠ 4 ᠲᠦᠮᠡᠨ ᠲᠥᠭᠦᠷᠢᠭ᠂ ᠳᠡᠭᠡᠷ᠎ᠡ ᠵᠢᠯ ᠤᠨ ᠬᠢ ᠠᠴᠠ 4 ᠲᠦᠮᠡᠨ ᠲᠥᠭᠦᠷᠢᠭ ᠨᠡᠮᠡᠭᠳᠡᠪᠡ᠃ 31 ᠲᠦᠮᠡᠨ ᠲᠥᠭᠦᠷᠢᠭ ᠪᠡᠯᠡ ᠮᠥᠩᠭᠦ ᠰᠢᠯᠵᠢᠭᠦᠯᠦᠨ ᠭᠠᠷᠭᠠᠪᠠ᠃      ︵ᠳᠥᠷᠪᠡ︶ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠢ ᠭᠦᠢᠴᠡᠳᠬᠡᠭᠰᠡᠨ ᠪᠠᠶᠢᠳᠠᠯ᠃      1. ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠤᠨ ᠣᠷᠣᠯᠭ᠎ᠠ ᠶᠢ ᠭᠦᠢᠴᠡᠳᠬᠡᠭᠰᠡᠨ ᠪᠠᠶᠢᠳᠠᠯ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠲᠥᠰᠦᠪ ᠤᠨ ᠣᠷᠣᠯᠭ᠎ᠠ 76,876 ᠲᠦᠮᠡᠨ ᠲᠥᠭᠦᠷᠢᠭ᠂ ᠵᠢᠯ ᠤᠨ ᠡᠬᠢᠨ ᠤ ᠲᠥᠰᠦᠪ ᠤᠨ 132.72% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 10,268 ᠲᠦᠮᠡᠨ ᠲᠥᠭᠦᠷᠢᠭ ᠬᠠᠰᠤᠭᠳᠠᠵᠤ᠂ 11.78% ᠪᠠᠷ ᠳᠣᠷᠣᠭᠰᠢᠯᠠᠪᠠ᠃      ᠬᠤᠰᠢᠭᠤᠨ ᠤ ᠲᠣᠰ ᠱᠠᠲᠤᠨ ᠤ ᠣᠷᠣᠯᠭ᠎ᠠ 43,390 ᠲᠦᠮᠡᠨ ᠲᠥᠭᠦᠷᠢᠭ᠂ ᠳᠡᠭᠡᠷ᠎ᠡ ᠵᠢᠯ ᠤᠨ ᠬᠢ  ᠠᠴᠠ 2,169 ᠲᠦᠮᠡᠨ ᠲᠥᠭᠦᠷᠢᠭ ᠬᠠᠰᠤᠭᠳᠠᠵᠤ᠂ 4.76% ᠪᠠᠷ ᠪᠠᠭᠤᠷᠠᠪᠠ ︵ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ 10,972 ᠲᠦᠮᠡᠨ ᠲᠥᠭᠦᠷᠢᠭ᠂ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ 32,418 ᠲᠦᠮᠡᠨ ᠲᠥᠭᠦᠷᠢᠭ︶᠂ ᠳᠡᠭᠡᠷ᠎ᠡ ᠵᠢᠯ ᠤᠨ ᠳ᠋ᠦᠩᠨᠡᠨ ᠰᠢᠯᠵᠢᠭᠦᠯᠦᠭᠰᠡᠨ ᠣᠷᠣᠯᠭ᠎ᠠ 33,486 ᠲᠦᠮᠡᠨ ᠲᠥᠭᠦᠷᠢᠭ᠃      2. ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠤᠨ ᠵᠠᠷᠤᠯᠭ᠎ᠠ ᠶᠢ ᠭᠦᠢᠴᠡᠳᠬᠡᠭᠰᠡᠨ ᠪᠠᠶᠢᠳᠠᠯ᠃ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠤᠨ ᠵᠠᠷᠤᠯᠭ᠎ᠠ 58,976 ᠲᠦᠮᠡᠨ ᠲᠥᠭᠦᠷᠢᠭ᠂ ᠵᠢᠯ ᠤᠨ ᠡᠬᠢᠨ ᠤ ᠲᠥᠰᠦᠪ ᠤᠨ 225.34% ᠶᠢ ᠪᠡᠶᠡᠯᠡᠭᠦᠯᠦᠨ᠂ ᠳᠡᠭᠡᠷ᠎ᠡ ᠵᠢᠯ ᠤᠨ ᠬᠢ ᠠᠴᠠ 5,318 ᠲᠦᠮᠡᠨ ᠲᠥᠭᠦᠷᠢᠭ ᠨᠡᠮᠡᠭᠳᠡᠵᠦ᠂ 9.91% ᠪᠠᠷ ᠨᠡᠮᠡᠭᠳᠡᠪᠡ᠃      ᠬᠤᠰᠢᠭᠤᠨ ᠤ ᠲᠣᠰ ᠱᠠᠲᠤᠨ ᠤ ᠵᠠᠷᠤᠯᠭ᠎ᠠ 40,480 ᠲᠦᠮᠡᠨ ᠲᠥᠭᠦᠷᠢᠭ᠂ ᠳᠡᠭᠡᠷ᠎ᠡ ᠵᠢᠯ ᠤᠨ ᠬᠢ ᠠᠴᠠ 11,707 ᠲᠦᠮᠡᠨ ᠲᠥᠭᠦᠷᠢᠭ ᠬᠠᠰᠤᠭᠳᠠᠵᠤ᠂ 22.43% ᠪᠠᠷ ᠪᠠᠭᠤᠷᠠᠪᠠ ︵ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ 936 ᠲᠦᠮᠡᠨ ᠲᠥᠭᠦᠷᠢᠭ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ 7,133 ᠲᠦᠮᠡᠨ ᠲᠥᠭᠦᠷᠢᠭ᠂ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ 32,383 ᠲᠦᠮᠡᠨ ᠲᠥᠭᠦᠷᠢᠭ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ 28 ᠲᠦᠮᠡᠨ ᠲᠥᠭᠦᠷᠢᠭ︶᠂ ᠳᠡᠭᠡᠳᠦ ᠱᠠᠲᠤᠨ ᠳᠤ ᠲᠤᠰᠢᠶᠠᠬᠤ ᠵᠠᠷᠤᠯᠭ᠎ᠠ 18,496 ᠲᠦᠮᠡᠨ ᠲᠥᠭᠦᠷᠢᠭ᠃      ᠣᠷᠣᠯᠭ᠎ᠠ ᠵᠠᠷᠤᠯᠭ᠎ᠠ ᠶᠢ ᠲᠤᠯᠭᠠᠨ ᠬᠠᠰᠤᠭᠰᠠᠨ ᠤ ᠳᠠᠷᠠᠭ᠎ᠠ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠦᠪ ᠤᠨ ᠵᠢᠯ ᠤᠨ ᠡᠴᠦᠰ ᠤᠨ ᠦᠯᠡᠳᠡᠪᠦᠷᠢ 17,901 ᠲᠦᠮᠡᠨ ᠲᠥᠭᠦᠷᠢᠭ ᠪᠣᠯᠤᠨ᠎ᠠ᠃      ︵ᠲᠠᠪᠤ︶ ᠵᠠᠰᠠᠭ ᠤᠨ ᠣᠷᠳᠣᠨ ᠤ ᠥᠷᠢ ᠥᠭᠴᠡᠭᠡ ᠶᠢᠨ ᠪᠠᠶᠢᠳᠠᠯ᠃      2020 ᠣᠨ ᠤ 12 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠬᠤᠰᠢᠭᠤᠨ ᠤ ᠥᠷᠢ ᠥᠭᠴᠡᠭᠡᠨ ᠤ ᠶᠡᠷᠦᠩᠬᠡᠶ ᠦᠯᠡᠳᠡᠪᠦᠷᠢ ᠲᠤᠭ᠎ᠠ ᠨᠢ 818,816 ᠲᠦᠮᠡᠨ ᠲᠥᠭᠦᠷᠢᠭ ᠪᠠᠶᠢᠵᠤ᠂ ᠡᠭᠦᠨ ᠳᠤ ᠬᠢᠵᠠᠭᠠᠷ ᠲᠤᠭ᠎ᠠ ᠳᠣᠲᠣᠷᠠᠬᠢ ᠵᠠᠰᠠᠭ ᠤᠨ ᠣᠷᠳᠣᠨ ᠤ ᠥᠷᠢ ᠥᠭᠴᠡᠭᠡᠨ ᠤ ᠦᠯᠡᠳᠡᠪᠦᠷᠢ ᠲᠤᠭ᠎ᠠ ᠨᠢ 693,538 ᠲᠦᠮᠡᠨ ᠲᠥᠭᠦᠷᠢᠭ ᠪᠣᠯᠤᠨ᠎ᠠ᠃ ᠬᠢᠵᠠᠭᠠᠷᠯᠠᠭᠰᠠᠨ ᠲᠣᠭᠠᠨ ᠤ ᠳᠣᠲᠣᠷ᠎ᠠ ᠵᠠᠰᠠᠭ ᠤᠨ ᠣᠷᠳᠣᠨ ᠤ ᠥᠷᠢ ᠥᠭᠴᠡᠭᠡ ᠶᠢ ᠲᠥᠷᠦᠯ ᠵᠦᠢᠯ ᠢᠶᠠᠷ ᠨᠢ᠄ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ 184,057 ᠲᠦᠮᠡᠨ ᠲᠥᠭᠦᠷᠢᠭ  ᠪᠠᠶᠢᠵᠤ᠂ ᠭᠤᠣᠯᠳᠠᠭᠤ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠠᠮᠢ ᠠᠬᠤᠢ ᠶᠢᠨ ᠬᠠᠮᠠᠭᠠᠯᠠᠯᠲᠠ᠂ ᠬᠤᠲᠠ  ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ ᠤᠨ ᠠᠰᠢᠭᠯᠠᠯᠲᠠ ᠪᠠ ᠬᠠᠮᠠᠭᠠᠯᠠᠯᠲᠠ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠲᠥᠷᠦᠯ ᠵᠦᠢᠯ ᠵᠢᠴᠢ ᠡᠮᠴᠢᠯᠡᠭᠡ᠂ ᠪᠠᠶᠢᠰᠢᠩ ᠭᠡᠷ ᠤᠨ ᠲᠣᠭᠤᠷᠢᠭ  ᠤᠨ ᠥᠭᠡᠷᠡᠴᠢᠯᠡᠯᠲᠡ᠂ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ᠂ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ᠂ ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠵᠡᠷᠭᠡ ᠲᠣᠰ ᠪᠡᠶ᠎ᠡ ᠶᠢᠨ ᠠᠰᠢᠭ ᠣᠯᠵᠠᠪᠤᠷᠢ ᠲᠠᠢ ᠲᠥᠷᠦᠯ ᠵᠦᠢᠯ ᠳᠤ ᠬᠡᠷᠡᠭᠯᠡᠨ᠎ᠡ︔ ᠵᠢᠭᠡᠯᠡᠯᠭᠡ ᠶᠢᠨ ᠲᠡᠮᠳᠡᠭᠲᠦ ᠶᠢ 424,323 ᠲᠦᠮᠡᠨ ᠲᠥᠭᠦᠷᠢᠭ ᠰᠣᠯᠢᠵᠤ᠂ ᠭᠤᠤᠯᠳᠠᠭᠤ ᠬᠤᠭᠤᠴᠠᠭ᠎ᠠ ᠨᠢ ᠲᠤᠯᠤᠭᠰᠠᠨ ᠥᠷᠢ ᠥᠭᠴᠡᠭᠡ ᠶᠢ ᠰᠣᠯᠢᠪᠠ︔ ᠳᠠᠬᠢᠨ ᠪᠡᠯᠡ ᠬᠤᠷᠠᠮᠳᠤᠭᠤᠯᠬᠤ ᠵᠢᠭᠡᠯᠡᠯᠭᠡ ᠶᠢᠨ ᠲᠡᠮᠳᠡᠭᠲᠦ ᠶᠢ 85,158 ᠲᠦᠮᠡᠨ ᠲᠥᠭᠦᠷᠢᠭ ᠲᠣᠬᠢᠷᠠᠭᠤᠯᠵᠤ᠂ ᠬᠤᠭᠤᠴᠠᠭ᠎ᠠ  ᠨᠢ ᠲᠤᠯᠤᠭᠰᠠᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠰᠣᠯᠢᠪᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号