2021 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠤᠨ ᠲᠤᠬᠠᠢ ᠮᠡᠳᠡᠭᠦᠯᠦᠯᠲᠡ ︵ᠬᠤᠶᠠᠷ︶
ᠨᠡᠶᠢᠲᠡᠯᠡᠭᠰᠡᠨ ᠴᠠᠭ᠄
2021/5/6
     ᠬᠤᠶᠠᠷ᠂ 2020 ᠣᠨ ᠤ ᠭᠤᠣᠯᠳᠠᠯᠭᠠᠲᠤ ᠠᠵᠢᠯ ᠢ ᠪᠡᠶᠡᠯᠡᠭᠦᠯᠦᠭᠰᠡᠨ ᠪᠠᠶᠢᠳᠠᠯ      ︵ᠨᠢᠭᠡ︶ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢ ᠳᠡᠮᠵᠢᠪᠡ      1. ᠬᠦᠨᠳᠦ ᠶᠡᠭᠡ ᠠᠶᠤᠯ ᠲᠦᠭᠰᠢᠭᠦᠷᠢ ᠶᠢ ᠢᠳᠡᠪᠬᠢᠲᠡᠶ ᠰᠡᠷᠭᠡᠶᠢᠯᠡᠨ ᠠᠷᠢᠯᠭᠠᠪᠠ      ︽ᠰᠡᠷᠭᠡᠶᠢᠯᠡᠬᠦ︾ ᠶᠢ ᠲᠡᠷᠢᠭᠦᠨ ᠳᠤ ᠲᠠᠯᠪᠢᠬᠤ᠂ ︽ᠠᠷᠢᠯᠭᠠᠬᠤ︾ ᠪᠠᠷ ᠭᠤᠤᠯ ᠪᠣᠯᠭᠠᠬᠤ᠂ ︽ᠰᠠᠬᠢᠬᠤ︾  ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠢᠳᠡᠪᠬᠢᠲᠡᠶ ᠠᠷᠢᠯᠭᠠᠬᠤ᠂ ᠨᠡᠮᠡᠭᠳᠡᠯ  ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠬᠤ ᠵᠠᠷᠴᠢᠮ ᠶᠣᠰᠣᠭᠠᠷ᠂ ᠲᠥᠰᠦᠪ ᠤᠨ ᠲᠣᠬᠢᠷᠠᠭᠤᠯᠤᠯᠲᠠ᠂ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢᠨ ᠲᠣᠬᠢᠷᠠᠭᠤᠯᠤᠯᠲᠠ᠂ ᠥᠷᠢ ᠥᠭᠴᠡᠭᠡ ᠠᠷᠢᠯᠭᠠᠭᠰᠠᠨ ᠱᠠᠩᠨᠠᠯ  ᠤᠨ ᠪᠠᠯᠠ ᠮᠥᠩᠭᠦ ᠶᠢᠨ ᠲᠣᠬᠢᠷᠠᠭᠤᠯᠤᠯᠲᠠ᠂ ᠥᠷᠢ ᠥᠭᠴᠡᠭᠡ ᠶᠢ ᠬᠠᠷᠭᠤᠭᠤᠯᠤᠨ ᠲᠠᠶᠢᠯᠬᠤ ᠵᠡᠷᠭᠡ ᠠᠷᠭ᠎ᠠ ᠮᠠᠶ᠋ᠢᠭ  ᠢᠶᠠᠷ ᠳᠠᠮᠵᠢᠭᠤᠯᠤᠨ᠂ 2020 ᠣᠨ ᠳᠤ ᠨᠡᠶᠢᠲᠡ 4.8 ᠳ᠋ᠦᠩᠰᠢᠭᠤᠷ ᠲᠥᠭᠦᠷᠢᠭ ᠦᠷᠢ ᠥᠭᠴᠡᠭᠡ ᠶᠢ ᠠᠷᠢᠯᠭᠠᠬᠤ ᠡᠭᠦᠷᠭᠡ ᠶᠢ ᠪᠤᠳᠠᠳᠠᠢ ᠪᠡᠶᠡᠯᠡᠭᠦᠯᠪᠡ᠂ ᠡᠭᠦᠨ ᠳᠤ ᠳᠠᠯᠳᠠ ᠥᠷᠢ ᠥᠭᠴᠡᠭᠡ ᠶᠢᠨ ᠡᠬᠡ ᠮᠥᠩᠭᠦ 1.9 ᠳ᠋ᠦᠩᠰᠢᠭᠤᠷ ᠲᠥᠭᠦᠷᠢᠭ ᠪᠠᠭᠳᠠᠵᠤ᠂ ᠥᠷᠢ ᠥᠭᠴᠡᠭᠡ ᠶᠢ ᠠᠷᠢᠯᠭᠠᠬᠤ ᠡᠭᠦᠷᠭᠡ ᠶᠢᠨ 90.86% ᠶᠢ ᠪᠡᠶᠡᠯᠡᠭᠦᠯᠪᠡ︔ ᠳᠠᠯᠳᠠ ᠦᠷᠢ ᠥᠭᠴᠡᠭᠡᠨ ᠤ ᠬᠦᠦ ᠮᠥᠩᠭᠦ 0.35 ᠳ᠋ᠦᠩᠰᠢᠭᠤᠷ ᠲᠥᠭᠦᠷᠢᠭ︔ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠬᠦᠦ ᠮᠥᠩᠭᠦ ᠵᠢᠴᠢ ᠡᠬᠡ ᠮᠥᠩᠭᠦ 2.55 ᠳ᠋ᠦᠩᠰᠢᠭᠤᠷ ᠲᠥᠭᠦᠷᠢᠭ᠃ ᠳᠠᠬᠢᠨ ᠪᠡᠯᠡ ᠬᠤᠷᠠᠮᠳᠤᠭᠤᠯᠬᠤ ᠵᠢᠭᠡᠯᠡᠯᠭᠡ ᠶᠢᠨ ᠲᠡᠮᠳᠡᠭᠲᠦ ᠶᠢ 5.28 ᠳ᠋ᠦᠩᠰᠢᠭᠤᠷ ᠲᠥᠭᠦᠷᠢᠭ ᠲᠡᠮᠡᠴᠡᠨ ᠣᠯᠵᠤ ᠂ ᠡᠮᠦᠨᠡᠬᠢ ᠵᠢᠯ ᠤᠨ ᠵᠢᠭᠡᠯᠡᠯᠭᠡ ᠶᠢᠨ ᠲᠡᠮᠳᠡᠭᠲᠦ ᠶᠢᠨ ᠡᠬᠡ ᠮᠥᠩᠭᠦ ᠶᠢ ᠪᠤᠴᠠᠭᠠᠨ ᠥᠭᠴᠦ᠂ ᠵᠠᠰᠠᠭ ᠤᠨ ᠣᠷᠳᠣᠨ  ᠤ ᠵᠣᠭᠤᠰ ᠪᠤᠴᠠᠭᠠᠬᠤ ᠳᠠᠷᠤᠯᠲᠠ ᠶᠢ ᠪᠦᠲᠦᠮᠵᠢᠲᠡᠢ ᠨᠠᠮᠳᠠᠭᠤᠯᠪᠠ᠃      2. ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠶᠢ ᠬᠦᠴᠦᠲᠡᠶ ᠳᠡᠮᠵᠢᠪᠡ      2020 ᠣᠨ ᠳᠤ ᠶᠠᠳᠠᠭᠤ ᠶᠢ ᠲᠡᠳᠬᠦᠬᠦ ᠪᠠᠯᠠ ᠮᠥᠩᠭᠦ 21,212 ᠲᠦᠮᠡᠨ ᠲᠥᠭᠦᠷᠢᠭ ᠣᠷᠣᠭᠤᠯᠵᠤ᠂ ᠡᠭᠦᠨ ᠳᠤ ᠲᠥᠪ ᠤᠨ ᠪᠠᠯᠠ ᠮᠥᠩᠭᠦ 300 ᠲᠦᠮᠡᠨ ᠲᠥᠭᠦᠷᠢᠭ᠂ ᠥᠪᠡᠷᠲᠡᠭᠡᠨ ᠵᠠᠰᠠᠬᠤ ᠣᠷᠣᠨ ᠤ ᠪᠠᠯᠠ ᠮᠥᠩᠭᠦ 14,767 ᠲᠦᠮᠡᠨ ᠲᠥᠭᠦᠷᠢᠭ᠂ ᠬᠤᠲᠠ ᠶᠢᠨ ᠱᠠᠲᠤᠨ ᠤ ᠪᠠᠯᠠ ᠮᠥᠩᠭᠦ 1,208 ᠲᠦᠮᠡᠨ ᠲᠥᠭᠦᠷᠢᠭ᠂ ᠬᠤᠰᠢᠭᠤᠨ ᠤ ᠲᠤᠰ ᠱᠠᠲᠤᠨ ᠤ ᠪᠠᠯᠠ ᠮᠥᠩᠭᠦ 1,084 ᠲᠦᠮᠡᠨ ᠲᠥᠭᠦᠷᠢᠭ᠂ ᠥᠩᠭᠡᠷᠡᠭᠰᠡᠨ ᠵᠢᠯ ᠤᠨ ᠦᠯᠡᠳᠡᠪᠦᠷᠢ ᠪᠠᠯᠠ ᠮᠥᠩᠭᠦ ᠶᠢ 3,853 ᠲᠦᠮᠡᠨ ᠲᠥᠭᠦᠷᠢᠭ ᠡᠮᠬᠢᠯᠡᠨ ᠨᠡᠶᠢᠯᠡᠭᠦᠯᠪᠡ᠃ ᠣᠳᠣᠬᠠᠨ ᠪᠣᠯᠲᠠᠯ᠎ᠠ᠂ ᠨᠢᠭᠡᠨᠲᠡ 18,264 ᠲᠦᠮᠡᠨ ᠲᠥᠭᠦᠷᠢᠭ ᠤᠨ ᠪᠡᠯᠡ ᠮᠥᠩᠭᠦ ᠵᠠᠷᠤᠴᠠᠭᠤᠯᠵᠤ᠂ ᠵᠠᠷᠤᠴᠠᠭᠤᠯᠤᠭᠰᠠᠨ ᠠᠬᠢᠴᠠ ᠨᠢ 86.1% ᠳᠤ ᠬᠦᠷᠴᠡᠢ᠃      3. ᠪᠣᠬᠢᠷᠲᠤᠯ ᠢ ᠰᠡᠷᠭᠡᠶᠢᠯᠡᠨ ᠵᠠᠰᠠᠬᠤ ᠳᠤ ᠪᠡᠯᠡ ᠣᠷᠣᠭᠤᠯᠬᠤ ᠡᠷᠴᠢᠮ ᠢ ᠴᠢᠩᠭᠠᠷᠠᠭᠤᠯᠪᠠ᠃      2020 ᠣᠨ ᠳᠤ᠂ ᠬᠤᠰᠢᠭᠤᠨ ᠤ ᠲᠣᠰ ᠱᠠᠲᠤᠨ ᠠᠴᠠ 290 ᠲᠦᠮᠡᠨ ᠲᠥᠭᠦᠷᠢᠭ ᠤᠨ ᠲᠥᠷᠥᠯ ᠵᠦᠶᠯ  ᠤᠨ ᠪᠠᠯᠠ ᠮᠥᠩᠭᠦ ᠳᠣᠭᠢᠷᠠᠭᠤᠯᠵᠤ᠂ ᠠᠮᠢ ᠠᠬᠤᠶ ᠶᠢᠨ ᠢᠨᠵᠧᠨᠧᠷᠢᠩ ᠪᠠ ᠠᠭᠠᠷ ᠮᠠᠨᠳᠠᠯ᠂ ᠬᠥᠷᠥᠰᠥ ᠰᠢᠷᠣᠶ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠬᠡᠷᠡᠭᠵᠢᠭᠦᠯᠵᠦ᠂ ᠠᠮᠢ ᠠᠬᠤᠶ ᠪᠠ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠪᠠ᠃      ︵ᠬᠤᠶᠠᠷ︶ ᠠᠷᠠᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠲᠠᠰᠤᠷᠠᠯᠲᠠ ᠥᠬᠡᠶ ᠨᠡᠮᠡᠭᠳᠡᠭᠦᠯᠪᠡ      1. ᠰᠤᠷᠭᠠᠨ ᠬᠥᠮᠦᠵᠢᠯ ᠤᠨ ᠬᠦᠷᠢᠶ᠎ᠡ ᠬᠡᠪᠴᠢᠶᠡᠨ ᠳᠠᠬᠢ ᠪᠡᠯᠡ ᠣᠷᠣᠭᠤᠯᠤᠯᠲᠠ ᠶᠢ ᠦᠷᠭᠦᠯᠵᠢᠯᠡᠭᠦᠯᠪᠡ      2020 ᠣᠨ ᠳᠤ᠂ ᠬᠤᠰᠢᠭᠤᠨ ᠤ ᠲᠣᠰ ᠱᠠᠲᠤᠨ ᠠᠴᠠ ᠵᠠᠷᠤᠳᠠᠯ ᠪᠣᠯᠤᠨ ᠲᠥᠷᠥᠯ ᠵᠦᠶᠯ ᠤᠨ ᠪᠠᠯᠠ ᠮᠥᠩᠭᠦ ᠶᠢ 3,108 ᠲᠦᠮᠡᠨ ᠲᠥᠭᠦᠷᠢᠭ ᠲᠣᠬᠢᠷᠠᠭᠤᠯᠵᠤ᠂ ᠳᠡᠭᠡᠳᠦ ᠱᠠᠲᠤᠨ ᠤ ᠲᠤᠰᠬᠠᠶ ᠪᠠᠯᠠ ᠮᠥᠩᠭᠦ ᠶᠢ 6,928 ᠲᠦᠮᠡᠨ ᠲᠥᠭᠦᠷᠢᠭ ᠲᠡᠮᠡᠴᠡᠨ ᠣᠯᠵᠤ᠂ ᠡᠩ ᠤᠨ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ 6,000 ᠲᠦᠮᠡᠨ ᠲᠥᠭᠦᠷᠢᠭ ᠢ ᠪᠢᠷᠠᠭᠤ ᠭᠤᠷᠪᠠᠳᠤᠭᠠᠷ ᠪᠠᠭ᠎ᠠ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠳᠤ ᠬᠡᠷᠡᠭᠯᠡᠵᠦ᠂ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ 3,000 ᠲᠦᠮᠡᠨ ᠲᠥᠭᠦᠷᠢᠭ ᠢ ᠭᠤᠷᠪᠠᠳᠤᠭᠠᠷ᠂ ᠳᠥᠷᠪᠡᠳᠦᠭᠡᠷ ᠬᠡᠦᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠪᠡ᠃ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢ ᠳᠡᠮᠵᠢᠵᠦ᠂ ᠭᠡᠷ ᠤᠨ ᠢᠶᠠᠨ ᠣᠶᠢᠷ᠎ᠠ ᠬᠠᠪᠢ ᠳᠤ ᠰᠤᠷᠭᠠᠭᠤᠯᠢ ᠳᠤ ᠣᠷᠣᠬᠤ ᠨᠥᠬᠦᠴᠡᠯ ᠢ ᠬᠠᠩᠭᠠᠵᠤ᠂ ︽ᠰᠤᠷᠭᠠᠭᠤᠯᠢ ᠳᠤ ᠣᠷᠣᠬᠤ ᠳᠤ ᠬᠦᠴᠢᠷᠲᠡᠶ︾ ᠪᠠᠶᠢᠬᠤ ᠠᠰᠠᠭᠤᠳᠠᠯ ᠢ ᠰᠢᠶᠳᠪᠦᠷᠢᠯᠡᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ  ᠶᠢᠨ ᠵᠠᠷᠤᠳᠠᠯ ᠤᠨ ᠬᠡᠪ ᠤᠨ ᠠᠵᠢᠯᠯᠠᠭᠠᠨ ᠢ ᠪᠠᠲᠤᠯᠠᠵᠤ᠂ ᠡᠯ᠎ᠡ ᠵᠦᠶᠯ ᠤᠨ ᠰᠤᠷᠤᠭᠴᠢᠳ ᠤᠨ ᠲᠡᠳᠭᠦᠮᠵᠢ᠂ ᠨᠥᠬᠦᠪᠥᠷᠢ ᠶᠢ ᠲᠣᠭᠲᠠᠭᠠᠭᠰᠠᠨ ᠴᠠᠭ ᠬᠤᠭᠤᠴᠠᠭ᠎ᠠ ᠪᠣᠯᠤᠨ ᠱᠠᠭᠠᠷᠳᠠᠯᠭ᠎ᠠ ᠶᠣᠰᠣᠭᠠᠷ ᠨᠠᠶᠢᠳᠠᠪᠤᠷᠢᠵᠢᠭᠤᠯᠬᠤ ᠶᠢ ᠪᠠᠲᠤᠯᠠᠵᠤ᠂ ᠵᠠᠷᠤᠳᠠᠯ ᠢᠶᠠᠷ ᠬᠦᠴᠢᠷᠳᠡᠯᠲᠡᠶ ᠰᠤᠷᠤᠭᠴᠢᠳ ᠤᠨ ᠰᠤᠷᠤᠯᠭ᠎ᠠ ᠪᠠᠨ ᠤᠷᠤᠭᠰᠢᠲᠠᠢ ᠲᠡᠭᠦᠰᠭᠡᠬᠦ ᠶᠢ ᠦᠨᠡᠨ ᠬᠦ ᠪᠠᠲᠤᠯᠠᠵᠤ᠂ ᠰᠤᠷᠤᠭᠴᠢᠳ ᠪᠣᠯᠤᠨ ᠪᠠᠭᠰᠢ ᠨᠠᠷ ᠤᠨ ᠰᠤᠷᠤᠯᠴᠠᠬᠤ ᠪᠠ ᠠᠵᠢᠯᠯᠠᠬᠤ ᠣᠷᠴᠢᠨ ᠲᠣᠭᠤᠷᠢᠨ  ᠢ ᠰᠠᠶᠢᠵᠢᠷᠠᠭᠤᠯᠤᠨ᠂ ᠰᠤᠷᠭᠠᠨ ᠬᠥᠮᠦᠵᠢᠯ ᠢ ᠵᠣᠭᠤᠰ ᠢᠶᠠᠷ ᠲᠤᠰᠠᠯᠠᠬᠤ ᠡᠯ᠎ᠡ ᠵᠦᠶᠯ ᠤᠨ ᠲᠥᠷᠥ ᠶᠢᠨ ᠪᠣᠳᠣᠯᠭ᠎ᠠ  ᠶᠢ ᠨᠠᠶᠢᠳᠠᠪᠤᠷᠢᠵᠢᠭᠤᠯᠪᠠ᠃      2. ᠨᠡᠶᠢᠭᠡᠮ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠤᠢᠭᠡᠢ ᠳᠡᠭᠡᠭᠰᠢᠯᠡᠭᠦᠯᠪᠡ      2020 ᠣᠨ ᠳᠤ᠂ ᠬᠤᠲᠠ ᠪᠠᠯᠭᠠᠰᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠡᠯᠡ ᠮᠥᠩᠭᠦ 1,601 ᠲᠦᠮᠡᠨ ᠲᠥᠭᠦᠷᠢᠭ᠂ ᠮᠠᠯᠵᠢᠬᠤ ᠲᠠᠷᠢᠶᠠᠯᠠᠬᠤ ᠣᠷᠣᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠡᠯᠡ ᠮᠥᠩᠭᠦ 5,930 ᠲᠦᠮᠡᠨ ᠲᠥᠭᠦᠷᠢᠭ᠂ ᠥᠨᠥᠴᠢᠨ ᠬᠡᠦᠬᠡᠳ ᠢ ᠠᠰᠠᠷᠠᠨ ᠬᠥᠮᠦᠵᠢᠭᠦᠯᠬᠦ ᠨᠥᠬᠦᠪᠥᠷᠢ ᠮᠥᠩᠭᠦ 33 ᠲᠦᠮᠡᠨ ᠲᠥᠭᠦᠷᠢᠭ᠂ ᠥᠨᠳᠥᠷ ᠨᠠᠰᠤᠨ ᠤ ᠨᠥᠬᠦᠪᠥᠷᠢ ᠮᠥᠩᠭᠦ 257 ᠲᠦᠮᠡᠨ ᠲᠥᠭᠦᠷᠢᠭ᠂ ᠵᠡᠮᠳᠡᠭᠴᠦᠳ ᠤᠨ ᠬᠤᠶᠠᠷ ᠵᠦᠢᠯ ᠤᠨ ᠨᠥᠬᠦᠪᠥᠷᠢ ᠮᠥᠩᠭᠦ 1,108 ᠲᠦᠮᠡᠨ ᠲᠥᠭᠦᠷᠢᠭ᠂ ᠰᠣᠶᠣᠯ  ᠤᠨ ᠬᠤᠪᠢᠰᠬᠠᠯ ᠤᠨ ᠦᠶ᠎ᠡ ᠶᠢᠨ ︽ᠭᠤᠷᠪᠠᠨ ᠠᠷᠠᠳ︾ ᠤᠨ ᠠᠮᠢᠳᠤᠷᠠᠯ ᠤᠨ ᠨᠥᠬᠦᠪᠥᠷᠢ 133 ᠲᠦᠮᠡᠨ ᠲᠥᠭᠦᠷᠢᠭ᠂ ᠠᠰᠠᠷᠠᠨ ᠬᠠᠷᠠᠭᠠᠯᠵᠠᠬᠤ ᠡᠲᠡᠭᠡᠳ ᠤᠨ ᠠᠰᠠᠷᠠᠮᠵᠢ ᠶᠢᠨ ᠨᠥᠬᠦᠪᠥᠷᠢ ᠮᠥᠩᠭᠦ 422 ᠲᠦᠮᠡᠨ ᠲᠥᠭᠦᠷᠢᠭ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ ᠶᠢᠨ ᠨᠠᠰᠤᠵᠢᠯ ᠤᠨ ᠳᠠᠭᠠᠳᠬᠠᠯ ᠤᠨ ᠨᠥᠬᠦᠪᠥᠷᠢ ᠮᠥᠩᠭᠦ 98 ᠲᠦᠮᠡᠨ ᠲᠥᠭᠦᠷᠢᠭ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠨᠥᠬᠦᠪᠥᠷᠢ 5,831 ᠲᠦᠮᠡᠨ ᠲᠥᠭᠦᠷᠢᠭ ᠲᠠᠷᠬᠠᠭᠠᠪᠠ᠃      ᠲᠠᠩᠰᠠ ᠡᠪᠬᠡᠮᠡᠯ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠬᠦᠨᠳᠦ ᠣᠨᠴᠠ ᠶᠡᠭᠡ ᠡᠪᠡᠳᠴᠢᠨ ᠤ ᠡᠮᠴᠢᠯᠡᠭᠡᠨ ᠤ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠵᠤ᠂ ᠦᠨᠳᠦᠰᠦᠨ ᠠᠮᠢᠳᠤᠷᠠᠯ ᠨᠢ ᠲᠦᠷ ᠴᠠᠭ ᠬᠦᠴᠢᠷᠳᠡᠯ ᠳᠤ ᠲᠤᠯᠭᠠᠷᠠᠭᠰᠠᠨ ᠲᠠᠩᠰᠠ ᠡᠪᠬᠡᠮᠡᠯ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠲᠦᠷ ᠴᠠᠭ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠪᠠ᠃ ᠡᠭᠦᠨ ᠤ ᠬᠠᠮᠲᠤ᠂ ᠬᠤᠰᠢᠭᠤᠨ ᠤ ᠲᠣᠰ ᠱᠠᠲᠤᠨ ᠠᠴᠠ 420 ᠲᠦᠮᠡᠨ ᠲᠥᠭᠦᠷᠢᠭ ᠲᠣᠬᠢᠷᠠᠭᠤᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠬᠤᠪᠢ ᠬᠥᠮᠦᠨ ᠤ ᠰᠦᠶᠳᠬᠡᠯ ᠲᠤᠰᠢᠶᠠᠬᠤ ᠬᠡᠰᠡᠭ ᠲᠤ ᠨᠥᠬᠦᠪᠥᠷᠢ ᠥᠭᠴᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠂ ᠬᠦᠨᠳᠦ ᠡᠪᠡᠳᠴᠢᠨ ᠤ ᠳᠠᠭᠠᠳᠬᠠᠯ᠂ ᠨᠥᠬᠦᠪᠥᠷᠢ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠪᠠ ᠬᠦᠨᠳᠦ ᠡᠪᠡᠳᠴᠢᠨ ᠤ ᠪᠠᠲᠤᠯᠠᠭ᠎ᠠ ᠶᠢᠨ ᠬᠠᠶᠢᠷ᠎ᠠ ᠬᠠᠯᠠᠮᠵᠢ ᠶᠢᠨ ᠰᠠᠭᠤᠷᠢ ᠮᠥᠩᠭᠦ ᠶᠢᠨ ︽ᠲᠠᠪᠤᠨ ᠬᠦᠨᠳᠦ︾ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠪᠠ᠃ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠰᠦᠯᠵᠢᠶ᠎ᠡ ᠪᠠᠷ ᠳᠠᠮᠵᠢᠭᠤᠯᠤᠨ᠂ ᠪᠥᠬᠦ ᠬᠤᠲᠠ ᠶᠢᠨ ᠬᠡᠪᠴᠢᠶᠡᠨ ᠳᠤ ᠡᠭᠦᠳᠡᠨ ᠡᠮᠨᠡᠯᠭᠡ ᠳᠤ ᠡᠮᠨᠡᠭᠦᠯᠬᠦ᠂ ᠡᠮᠨᠡᠯᠭᠡ  ᠶᠢᠨ ᠬᠤᠷᠢᠶᠠᠨ ᠳᠤ ᠰᠠᠭᠤᠵᠤ ᠡᠮᠨᠡᠭᠦᠯᠬᠦ ᠪᠠ ᠡᠮ ᠤᠨ ᠳᠡᠯᠭᠡᠭᠦᠷ ᠠᠴᠠ ᠡᠮ ᠬᠤᠳᠠᠯᠳᠤᠨ ᠠᠪᠬᠤ ᠳᠤ ︽ᠭᠠᠵᠠᠷ ᠢᠯᠭᠠᠬᠤ ᠦᠭᠡᠢ︾ ᠲᠠᠰᠤᠯᠤᠨ ᠪᠤᠳᠤᠬᠤ ᠶᠢ ᠪᠡᠶᠡᠯᠡᠭᠦᠯᠪᠡ᠃ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠠᠵᠢᠯ  ᠳᠠᠬᠢ ︽ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ︾ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂ ᠬᠤᠲᠠ ᠶᠢᠨ ︽ᠭᠤᠷᠪᠠ ᠥᠬᠡᠶ ᠬᠥᠮᠦᠰ︾᠂ ᠮᠠᠯᠵᠢᠬᠤ ᠲᠠᠷᠢᠶᠠᠯᠠᠬᠤ ᠣᠷᠣᠨ ᠤ ᠲᠠᠪᠤᠨ ᠪᠠᠲᠤᠯᠠᠭᠠᠲᠤ ᠡᠲᠡᠭᠡᠳ᠂ ᠬᠦᠨᠳᠦ ᠵᠡᠮᠳᠡᠭᠴᠦᠳ᠂ ᠭᠤᠤᠯᠳᠠᠯᠭ᠎ᠠ ᠲᠠᠢ ᠬᠠᠷᠠᠭᠠᠯᠵᠠᠬᠤ ᠡᠲᠡᠭᠡᠳ ᠵᠡᠷᠭᠡ ᠬᠦᠴᠢᠷᠳᠡᠯᠲᠡᠶ ᠣᠯᠠᠨ ᠲᠦᠮᠡᠨ ᠤ ᠡᠪᠡᠳᠴᠢᠨ ᠠᠴᠠ ᠪᠣᠯᠵᠣ ᠳᠠᠬᠢᠨ ᠶᠠᠳᠠᠭᠤᠷᠠᠬᠤ ᠦᠵᠡᠭᠳᠡᠯ ᠭᠠᠷᠬᠤ ᠠᠴᠠ ᠪᠦᠲᠦᠮᠵᠢᠲᠡᠶ ᠵᠠᠶᠢᠯᠠᠰᠬᠢᠪᠡ᠃      3. ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠠᠬᠢᠭᠤᠯᠬᠤ      2020 ᠣᠨ ᠳᠤ᠂ ᠬᠤᠰᠢᠭᠤᠨ ᠤ ᠲᠣᠰ ᠱᠠᠲᠤᠨ ᠠᠴᠠ 73 ᠲᠦᠮᠡᠨ ᠲᠥᠭᠦᠷᠢᠭ ᠤᠨ ᠲᠥᠷᠥᠯ ᠵᠦᠶᠯ  ᠤᠨ ᠪᠠᠯᠠ ᠮᠥᠩᠭᠦ ᠲᠣᠬᠢᠷᠠᠭᠤᠯᠵᠤ᠂ ᠳᠡᠭᠡᠳᠦ ᠱᠠᠲᠤᠨ ᠤ 932 ᠲᠦᠮᠡᠨ ᠲᠥᠭᠦᠷᠢᠭ ᠤᠨ ᠪᠠᠯᠠ ᠮᠥᠩᠭᠦ ᠶᠢ ᠲᠡᠮᠡᠴᠡᠨ ᠣᠯᠵᠤ᠂ ᠤᠷᠠᠨ ᠵᠢᠷᠤᠭ ᠤᠨ ᠣᠷᠳᠣᠨ᠂ ᠣᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ ︵ᠥᠷᠲᠡᠭᠡ︶ ᠢ ᠰᠦᠶᠳᠬᠡᠯ ᠬᠤᠷᠢᠶᠠᠬᠤ ᠥᠬᠡᠶ ᠪᠠᠷ ᠨᠡᠭᠡᠭᠡᠬᠦ᠂ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠤᠷᠤᠯᠳᠤᠭᠠᠨ ᠤ ᠵᠠᠷᠤᠳᠠᠯ᠂ ᠵᠢᠭᠤᠯᠴᠢᠯᠠᠯ ᠤᠨ ᠵᠣᠷᠯᠣᠩ ᠢ ᠬᠠᠮᠠᠭᠠᠯᠠᠬᠤ᠂ ᠤᠯᠠᠭᠠᠨᠮᠥ᠋ᠴᠢᠷ ᠤᠨ ᠬᠥᠭᠵᠢᠯᠲᠡ ᠶᠢ ᠳᠡᠮᠵᠢᠬᠦ ᠵᠡᠷᠭᠡ ᠵᠠᠷᠤᠯᠭ᠎ᠠ ᠳᠤ ᠬᠡᠷᠡᠭᠯᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠤᠨ ᠣᠯᠠᠨ ᠶᠠᠩᠵᠤᠲᠤ ᠴᠢᠨᠠᠷ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠮᠣᠩᠭᠤᠯ ᠦᠨᠳᠦᠰᠦᠲᠡᠨ ᠤ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠪᠠ᠃      4. ᠠᠵᠢᠯ ᠤᠨ ᠪᠠᠶᠢᠷᠢ ᠠᠴᠠ ᠪᠠᠨ ᠪᠠᠭᠤᠭᠰᠠᠳ ᠤᠨ ᠳᠠᠬᠢᠨ ᠠᠳᠠᠯ ᠦᠶᠯᠡᠰ ᠴᠣᠭᠴᠠᠯᠠᠬᠤ ᠶᠢ ᠳᠡᠮᠵᠢᠪᠡ      ᠮᠠᠨ ᠤ ᠲᠣᠪᠴᠢᠶ᠎ᠠ ᠬᠤᠰᠢᠭᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ᠂ ᠰᠢᠦᠳᠠᠨ ᠤ ᠬᠠᠳᠠᠭᠠᠯᠠᠮᠵᠢ  ᠶᠢᠨ ᠪᠠᠩᠬᠢ ᠪᠠ ᠠᠵᠢᠯ ᠣᠯᠭᠤᠯᠲᠠ ᠶᠢᠨ ᠲᠣᠪᠴᠢᠶ᠎ᠠ ᠵᠡᠷᠭᠡ ᠳᠠᠭᠠᠭᠠᠨ ᠭᠦᠶᠴᠡᠳᠬᠡᠬᠦ ᠨᠢᠭᠡᠴᠡ ᠲᠠᠢ ᠢᠳᠡᠪᠬᠢᠲᠡᠶ ᠬᠠᠮᠵᠢᠯᠴᠠᠵᠤ᠂ ᠠᠵᠢᠯ ᠤᠨ ᠪᠠᠶᠢᠷᠢ ᠠᠴᠠ ᠪᠠᠨ ᠪᠠᠭᠤᠵᠤ ᠳᠠᠬᠢᠨ ᠠᠵᠢᠯ ᠣᠯᠭᠤᠬᠤ ᠴᠢᠬᠤᠯᠠᠳᠠᠢ ᠪᠠᠶᠢᠭ᠎ᠠ ᠬᠥᠮᠥᠰ  ᠤᠨ ᠦᠶᠯᠡᠰ ᠴᠣᠭᠴᠠᠯᠠᠬᠤ ᠪᠠᠭ᠎ᠠ ᠲᠣᠭᠠᠨ ᠤ ᠪᠠᠲᠤᠯᠠᠭᠠᠲᠤ ᠵᠢᠭᠡᠯᠡᠯᠭᠡ ᠲᠠᠯᠪᠢᠬᠤ ᠶᠢ ᠳᠡᠮᠵᠢᠬᠦ ᠠᠵᠢᠯ ᠢ ᠴᠢᠷᠮᠠᠶᠢᠨ ᠥᠷᠨᠢᠭᠦᠯᠪᠡ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠥᠳᠡᠯᠮᠦᠷᠢ ᠶᠢᠨ ᠪᠠᠲᠤᠯᠠᠭ᠎ᠠ ᠶᠢᠨ ᠭᠠᠵᠠᠷ ᠠᠴᠠ ᠠᠩᠬᠠᠨ ᠤ ᠬᠢᠨᠠᠯᠲᠠ ᠬᠢᠵᠦ᠂ ᠡᠳ᠋ ᠤᠨ ᠵᠠᠰᠠᠭ ᠤᠨ ᠲᠣᠪᠴᠢᠶ᠎ᠠ᠂ ᠵᠢᠭᠡᠯᠡᠯᠭᠡ ᠲᠠᠯᠪᠢᠬᠤ ᠪᠠᠩᠬᠢ ᠪᠣᠯᠤᠨ ᠬᠤᠰᠢᠭᠤᠨ  ᠤ ᠠᠵᠢᠯ ᠣᠯᠭᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠤᠭᠠᠳ᠂ 2020 ᠣᠨ  ᠳᠤ ᠨᠥᠬᠦᠴᠡᠯ ᠳᠤ ᠨᠡᠶᠢᠴᠡᠬᠦ ᠦᠶᠯᠡᠰ ᠴᠣᠭᠴᠠᠯᠠᠭᠴᠢ ᠳᠤ ᠨᠡᠶᠢᠲᠡ 3,889 ᠲᠦᠮᠡᠨ ᠲᠥᠭᠦᠷᠢᠭ ᠤᠨ ᠪᠠᠭ᠎ᠠ ᠲᠣᠭᠠᠨ ᠤ ᠪᠠᠲᠤᠯᠠᠭᠠᠲᠤ ᠵᠢᠭᠡᠯᠡᠯᠭᠡ ᠲᠠᠯᠪᠢᠵᠤ᠂ ᠳᠡᠭᠡᠳᠦ ᠱᠠᠲᠤᠨ ᠤ ᠡᠳ᠋ ᠤᠨ ᠵᠠᠰᠠᠭ ᠤᠨ ᠣᠷᠣᠯᠠᠨ ᠥᠭᠬᠦ ᠬᠦᠦ ᠮᠥᠩᠭᠦ ᠶᠢ 145 ᠲᠦᠮᠡᠨ ᠲᠥᠭᠦᠷᠢᠭ ᠭᠤᠶᠤᠴᠢᠯᠠᠭᠰᠠᠨ ᠪᠠᠶᠢᠨ᠎ᠠ᠃      ︵ᠭᠤᠷᠪᠠ︶ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠯᠠᠪᠳᠠᠭᠤᠨ ᠪᠠᠲᠤᠲᠠᠶ ᠠᠬᠢᠭᠤᠯᠪᠠ      ᠲᠠᠷᠢᠶᠠᠯᠠᠩ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠪᠠ᠃ ︽ᠪᠦᠷᠢᠨ ᠴᠢᠳᠠᠮᠵᠢᠲᠦ ᠺᠠᠷᠲ ᠤᠨ ᠠᠷᠠᠳ ᠤᠨ ᠠᠮᠢᠲᠦᠷᠠᠯ ᠤᠨ ᠤᠶᠢᠯᠡᠴᠢᠯᠡᠭᠡ ᠶᠢᠨ ᠳᠠᠪᠴᠠᠩ︾ ᠤᠨ ᠰᠢᠰᠲ᠋ᠧᠮ  ᠢᠶᠠᠷ ᠳᠠᠮᠵᠢᠭᠤᠯᠤᠨ ᠮᠠᠯᠴᠢᠨ ᠲᠠᠷᠢᠶᠠᠴᠢᠨ ᠳᠤ ᠠᠰᠢᠭ ᠬᠦᠷᠳᠡᠭᠡᠵᠦ ᠨᠥᠬᠦᠪᠥᠷᠢ ᠣᠯᠭᠤᠬᠤ 8 ᠬᠦᠷᠢᠶ᠎ᠡ ᠴᠠᠷᠠᠭ᠎ᠠ  ᠶᠢᠨ 46 ᠵᠤᠶᠢᠯ ᠤᠨ 58 ᠲᠥᠷᠥᠯ ᠳᠤ ᠨᠡᠶᠢᠲᠡ 51,066 ᠲᠦᠮᠡᠨ ᠲᠥᠭᠦᠷᠢᠭ ᠣᠯᠭᠤᠵᠤ᠂ ᠨᠡᠶᠢᠲᠡ 649462 ᠬᠥᠮᠦᠨ ᠤᠳᠠᠭ᠎ᠠ ᠳᠤ ᠣᠯᠭᠤᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠦᠶᠯᠡᠳᠪᠦᠷᠢᠯᠡᠯ ᠤᠨ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠪᠡ᠃ ᠮᠠᠯ ᠠᠵᠦ ᠠᠬᠤᠢ ᠲᠠᠷᠢᠶᠠᠯᠠᠩ ᠤᠨ ᠳᠠᠭᠠᠳᠬᠠᠯ ᠤᠨ ᠲᠠᠷᠢᠶᠠᠯᠠᠩ ᠣᠶ ᠰᠢᠭᠤᠶ ᠶᠢᠨ ᠦᠶᠯᠡᠳᠪᠦᠷᠢᠯᠡᠯ ᠤᠨ ᠬᠥᠭᠵᠢᠯᠲᠡ ᠶᠢ ᠳᠡᠮᠵᠢᠬᠦ ᠪᠠ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ 125 ᠲᠦᠮᠡᠨ ᠲᠥᠭᠦᠷᠢᠭ ᠤᠨ ᠲᠠᠷᠢᠶᠠᠯᠠᠩ ᠤᠨ ᠳᠠᠭᠠᠳᠬᠠᠯ ᠤᠨ ᠬᠤᠰᠢᠭᠤ ᠲᠠᠰ ᠤᠨ ᠢᠵᠢ ᠪᠥᠷᠢᠳᠦᠭᠦᠯᠬᠦ ᠪᠠᠯᠠ ᠮᠥᠩᠭᠦ ᠪᠠᠭᠤᠯᠭᠠᠵᠤ᠂ ᠮᠠᠯ ᠠᠵᠤ ᠠᠬᠤᠶ ᠲᠠᠷᠢᠶᠠᠯᠠᠩ ᠦᠶᠯᠡᠳᠪᠦᠷᠢᠯᠡᠯ ᠤᠨ ᠲᠦᠭᠰᠢᠭᠦᠷᠢ ᠶᠢ ᠪᠦᠲᠦᠮᠵᠢᠲᠡᠶ ᠠᠷᠢᠯᠭᠠᠪᠠ᠃      ᠮᠠᠨ ᠤ ᠬᠤᠰᠢᠭᠤᠨ ᠤ ᠭᠠᠴᠠᠭ᠎ᠠ ᠲᠣᠰᠬᠤᠨ ᠤ ᠱᠠᠲᠤᠨ ᠤ ᠨᠡᠶᠢᠲᠡ ᠶᠢᠨ ᠠᠰᠠᠷᠠᠮᠵᠢ ᠶᠢᠨ ᠦᠶᠯᠡᠰ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠵᠡᠷᠭᠡ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠠᠬᠢᠭᠤᠯᠬᠤ ᠶᠢᠨ ᠲᠥᠯᠥᠭᠡ᠂ ᠳᠡᠭᠡᠳᠦ ᠱᠠᠲᠤᠨ ᠤ ᠠᠵᠢᠯ ᠤᠨ ᠱᠠᠭᠠᠷᠳᠠᠯᠭ᠎ᠠ ᠪᠠ ᠳᠡᠭᠡᠳᠦ ᠱᠠᠲᠤᠨ ᠤ ᠵᠢᠯᠣᠭᠤᠳᠣᠯᠭ᠎ᠠ ᠳᠣᠤᠷ᠎ᠠ᠂ ᠭᠠᠴᠠᠭ᠎ᠠ ᠲᠣᠰᠬᠤᠨ ᠤ ᠱᠠᠲᠤᠨ ᠤ ᠨᠡᠶᠢᠲᠡ  ᠶᠢᠨ ᠠᠰᠠᠷᠠᠮᠵᠢ ᠶᠢᠨ ᠦᠶᠯᠡᠰ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠨᠤᠲᠠᠯᠠᠯᠲᠠ ᠪᠠ ᠨᠥᠭᠡᠴᠡᠯᠡᠬᠦ ᠠᠵᠢᠯ ᠢ ᠢᠳᠡᠪᠬᠢᠲᠡᠶ ᠥᠷᠨᠢᠭᠦᠯᠵᠦ᠂ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠢ ᠵᠤᠭᠢᠴᠠᠭᠤᠯᠤᠨ ᠵᠢᠯᠤᠭᠤᠳᠴᠦ ᠰᠤᠮᠤ ᠰᠢᠶᠠᠩ ᠪᠠᠯᠭᠠᠰᠤ ᠪᠠ ᠭᠠᠴᠠᠭ᠎ᠠ ᠲᠣᠰᠬᠤᠨ ᠤ ᠪᠦᠬᠦᠯᠢ ᠴᠣᠭᠴᠠ ᠶᠢᠨ ᠲᠥᠯᠥᠪᠵᠢᠭᠦᠯᠭᠡ᠂ ᠭᠠᠴᠠᠭ᠎ᠠ ᠲᠣᠰᠬᠤᠨ ᠤ  ᠦᠨᠲᠦᠰᠦᠨ ᠨᠥᠬᠦᠴᠡᠯ᠂ ᠭᠠᠴᠠᠭ᠎ᠠ ᠲᠣᠰᠬᠤᠨ ᠤ ᠠᠷᠠᠳ ᠤᠨ ᠬᠦᠰᠡᠯ ᠡᠷᠡᠮᠡᠯᠵᠡᠯ᠂ ᠵᠠᠰᠠᠭ ᠤᠨ ᠣᠷᠳᠣᠨ ᠤ ᠪᠤᠰᠤ ᠪᠡᠯᠡ ᠣᠷᠣᠭᠤᠯᠤᠯᠲᠠ ᠵᠢᠴᠢ ᠲᠣᠰ ᠱᠠᠲᠤᠨ ᠤ ᠲᠥᠰᠦᠪ ᠤᠨ ᠲᠣᠬᠢᠷᠠᠭᠤᠯᠤᠯᠲᠠ ᠵᠡᠷᠭᠡ ᠪᠠᠶᠢᠳᠠᠯ ᠤᠨ ᠲᠣᠭᠤᠷᠢᠨ ᠳᠤ ᠨᠠᠷᠢᠨ ᠬᠢᠨᠠᠮᠠᠭᠠᠶ ᠨᠥᠭᠡᠴᠡᠯᠡᠬᠦ ᠪᠠ ᠬᠢᠨᠠᠨ ᠬᠠᠷᠭᠤᠭᠤᠯᠬᠤ ᠶᠢᠨ ᠬᠠᠮᠲᠤ ᠬᠤᠰᠢᠭᠤ ᠰᠢᠶᠠᠨ ᠤ ᠲᠥᠷᠥᠯ ᠵᠦᠶᠯ ᠤᠨ ᠬᠥᠮᠥᠷᠭᠡ ᠳᠤ ᠤᠷᠤᠭᠤᠯᠪᠠ᠃ ᠰᠤᠮᠤ ᠰᠢᠶᠠᠩ ᠪᠠᠯᠭᠠᠰᠤ ᠠᠴᠠ ᠵᠥᠪᠯᠡᠨ ᠲᠣᠭᠲᠠᠭᠠᠬᠤ᠂ ᠲᠣᠪᠴᠢᠶ᠎ᠠ ᠠᠴᠠ ᠬᠠᠷᠢᠭᠤᠴᠠᠬᠤ᠂ ᠬᠤᠲᠠ ᠶᠢᠨ ᠲᠣᠪᠴᠢᠶ᠎ᠠ ᠠᠴᠠ ᠬᠢᠨᠠᠨ ᠬᠠᠷᠭᠤᠭᠤᠯᠬᠤ ᠪᠠᠷ ᠳᠠᠮᠵᠢᠨ᠂ ᠬᠠᠮᠤᠭ ᠡᠴᠦᠰ ᠲᠤ ᠬᠥᠳᠡᠭᠡ ᠲᠣᠰᠬᠤᠨ ᠤ ᠨᠡᠶᠢᠳᠡ ᠶᠢᠨ ᠠᠰᠠᠷᠠᠮᠵᠢ ᠶᠢᠨ ᠦᠢᠯᠡᠰ ᠤᠨ ᠲᠥᠷᠦᠯ ᠵᠦᠢᠯ ᠤᠨ ᠬᠠᠳᠠᠭᠠᠯᠠᠮᠵᠢ ᠶᠢᠨ ᠬᠥᠮᠥᠷᠭᠡ ᠳᠤ ᠣᠷᠣᠭᠤᠯᠬᠤ ᠪᠠᠷ ᠲᠣᠭᠲᠠᠭᠰᠠᠨ ᠲᠥᠷᠦᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ 8,400 ᠲᠦᠮᠡᠨ ᠲᠥᠭᠦᠷᠢᠭ ᠪᠠᠶᠢᠵᠦ᠂ ᠡᠭᠦᠨ ᠳᠤ ᠡᠳ᠋ ᠤᠨ ᠵᠠᠰᠠᠭ ᠤᠨ ᠱᠠᠩᠨᠠᠯ ᠨᠥᠬᠦᠪᠥᠷᠢ 7,560 ᠲᠦᠮᠡᠨ ᠲᠥᠭᠦᠷᠢᠭ᠂ ᠮᠠᠯᠴᠢᠨ ᠲᠠᠷᠢᠶᠠᠴᠢᠨ ᠵᠢᠴᠢ ᠭᠠᠴᠠᠭ᠎ᠠ ᠲᠤᠰᠬᠤᠨ ᠤ ᠬᠠᠮᠲᠦ ᠠᠴᠠ 840 ᠲᠦᠮᠡᠨ ᠲᠥᠭᠦᠷᠢᠭ ᠴᠤᠭᠯᠠᠭᠤᠯᠪᠠ᠃ 2020 ᠣᠨ ᠳᠤ ᠨᠡᠶᠢᠲᠡ 13 ᠰᠤᠮᠤ ᠰᠢᠶᠠᠩ ᠪᠠᠯᠭᠠᠰᠤᠨ ᠳᠤ ᠮᠠᠯᠵᠢᠬᠤ ᠲᠠᠷᠢᠶᠠᠯᠠᠬᠤ ᠣᠷᠣᠨ ᠤ ᠭᠠᠴᠠᠭ᠎ᠠ ᠲᠣᠰᠬᠤᠨ ᠤ ᠱᠠᠲᠤᠨ ᠤ ᠨᠡᠶᠢᠲᠡ  ᠶᠢᠨ ᠠᠰᠠᠷᠠᠮᠵᠢ ᠶᠢᠨ ᠦᠶᠯᠡᠰ ᠤᠨ ᠡᠳ᠋ ᠤᠨ ᠵᠠᠰᠠᠭ ᠤᠨ ᠱᠠᠩᠨᠠᠯ ᠨᠦᠭᠦᠪᠦᠷᠢ ᠶᠢᠨ 64 ᠲᠥᠷᠥᠯ ᠵᠦᠶᠯ ᠢ ᠬᠡᠷᠡᠭᠵᠢᠭᠦᠯᠵᠦ᠂ ᠪᠠᠯᠠ ᠣᠷᠣᠭᠤᠯᠤᠯᠲᠠ ᠶᠢᠨ ᠲᠣᠶᠢᠮᠣ ᠲᠥᠰᠦᠪ 2,581ᠲᠥᠭᠦᠷᠢᠭ ᠪᠠᠶᠢᠵᠦ᠂ ᠡᠭᠦᠨ ᠳᠤ ᠡᠳ᠋  ᠤᠨ ᠵᠠᠰᠠᠭ ᠤᠨ ᠱᠠᠩᠨᠠᠯ ᠨᠥᠬᠦᠪᠥᠷᠢ ᠶᠢᠨ ᠪᠠᠯᠠ ᠮᠥᠩᠭᠦ 2,279 ᠲᠦᠮᠡᠨ ᠲᠥᠭᠦᠷᠢᠭ ᠪᠣᠯᠤᠨ᠎ᠠ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠲᠡᠳᠬᠦᠬᠦ ᠪᠡᠯᠡ ᠮᠥᠩᠭᠦ ᠶᠢ ᠨᠡᠶᠢᠲᠡ 788 ᠲᠦᠮᠡᠨ ᠲᠥᠭᠦᠷᠢᠭ ᠲᠣᠬᠢᠷᠠᠭᠤᠯᠪᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号