2021 ᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠳᠡ ︵ᠨᠢᠭᠡ︶
ᠨᠡᠶᠢᠲᠡᠯᠡᠭᠰᠡᠨ ᠴᠠᠭ᠄
2021/5/7
     ——2021 ᠣᠨ ᠤ 3 ᠰᠠᠷ᠎ᠠ ᠶᠢᠨ 10᠎ ᠤ ᠡᠳᠦᠷ  ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ  ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ      ᠬᠡᠰᠢᠭᠲᠡᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠭᠴᠢ ᠳᠠᠷᠤᠭ᠎ᠠ                                         ᠯᠢ ᠵᠢᠩ ᠬᠤᠸᠠᠲᠥᠯᠥᠭᠡᠯᠡᠭᠴᠢᠳ ᠡ᠄      ᠤᠳᠤ ᠪᠢ ᠬᠡᠰᠢᠭᠲᠡᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠦᠪᠯᠡᠬᠦ ᠪᠣᠯᠪᠠᠤ᠂ ᠡᠭᠦᠨ ᠤ ᠬᠠᠮᠲᠦ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠨ ᠨᠥᠬᠦᠳ ᠠᠴᠠ ᠰᠠᠨᠠᠯ ᠢᠶᠠᠨ ᠳᠤᠷᠠᠳᠬᠤ ᠶᠢ ᠬᠦᠰᠡᠶ᠎ᠡ᠃                  2020 ᠣᠨ ᠤ ᠪᠠᠶᠢᠴᠠᠭᠠᠬᠤ ᠠᠵᠢᠯ ᠤᠨ ᠡᠷᠭᠢᠴᠡᠭᠦᠯᠦᠯ      2020 ᠣᠨ ᠳᠤ ᠬᠡᠰᠢᠭᠲᠡᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠨᠢ ᠬᠤᠰᠢᠭᠤᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠪᠠᠶᠢᠴᠠᠭᠠᠬᠤ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠳᠡᠭᠦᠨ ᠤ ᠪᠠᠶᠢᠩᠭᠤ ᠶᠢᠨ ᠬᠤᠷᠢᠶ᠎ᠠ ᠶᠢᠨ ᠬᠦᠴᠦᠲᠡᠶ ᠬᠢᠨᠠᠯᠲᠠ ᠳᠣᠣᠷ᠎ᠠ᠂ ᠬᠤᠰᠢᠭᠤᠨ ᠤ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠶ ᠳᠡᠮᠵᠢᠯᠭᠡ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠵᠢᠴᠢ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠠ ᠳᠡᠭᠡᠳᠦ ᠱᠠᠲᠤᠨ ᠤ ᠪᠠᠶᠢᠴᠠᠭᠠᠬᠤ ᠪᠠᠶᠢᠭᠤᠯᠤᠯᠭ᠎ᠠ ᠶᠢᠨ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠵᠦ᠂ ᠡᠯ᠎ᠡ ᠵᠦᠢᠯ ᠤᠨ ᠪᠠᠶᠢᠴᠠᠭᠠᠬᠤ ᠠᠵᠢᠯ ᠤᠨ ᠰᠢᠨ᠎ᠡ ᠠᠬᠢᠴᠠ ᠲᠠᠢ ᠪᠣᠯᠬᠤ ᠶᠢ ᠠᠬᠢᠭᠤᠯᠪᠠ᠃      ᠨᠢᠭᠡ᠂ ᠤᠯᠤᠰ ᠲᠥᠷᠥ ᠶᠢ ᠡᠷᠬᠢᠮᠯᠡᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠭᠤᠤᠯ ᠠᠵᠢᠯ ᠤᠨ ᠲᠣᠭᠤᠷᠢᠨ ᠳᠤ ᠬᠥᠭᠵᠢᠯᠲᠡ ᠶᠢᠨ ᠶᠡᠭᠡ ᠲᠠᠯ᠎ᠠ ᠳᠤ ᠤᠶᠢᠯᠡᠴᠢᠯᠡᠪᠡ      ᠪᠠᠶᠢᠴᠠᠭᠠᠬᠤ ᠠᠵᠢᠯ ᠢ ᠬᠤᠰᠢᠭᠤ ᠬᠡᠪᠴᠢᠶᠡᠨ ᠤ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠲᠠᠯᠪᠢᠵᠤ ᠲᠥᠯᠥᠪᠵᠢᠭᠦᠯᠦᠨ ᠠᠬᠢᠭᠤᠯᠪᠠ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠲᠦᠷᠢᠮ︾ ᠪᠠ ︽ᠴᠢᠬᠤᠯᠠ ᠶᠡᠭᠡ ᠤᠴᠢᠷ ᠶᠠᠪᠤᠳᠠᠯ ᠳᠤ ᠵᠢᠭᠠᠪᠤᠷᠢ ᠠᠪᠴᠤ ᠮᠡᠳᠡᠭᠦᠯᠬᠦ ᠲᠦᠷᠢᠮ︾᠎ ᠢ ᠡᠷᠡᠰ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶ᠎ᠠ ᠳᠤ ︽ᠣᠶᠤᠨ ᠤ ᠪᠣᠯᠪᠠᠰᠤᠨ ᠤ ᠪᠠᠶᠢᠭᠤᠯᠤᠯᠲᠠ︾᠂ ︽ᠬᠤᠳᠠᠯᠳᠤᠭ᠎ᠠ ᠡᠷᠭᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ︾ ᠵᠡᠷᠭᠡ ᠠᠵᠢᠯ ᠢ ᠲᠤᠰᠬᠠᠶ ᠰᠡᠳᠦᠪ ᠢᠶᠠᠷ ᠮᠡᠳᠡᠭᠦᠯᠪᠡ᠃ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ᠂ ᠪᠠᠶᠢᠴᠠᠭᠠᠬᠤ ᠠᠵᠢᠯ ᠤᠨ ᠤᠬᠠᠮᠰᠠᠷ ᠢᠶᠠᠷ ᠤᠯᠤᠰ ᠲᠦᠷᠦ ᠶᠢᠨ ᠦᠨᠡᠨᠴᠢ ᠰᠢᠳᠤᠷᠭᠤ ᠶᠢ ᠦᠢᠯᠡᠳᠦᠯᠭᠡᠵᠢᠭᠦᠯᠪᠡ᠃ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ︾᠎ ᠳᠤ ᠢᠳᠡᠪᠬᠢᠲᠡᠶ ᠣᠷᠣᠯᠴᠠᠵᠤ᠂ ᠬᠤᠰᠢᠭᠤᠨ ᠤ ᠰᠢᠭᠦᠬᠦ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠮᠲᠤᠷᠠᠨ ᠲᠦᠷᠢᠮᠵᠢᠭᠰᠡᠨ ᠪᠢᠴᠢᠭ ᠮᠠᠲ᠋ᠧᠷᠢᠶᠠᠯ ᠨᠡᠶᠢᠲᠡᠯᠡᠵᠦ᠂ ᠬᠢᠵᠢᠭ ᠤᠨ ᠠᠶᠤᠯ ᠶᠡᠬᠡᠲᠡᠶ ᠭᠤᠤᠯᠳᠠᠯᠭ᠎ᠠ ᠲᠠᠢ ᠬᠥᠮᠦᠰ ᠢ ᠦᠨᠡᠨ ᠮᠥᠨ ᠢᠶᠠᠷ ᠨᠢ ᠪᠦᠷᠢᠳᠬᠡᠨ ᠮᠡᠳᠡᠭᠦᠯᠵᠦ᠂ ᠬᠢᠵᠢᠭ ᠲᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠪᠥᠭᠡᠳ ᠲᠦᠷᠭᠡᠨ ᠴᠣᠬᠢᠯᠲᠠ ᠥᠭᠴᠦ᠂ ᠪᠥᠬᠦ ᠠᠵᠢᠯᠲᠠᠨ ᠢ ᠨᠡᠶᠢᠭᠡᠮ ᠲᠣᠭᠤᠷᠢᠭ ᠤᠨ ᠵᠢᠵᠢᠭᠦᠷ ᠲᠤ ᠣᠷᠣᠯᠴᠠᠭᠤᠯᠵᠤ᠂ ᠰᠡᠷᠭᠡᠶᠢᠯᠡᠨ ᠡᠵᠡᠮᠳᠡᠬᠦ ᠡᠮᠬᠢ ᠵᠢᠷᠤᠮ ᠢ ᠬᠠᠮᠠᠭᠠᠯᠠᠬᠤ ᠳᠤ ᠬᠦᠴᠦᠨ ᠨᠡᠮᠡᠷᠢᠯᠡᠪᠡ᠃ ︽ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠲᠦᠷᠦ ᠶᠢᠨ ᠪᠤᠳᠤᠯᠭ᠎ᠠ︾᠎ ᠶᠢ ᠡᠷᠡᠰ ᠨᠠᠶᠢᠳᠠᠪᠤᠷᠢᠵᠢᠭᠤᠯᠵᠤ᠂ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠶᠢᠨ ᠬᠤᠷᠠᠯ ᠬᠤᠷᠠᠯᠳᠤᠭᠤᠯᠵᠤ᠂ ᠺᠠᠳ᠋ᠷ ᠴᠠᠭᠳᠠᠭ᠎ᠠ ᠨᠠᠷ ᠲᠠᠢ ᠰᠡᠳᠬᠢᠯ ᠤᠨ ᠦᠭᠡ ᠪᠠᠨ ᠶᠠᠷᠢᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠪᠠ᠃ ᠳᠠᠷᠬᠠᠬᠠᠭᠤᠯᠠ ᠰᠤᠮᠤ ᠶᠢᠨ ᠬᠥᠩᠭᠡᠷ ᠭᠠᠴᠠᠭ᠎ᠠ ᠳᠤ ᠬᠦᠷᠴᠦ ᠣᠯᠠᠨ ᠲᠦᠮᠡᠨ ᠤ ᠦᠵᠡᠯ ᠰᠠᠨᠠᠭᠠᠨ ᠤ ᠠᠵᠢᠯ ᠢ ᠬᠢᠪᠡ᠃ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠬᠠᠷᠰᠢᠯᠠᠭᠰᠠᠨ ᠠᠴᠠ ᠪᠤᠯᠵᠤ ᠦ ᠡᠷᠢᠵᠦ ᠬᠡᠷᠡᠭ ᠡᠳᠦᠭᠰᠡᠨ ᠶᠠᠯ᠎ᠠ ᠳᠤ ᠬᠤᠯᠪᠣᠭᠳᠠᠭᠰᠠᠨ 3 ᠶᠠᠯ᠎ᠠ ᠬᠢᠭᠰᠡᠨ ᠰᠡᠵᠢᠭᠳᠡᠨ ᠢ ᠪᠠᠷᠢᠪᠴᠢᠯᠠᠬᠤ ᠶᠢ ᠬᠠᠤᠯᠢ ᠶᠣᠰᠣᠭᠠᠷ ᠵᠥᠪᠰᠢᠶᠡᠷᠡᠪᠡ᠃ ︽ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ︾ ᠠᠵᠢᠯ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠪᠠᠶᠢᠴᠠᠭᠠᠭᠴᠢ ᠳᠠᠷᠤᠭ᠎ᠠ ᠲᠡᠳᠬᠦᠨ ᠳᠡᠮᠵᠢᠬᠦ ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠬᠡᠵᠦ᠂ ᠪᠦᠬᠦ ᠬᠤᠷᠢᠶ᠎ᠠ ᠶᠢᠨ ᠺᠠᠳ᠋ᠷ ᠴᠠᠭᠳᠠᠭ᠎ᠠ ᠶᠢ ᠲᠡᠳᠬᠦᠨ ᠳᠡᠮᠵᠢᠭᠦᠯᠬᠦ ᠡᠷᠦᠭᠡ ᠲᠠᠢ ᠰᠠᠶᠢᠲᠦᠷ ᠵᠣᠯᠭᠠᠭᠤᠯᠵᠤ᠂ ᠪᠠᠶᠠᠵᠢᠯ ᠤᠨ ᠮᠡᠳᠡᠭᠡ ᠵᠠᠩᠭᠢ ᠶᠢ ᠢᠳᠡᠪᠬᠢᠲᠡᠶ ᠡᠷᠢᠯᠬᠢᠯᠡᠵᠦ᠂ 72 ᠶᠠᠳᠠᠭᠤ ᠬᠦᠴᠢᠷᠳᠡᠯ ᠲᠠᠢ ᠡᠷᠦᠭᠡ ᠶᠢ ᠬᠠᠪᠰᠤᠷᠤᠨ ᠶᠠᠳᠠᠭᠤ ᠠᠴᠠ ᠠᠩᠭᠢᠵᠢᠷᠠᠭᠤᠯᠪᠠ᠃ ᠬᠡᠷᠡᠭ ᠎ ᠠᠴᠠ ᠪᠤᠯᠵᠦ ᠶᠠᠳᠠᠭᠤᠷᠠᠭᠰᠠᠨ 3 ᠡᠷᠡᠭᠦᠤ ᠶᠢᠨ ᠬᠡᠷᠡᠭ ᠤᠨ ᠬᠤᠤᠷᠯᠠᠭᠳᠠᠭᠴᠢ ᠶᠢᠨ ᠦᠷ᠎ᠡ ᠬᠡᠤᠬᠡᠳ ᠲᠤ ᠬᠠᠤᠯᠢ ᠴᠠᠭᠠᠵᠠ ᠶᠢᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ 6 ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠮᠥᠩᠭᠦ ᠲᠠᠷᠬᠠᠭᠠᠪᠠ᠃ ︽ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ︾᠎ ᠢ ᠰᠢᠯᠢᠳᠡᠭᠵᠢᠭᠦᠯᠬᠦ ᠳᠤ ᠬᠦᠴᠦ ᠨᠡᠮᠡᠷᠢᠯᠡᠵᠦ᠂ ᠪᠠᠶᠢᠴᠠᠭᠠᠬᠤ ᠬᠤᠷᠢᠶ᠎ᠠ ᠪᠠ ᠠᠵᠤ ᠠᠬᠤᠶᠢᠯᠠᠯ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ︽ᠬᠡᠰᠢᠭᠲᠡᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠷᠪᠠᠨ ᠵᠤᠶᠢᠯ ᠤᠨ ᠠᠷᠭ᠎ᠠ ᠬᠡᠮᠵᠢᠶ᠎ᠡ︾᠎ ᠶᠢ ᠨᠡᠶᠢᠲᠡᠯᠡᠪᠡ᠃ ᠠᠵᠤ ᠠᠬᠤᠶᠢᠯᠠᠯ ᠤᠨ ᠵᠣᠪᠠᠨᠢᠯ ᠢ ᠰᠢᠢᠳᠪᠦᠷᠢᠯᠡᠵᠦ᠂ ᠵᠢᠨᠢᠩ ᠠᠴᠠ ᠲᠦᠩᠯᠢᠶᠤᠤ ᠬᠦᠷᠬᠦ ᠲᠡᠮᠤᠷ ᠵᠠᠮ ᠤᠨ ᠪᠠᠷᠢᠯᠭ᠎ᠠ ᠶᠢᠨ ᠠᠵᠢᠯ ᠢ ᠬᠤᠷᠢᠭᠯᠠᠭᠰᠠᠨ ᠶᠠᠯ᠎ᠠ ᠬᠢᠭᠰᠡᠨ ᠰᠡᠵᠢᠭᠯᠡᠯᠲᠡᠶ ᠬᠥᠮᠦᠨ ᠳᠤ ᠬᠠᠤᠯᠢ ᠴᠠᠭᠠᠵᠠ ᠶᠢ ᠲᠠᠶᠢᠯᠪᠤᠷᠢᠯᠠᠨ ᠶᠣᠰᠣ ᠶᠠᠷᠢᠵᠤ᠂ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠬᠤᠪᠢᠷᠠᠭᠤᠯᠵᠤ᠂ ᠪᠠᠷᠢᠯᠭ᠎ᠠ ᠶᠢᠨ ᠨᠢᠭᠡᠴᠡ ᠎ ᠶᠢᠨ ᠲᠡᠭᠦᠨ ᠲᠠᠢ ᠡᠶᠡᠳᠡᠬᠦ ᠳᠤ ᠨᠥᠬᠦᠴᠡᠯ ᠪᠦᠷᠢᠯᠳᠦᠭᠦᠯᠦᠨ ᠥᠭᠴᠦ᠂ ᠭᠤᠣᠯᠳᠠᠯᠭ᠎ᠠ ᠲᠠᠢ ᠪᠠᠷᠢᠯᠭ᠎ᠠ ᠶᠢᠨ ︽ᠵᠠᠩᠭᠢᠯᠠᠭ᠎ᠠ ᠶᠢᠨ ᠵᠠᠢ︾᠎ ᠶᠢ ᠨᠡᠪᠲᠡᠷᠡᠭᠦᠯᠪᠡ᠃ ᠪᠦᠬᠦ ᠬᠦᠴᠦ ᠪᠠᠨ ᠲᠦᠪᠯᠡᠷᠡᠭᠦᠯᠦᠨ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠰᠢᠢᠳᠪᠦᠷᠢᠲᠦ ᠢᠯᠠᠯᠲᠠ ᠶᠢ ᠣᠯᠵᠤ᠂ ᠬᠠᠷᠭᠢᠰ ᠬᠦᠴᠦᠨ ᠳᠤ ᠬᠤᠯᠪᠣᠭᠳᠠᠭᠰᠠᠨ 5 ᠬᠡᠷᠡᠭ ᠤᠨ 17 ᠬᠥᠮᠦᠨ ᠤ ᠬᠡᠷᠡᠭ ᠢ ᠴᠡᠪᠡᠷᠯᠡᠨ ᠳᠠᠭᠤᠰᠬᠠᠵᠤ᠂ ᠬᠤᠳᠠ ᠶᠢᠨ ᠪᠠᠶᠢᠴᠠᠭᠠᠬᠤ ᠬᠤᠷᠢᠶ᠎ᠠ ᠶᠢᠨ ᠲᠤᠰᠢᠶᠠᠨ ᠰᠢᠢᠳᠪᠦᠷᠢᠯᠡᠭᠦᠯᠦᠭᠰᠡᠨ ᠸᠠᠩ ᠬᠦᠢ ᠴᠢᠩ ᠵᠡᠷᠭᠡ 23 ᠬᠥᠮᠦᠨ ᠤ ᠬᠠᠷᠭᠢᠰ ᠬᠦᠴᠦᠨ ᠤ ᠪᠦᠯᠦᠭᠯᠡᠯ ᠤᠨ ᠶᠠᠯᠠᠲᠤ ᠬᠡᠷᠡᠭ ᠢ ᠳᠠᠭᠤᠰᠬᠠᠵᠤ᠂ ᠬᠤᠳᠠ ᠶᠢᠨ ᠪᠠᠶᠢᠴᠠᠭᠠᠬᠤ ᠬᠤᠷᠢᠶᠠᠨ ᠳᠤ 5 ᠬᠡᠷᠡᠭ ᠤᠨ ᠰᠦᠪᠡᠭᠴᠢ ᠶᠢ ᠰᠢᠯᠵᠢᠭᠦᠯᠦᠨ ᠬᠦᠷᠭᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ 5 ᠬᠤᠪᠢ ᠪᠠᠶᠢᠴᠠᠭᠠᠬᠤ ᠰᠠᠨᠠᠭᠤᠯᠭ᠎ᠠ ᠶᠢ ᠲᠣᠭᠲᠠᠭᠠᠨ ᠲᠠᠷᠬᠠᠭᠠᠵᠤ᠂ ︽ᠬᠡᠷᠡᠭ ᠢ ᠴᠡᠪᠡᠷᠯᠡᠨ ᠳᠠᠭᠤᠰᠬᠠᠬᠤ᠂ ᠰᠦᠪᠡᠭᠴᠢ ᠶᠢ ᠦᠯᠡᠳᠡᠭᠡᠯ ᠦᠬᠡᠢ ᠴᠡᠪᠡᠷᠯᠡᠬᠦ᠂ ᠠᠵᠢᠯ ᠲᠦᠷᠦᠯ ᠤᠨ ᠢᠷᠡᠯᠳᠡ ᠶᠢ ᠴᠡᠪᠡᠷᠯᠡᠬᠦ︾᠎ ᠶᠢ ᠪᠡᠶᠡᠯᠡᠭᠦᠯᠵᠦ᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾᠎ ᠶᠢ ᠭᠦᠨᠵᠡᠭᠡᠶᠢᠷᠡᠭᠦᠯᠦᠨ ᠠᠬᠢᠭᠤᠯᠪᠠ᠃      ᠬᠤᠶᠠᠷ᠂ ᠲᠤᠬᠠᠶᠢᠯᠠᠭᠰᠠᠨ ᠠᠵᠢᠯ ᠢ ᠠᠳᠬᠤᠵᠤ᠂ ᠲᠦᠷᠪᠡᠨ ᠶᠡᠭᠡ ᠪᠠᠶᠢᠴᠠᠭᠠᠬᠤ ᠠᠵᠢᠯ᠂ ᠠᠷᠪᠠᠨ ᠶᠡᠭᠡ ᠲᠤᠬᠠᠶᠢᠯᠠᠭᠰᠠᠨ ᠠᠵᠢᠯ ᠢ ᠨᠢᠭᠡ ᠴᠤᠭᠴᠠᠵᠢᠭᠤᠯᠤᠨ ᠠᠬᠢᠭᠤᠯᠪᠠ      ︵ᠨᠢᠭᠡ︶ ᠬᠡᠷᠡᠭ ᠢ ᠰᠢᠢᠳᠬᠡᠬᠦ ᠪᠠᠷ ᠭᠤᠣᠯ ᠪᠣᠯᠭᠠᠵᠤ᠂ ᠡᠷᠡᠭᠦᠦ ᠶᠢᠨ ᠬᠡᠷᠡᠭ ᠤᠨ ᠪᠠᠶᠢᠴᠠᠭᠠᠬᠤ ᠠᠵᠢᠯ ᠢ ᠰᠢᠯᠢᠳᠡᠭᠵᠢᠭᠦᠯᠪᠡ᠃ ᠪᠠᠷᠢᠪᠴᠢᠯᠠᠬᠤ ᠶᠢ ᠵᠥᠪᠰᠢᠶᠡᠷᠡᠬᠦ᠂ ᠵᠠᠭᠠᠯᠳᠤᠬᠤ ᠵᠡᠷᠭᠡ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠬᠡᠵᠦ᠂ ᠪᠦᠬᠦ ᠵᠢᠯ ᠳᠤ ᠨᠡᠶᠢᠳᠡ 88 ᠬᠡᠷᠡᠭ ᠤᠨ 117 ᠬᠥᠮᠦᠨ ᠢ ᠪᠠᠷᠢᠪᠴᠢᠯᠠᠬᠤ ᠶᠢ ᠬᠢᠨᠠᠨ ᠪᠠᠶᠢᠴᠠᠭᠠᠵᠤ᠂ 70 ᠬᠡᠷᠡᠭ ᠤᠨ 93 ᠬᠥᠮᠦᠨ ᠢ ᠪᠠᠷᠢᠪᠴᠢᠯᠠᠬᠤ ᠶᠢ ᠵᠥᠪᠰᠢᠶᠡᠷᠡᠪᠡ︔ ᠨᠡᠶᠢᠳᠡ 182 ᠬᠡᠷᠡᠭ ᠤᠨ 290 ᠬᠥᠮᠦᠨ ᠢ ᠬᠢᠨᠠᠨ ᠪᠠᠶᠢᠴᠠᠭᠠᠵᠤ ᠵᠠᠭᠠᠯᠳᠤᠭᠰᠠᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠨ᠂ 163 ᠬᠡᠷᠡᠭ ᠤᠨ 261 ᠬᠥᠮᠦᠨ ᠳᠤ ᠠᠯᠪᠠᠨ ᠵᠠᠭᠠᠯᠳᠤᠯᠭ᠎ᠠ ᠬᠢᠪᠡ᠃ ᠤᠯᠤᠰ ᠣᠷᠣᠨ ᠤ ᠠᠮᠤᠷ ᠲᠦᠪᠰᠢᠨ᠂ ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ᠂ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ ᠢ ᠬᠦᠨᠳᠦ ᠨᠣᠴᠢᠲᠠᠶ ᠨᠥᠯᠥᠭᠡᠯᠡᠭᠰᠡᠨ 71 ᠬᠡᠷᠡᠭ ᠤᠨ 81 ᠬᠥᠮᠦᠨ ᠢ ᠬᠠᠤᠯᠢ ᠶᠣᠰᠣᠭᠠᠷ ᠴᠢᠩᠭ᠎ᠠ ᠰᠢᠢᠳᠬᠡᠪᠡ᠃ ︽ᠴᠥᠭᠡᠨ ᠪᠠᠷᠢᠪᠴᠢᠯᠠᠵᠤ ᠪᠣᠯᠭᠤᠮᠵᠢᠲᠠᠶ ᠵᠠᠭᠠᠯᠳᠤᠬᠤ︾ ᠣᠶᠢᠯᠠᠭᠠᠭᠳᠠᠬᠤᠨ ᠢ ᠨᠠᠶᠢᠳᠠᠪᠤᠷᠢᠵᠢᠭᠤᠯᠵᠤ᠂ 24 ᠬᠥᠮᠦᠨ ᠢ ᠪᠠᠷᠢᠪᠴᠢᠯᠠᠬᠤ ᠶᠢ ᠬᠠᠤᠯᠢ ᠶᠣᠰᠣᠭᠠᠷ ᠦᠯᠦ ᠵᠥᠪᠰᠢᠶᠡᠷᠡᠵᠦ᠂ 15 ᠬᠥᠮᠦᠨ ᠢ ᠬᠠᠤᠯᠢ ᠶᠣᠰᠣᠭᠠᠷ ᠦᠯᠦ ᠵᠠᠭᠠᠯᠳᠤᠪᠠ᠃      ᠲᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠵᠠᠷᠭᠤ ᠶᠢᠨ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠶᠠᠯ᠎ᠠ ᠪᠠᠨ ᠮᠡᠳᠡᠷᠡᠵᠦ ᠰᠢᠢᠳᠬᠡᠯ ᠢ ᠮᠡᠳᠡᠷᠡᠭᠰᠡᠨ ᠢ ᠠᠭᠤᠴᠢᠯᠠᠨ ᠰᠢᠢᠳᠬᠡᠬᠦ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ︽ᠬᠡᠷᠡᠭᠯᠡᠵᠦ ᠪᠣᠯᠬᠤ ᠶᠢ ᠪᠦᠬᠦᠨ ᠢ ᠬᠡᠷᠡᠭᠯᠡᠵᠦ︾᠂ ᠬᠡᠷᠡᠭᠯᠡᠭᠰᠡᠨ ᠨᠤᠷᠮ᠎ᠠ ᠨᠢ 89.88%᠎ ᠳᠤ ᠬᠦᠷᠴᠦ᠂ ᠡᠷᠡᠭᠦᠦ ᠶᠢᠨ ᠬᠡᠷᠡᠭ ᠤᠨ ᠲᠤᠬᠠᠶ ᠰᠠᠨᠠᠭᠤᠯᠭ᠎ᠠ ᠳᠤᠷᠠᠳᠤᠭᠰᠠᠨ ᠨᠤᠷᠮ᠎ᠠ ᠨᠢ 99.47%᠎ ᠳᠤ ᠬᠦᠷᠴᠦ᠂ ᠰᠢᠭᠦᠬᠦ ᠬᠤᠷᠢᠶᠠᠨ ᠤ ᠬᠦᠯᠢᠶᠡᠨ ᠠᠪᠤᠭᠰᠠᠨ ᠨᠤᠷᠮ᠎ᠠ ᠨᠢ 98.94% ᠎ ᠳᠤ ᠬᠦᠷᠪᠡ᠃ ᠬᠤᠰᠢᠭᠤᠨ ᠤ ᠰᠢᠭᠦᠬᠦ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠮᠲᠤᠷᠠᠨ ︽ᠡᠷᠡᠭᠦᠤ ᠶᠢᠨ ᠬᠡᠷᠡᠭ ᠢᠶᠠᠷ ᠲᠦᠷ ᠬᠤᠷᠢᠵᠤ ᠰᠢᠭᠤᠳ ᠵᠠᠭᠠᠯᠳᠤᠬᠤ ᠬᠡᠷᠡᠭ ᠢ ᠰᠢᠢᠳᠪᠦᠷᠢᠯᠡᠬᠦ ᠠᠵᠢᠯ ᠤᠨ ᠰᠠᠨᠠᠯ︾᠎ ᠢ ᠲᠣᠭᠲᠠᠭᠠᠵᠤ᠂ ᠪᠠᠶᠢᠴᠠᠭᠠᠬᠤ ᠲᠠᠰᠤᠭ ᠲᠤ ᠲᠣᠮᠢᠯᠠᠨ ᠰᠠᠭᠤᠯᠭᠠᠬᠤ ᠪᠠᠷ ᠲᠦᠰᠢᠭ ᠪᠣᠯᠭᠠᠨ᠂ ᠲᠥᠬᠦᠮ ᠬᠡᠷᠡᠭ ᠢ ᠲᠦᠷᠭᠡᠨ ᠰᠢᠢᠳᠪᠦᠷᠢᠯᠡᠬᠦ ᠲᠠᠪᠴᠠᠩ ᠢ ᠪᠠᠶᠢᠭᠤᠯᠵᠤ᠂ ︽ᠡᠷᠡᠭᠦᠤ ᠶᠢᠨ ᠬᠡᠷᠡᠭ ᠢᠶᠠᠷ ᠲᠦᠷ ᠬᠤᠷᠢᠵᠤ ᠰᠢᠭᠤᠳ ᠵᠠᠭᠠᠯᠳᠤᠬᠤ︾ ᠬᠡᠷᠡᠭ ᠰᠢᠢᠳᠪᠦᠷᠢᠯᠡᠬᠦ ᠵᠠᠭᠪᠤᠷ ᠢ ᠰᠦᠪᠡᠭᠴᠢᠯᠡᠨ ᠪᠠᠶᠢᠭᠤᠯᠵᠦ᠂ ᠡᠭᠦᠨ ᠳᠤ ᠠᠶᠤᠯᠲᠠᠶ ᠪᠠᠷ ᠲᠡᠷᠭᠡ ᠵᠢᠯᠣᠭᠤᠳᠤᠭᠰᠠᠨ ᠬᠡᠷᠡᠭ ᠢ ᠰᠢᠢᠳᠪᠦᠷᠢᠯᠡᠬᠦ ᠳᠤᠮᠳᠠᠴᠢ ᠬᠤᠭᠤᠴᠠᠭ᠎ᠠ ᠶᠢ ᠤᠤᠯ ᠤᠨ 7 ᠡᠳᠦᠷ ᠠᠴᠠ 3 ᠡᠳᠦᠷ ᠪᠣᠯᠭᠠᠨ ᠪᠣᠭᠤᠨᠢᠰᠬᠠᠵᠤ᠂ ᠵᠠᠷᠭᠤ ᠶᠢᠨ ᠡᠬᠢ ᠪᠠᠶᠠᠯᠢᠭ ᠢ ᠠᠷᠪᠢᠯᠠᠬᠤ ᠪᠠᠷ ᠪᠠᠷᠠᠬᠤ ᠥᠬᠡᠶ ᠲᠤᠬᠠᠶ ᠶᠢᠨ ᠬᠥᠮᠦᠨ ᠤ ᠵᠠᠭᠠᠯᠳᠤᠯᠭ᠎ᠠ ᠶᠢᠨ ᠳᠠᠷᠤᠭᠠᠰᠤ ᠶᠢ ᠴᠤ ᠪᠠᠭᠠᠰᠬᠠᠪᠠ᠃ 2020 ᠣᠨ ᠳᠤ ︽ᠬᠡᠷᠡᠭ — ᠬᠡᠷᠡᠭ ᠤᠨ ᠬᠤᠪᠢ ᠶᠢᠨ ᠬᠠᠷᠢᠴᠠᠯ︾᠎ ᠢ 1.33 ᠪᠣᠯᠲᠠᠯ᠎ᠠ ᠪᠠᠭᠤᠷᠠᠭᠤᠯᠵᠤ᠂ ᠬᠡᠷᠡᠭ ᠰᠢᠢᠳᠪᠦᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠪᠦᠲᠦᠮᠵᠢᠲᠡᠶ ᠪᠠᠷ ᠳᠡᠭᠡᠭᠰᠢᠯᠡᠭᠦᠯᠪᠡ ᠃ ᠲᠤᠰ ᠬᠤᠷᠢᠶᠠᠨ ᠤ ︽ᠶᠠᠯ᠎ᠠ ᠪᠠᠨ ᠮᠡᠳᠡᠷᠡᠵᠦ ᠰᠢᠢᠳᠬᠡᠯ ᠢ ᠮᠡᠳᠡᠷᠡᠭᠰᠡᠨ ᠬᠡᠷᠡᠭ ᠢ ᠰᠢᠢᠳᠪᠦᠷᠢᠯᠡᠬᠦ ᠬᠢᠨᠠᠯᠲᠠ ᠬᠠᠮᠢᠶᠠᠷᠤᠯᠲᠠ ᠶᠢᠨ ᠰᠠᠨᠠᠯ︾᠎ ᠢ ᠲᠣᠭᠲᠠᠭᠠᠵᠤ᠂ ᠡᠷᠡᠭᠦᠦ ᠰᠢᠢᠳᠬᠡᠯ ᠣᠨᠣᠭᠳᠠᠭᠤᠯᠬᠤ ᠶᠢ ᠲᠦᠷᠢᠮᠵᠢᠭᠦᠯᠬᠦ ᠶᠢ ᠴᠢᠩᠭᠠᠳᠬᠠᠵᠤ᠂ ᠡᠷᠬᠡ ᠶᠢ ᠳᠤᠷ᠎ᠠ ᠪᠠᠷ ᠢᠶᠠᠨ ᠬᠡᠷᠡᠭᠯᠡᠬᠦ ᠶᠢ ᠰᠡᠷᠭᠡᠶᠢᠯᠡᠪᠡ᠃      ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠬᠢᠨᠠᠯᠲᠠ ᠲᠠᠯᠪᠢᠬᠤ ᠡᠭᠦᠷᠭᠡ ᠴᠢᠳᠠᠪᠬᠢ ᠶᠢ ᠴᠢᠨᠠᠭᠰᠢᠳᠠ ᠤᠷᠲᠤᠳᠬᠠᠵᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠲᠣᠮᠢᠯᠠᠨ ᠰᠠᠭᠤᠯᠭᠠᠭᠰᠠᠨ ᠪᠠᠶᠢᠴᠠᠭᠠᠬᠤ ᠲᠠᠰᠤᠭ ᠢ ᠪᠠᠶᠢᠭᠤᠯᠵᠤ᠂ 8 ᠲᠣᠮᠢᠯᠠᠭᠰᠠᠨ ᠰᠠᠯᠪᠤᠷᠢ ᠳᠤ ᠲᠣᠭᠤᠷᠢᠨ ᠪᠠᠶᠢᠴᠠᠭᠠᠯᠲᠠ ᠬᠢᠪᠠ᠃ ︽ᠰᠢᠭᠦᠬᠦ ᠬᠤᠷᠢᠶᠠᠨ ᠤ 2018 — 2019 ᠣᠨ ᠤ ᠰᠢᠭᠦᠨ ᠲᠠᠰᠤᠯᠤᠯᠳᠡ ᠳᠠᠬᠢ ᠬᠠᠤᠯᠢ ᠪᠤᠰᠦ ᠣᠯᠵᠠ ᠠᠰᠢᠭ ᠢ ᠨᠡᠬᠡᠮᠵᠢᠯᠡᠨ ᠲᠤᠰᠢᠶᠠᠯᠭᠠᠭᠰᠠᠨ ᠪᠠ ᠵᠤᠭᠤᠰ ᠎ ᠢᠶᠠᠷ ᠶᠠᠯᠠᠳᠠᠬᠤ ᠡᠷᠡᠭᠦᠦ ᠶᠢᠨ ᠪᠠᠶᠢᠳᠠᠯ︾ ᠵᠢᠴᠢ ︽ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ 2017 ᠣᠨ ᠠᠴᠠ ᠨᠠᠭᠠᠰᠢᠬᠢ ᠡᠷᠡᠭᠦᠦ ᠶᠢᠨ ᠬᠡᠷᠡᠭ ᠢᠶᠠᠷ ᠲᠦᠷ ᠬᠤᠷᠢᠭᠰᠠᠨ ᠤ ᠲᠠᠷᠠᠭ᠎ᠠ ᠬᠦᠴᠦᠨ ᠦᠭᠡᠢ ᠪᠣᠯᠭᠠᠭᠰᠠᠨ ᠬᠡᠷᠡᠭ︾᠎ ᠢ ᠲᠤᠰᠬᠠᠶ ᠲᠦᠷᠦᠯ ᠤᠨ ᠦᠨᠡᠯᠡᠨ ᠪᠠᠶᠢᠴᠠᠭᠠᠬᠤ ᠠᠵᠢᠯᠯᠠᠭᠠᠨ ᠢ ᠪᠠᠶᠢᠷᠢᠯᠠᠭᠤᠯᠤᠨ ᠥᠷᠨᠢᠭᠦᠯᠵᠦ᠂ ᠰᠢᠭᠦᠬᠦ ᠬᠤᠷᠢᠶᠠᠨ ᠤ ᠰᠢᠭᠦᠨ ᠲᠠᠰᠤᠯᠤᠭᠰᠠᠨ ᠵᠦᠢᠯ ᠨᠢ ᠲᠣᠭᠲᠠᠭᠠᠯ ᠳᠤ ᠨᠡᠶᠢᠴᠡᠬᠦ᠂ ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠶᠢᠨ ᠬᠡᠷᠡᠭ ᠢ ᠪᠤᠴᠠᠭᠠᠭᠰᠠᠨ ᠨᠢ ᠬᠠᠤᠯᠢ ᠳᠤ ᠨᠡᠶᠢᠴᠡᠬᠦ ᠶᠢ ᠦᠨᠡᠨ ᠬᠦ ᠪᠠᠲᠤᠯᠠᠪᠠ᠃ ᠪᠠᠷᠢᠪᠴᠢᠯᠠᠬᠤ ᠶᠢ ᠣᠷᠬᠢᠭᠳᠠᠭᠤᠯᠤᠭᠰᠠᠨ᠂ ᠣᠷᠬᠢᠭᠳᠠᠭᠤᠯᠤᠭᠰᠠᠨ ᠶᠠᠯᠠᠲᠠᠨ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠳᠬᠠᠵᠦ᠂ ᠪᠦᠬᠦ ᠵᠢᠯ ᠳᠤ ᠤᠷᠭᠢᠭᠳᠠᠭᠤᠯᠤᠭᠰᠠᠨ 1 ᠬᠡᠷᠡᠭᠲᠡᠨ ᠢ ᠨᠡᠬᠡᠮᠵᠢᠯᠡᠨ ᠪᠠᠷᠢᠪᠴᠢᠯᠠᠵᠤ᠂ ᠣᠷᠬᠢᠭᠳᠠᠭᠤᠯᠤᠭᠰᠠᠨ ᠬᠠᠮᠲᠤ ᠎ ᠶᠢᠨ ᠬᠡᠷᠡᠭᠲᠡᠨ 7 ᠬᠦᠮᠦᠨ ᠢ ᠨᠡᠬᠡᠮᠵᠢᠯᠡᠨ ᠵᠠᠭᠠᠯᠳᠤᠪᠠ᠃      ᠪᠠᠶᠢᠴᠠᠭᠠᠭᠠᠳᠤᠶ ᠠᠵᠢᠯ ᠢ ᠰᠢᠯᠢᠳᠡᠭᠵᠢᠭᠦᠯᠵᠦ᠂ ᠨᠠᠰᠤᠨ ᠳᠤ ᠥᠯᠥ ᠭᠦᠷᠦᠭᠰᠡᠳ ᠤᠨ ᠦᠰᠦᠨ ᠪᠤᠶᠢᠵᠢᠯᠲᠠ ᠶᠢ ᠬᠠᠮᠠᠭᠠᠯᠠᠪᠠ᠃ ᠬᠤᠰᠢᠭᠤᠨ ᠳᠣᠲᠣᠷᠠᠬᠢ 13 ᠡᠷᠭᠡ ᠲᠤᠰᠢᠶᠠᠯᠲᠦ ᠰᠠᠯᠠᠭ᠎ᠠ ᠮᠥᠴᠢᠷ ᠲᠠᠢ ᠬᠠᠮᠲᠤᠷᠠᠨ ︽ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠪᠦᠳᠦᠭᠦᠪᠴᠢ ᠵᠥᠪᠯᠡᠯᠴᠡᠭᠡᠷ︾᠎ ᠢ ᠲᠣᠭᠲᠠᠵᠤ᠂ ︽ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠬᠠᠮᠲᠤ ᠶᠢᠨ ᠴᠣᠭᠴᠠ︾᠎ ᠶᠢ ᠪᠠᠶᠢᠭᠤᠯᠪᠠ᠃ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 9 ᠨᠢᠭᠡᠴᠡ ᠲᠠᠢ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠨᠠᠰᠤᠨ ᠳᠤ ᠥᠯᠥ ᠭᠦᠷᠦᠭᠰᠡᠳ ᠲᠤ ᠬᠠᠯᠳᠠᠭᠰᠠᠨ ᠬᠡᠷᠡᠭ ᠢ ᠠᠯᠪᠠᠳᠠᠯᠭ᠎ᠠ ᠪᠠᠷ ᠮᠡᠳᠡᠭᠦᠯᠬᠦ ᠲᠦᠷᠢᠮ ᠤᠨ ᠲᠤᠷᠰᠢᠨ ᠬᠡᠷᠡᠭᠵᠢᠭᠦᠯᠦᠯᠲᠡ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠦᠪᠯᠡᠯ᠂ ᠼᠦᠢ ᠶᠢᠩ ᠨᠡᠶᠢᠭᠡᠮ ᠲᠣᠭᠤᠷᠢᠭ ᠲᠠᠢ ᠬᠠᠮᠲᠤᠷᠠᠨ᠂ ᠭᠡᠷ ᠲᠤ ᠪᠠᠨ ᠬᠤᠴᠣᠷᠤᠭᠰᠠᠨ 30 ᠬᠡᠦᠬᠡᠳ ᠲᠤ ᠠᠪᠤᠷᠠᠨ ᠲᠤᠰᠠᠯᠠᠬᠤ ᠮᠥᠩᠭᠦ ᠣᠯᠭᠤᠵᠤ᠂ ᠪᠠᠶᠢᠴᠠᠭᠠᠬᠤ ᠠᠵᠢᠯ ᠤᠨ ᠬᠠᠶᠢᠷ᠎ᠠ ᠬᠠᠯᠠᠮᠵᠢ ᠶᠢ ᠳᠠᠮᠵᠢᠭᠤᠯᠪᠠ᠃ ᠬᠠᠤᠯᠢ ᠪᠠᠷ ᠵᠠᠰᠠᠬᠤ ᠶᠢ ᠰᠤᠷᠭᠠᠭᠤᠯᠢ ᠶᠢᠨ ᠬᠦᠷᠢᠶᠡᠨ ᠳᠤ ᠲᠦᠭᠡᠮᠡᠯᠵᠢᠭᠦᠯᠬᠦ ᠠᠵᠢᠯ ᠢ 10 ᠤᠳᠠᠭ᠎ᠠ ᠥᠷᠨᠢᠭᠦᠯᠵᠦ᠂ ᠰᠤᠷᠤᠭᠴᠢᠳ ᠢ ᠰᠤᠷᠭᠠᠭᠤᠯᠢ ᠶᠢᠨ ᠬᠦᠷᠢᠶᠡᠨ ᠤ ᠲᠤᠷᠤᠮᠵᠢᠯᠠᠯ ᠢ ᠰᠡᠷᠭᠡᠶᠢᠯᠡᠬᠦ ᠶᠢ ᠬᠥᠲᠥᠯᠥᠨ ᠵᠢᠯᠣᠭᠤᠳᠴᠤ᠂ ᠥᠪᠡᠷ ᠢ ᠪᠠᠨ ᠬᠠᠮᠠᠭᠠᠯᠠᠬᠤ ᠤᠬᠠᠮᠰᠠᠷ ᠢ ᠨᠢ ᠳᠡᠭᠡᠭᠰᠢᠯᠡᠭᠦᠯᠪᠡ᠃ ᠪᠦᠬᠦ ᠵᠢᠯ ᠳᠤ ᠨᠡᠶᠢᠳᠡ 16 ᠬᠡᠷᠡᠭ ᠤᠨ 22 ᠬᠥᠮᠦᠨ ᠢ ᠰᠢᠢᠳᠬᠡᠵᠦ᠂ ᠡᠭᠦᠨ ᠤ ᠳᠣᠲᠣᠷ᠎ᠠ ᠨᠠᠰᠤᠨ ᠳᠤ ᠦᠯᠤ ᠬᠥᠷᠦᠭᠰᠡᠳ ᠤᠨ ᠶᠠᠯ᠎ᠠ ᠬᠢᠭᠰᠡᠨ 8 ᠬᠡᠷᠡᠭ ᠤᠨ 9 ᠬᠥᠮᠦᠨ ᠢ ᠰᠢᠢᠳᠬᠡᠵᠦ᠂ ︽ᠰᠤᠷᠭᠠᠵᠦ ᠬᠥᠮᠦᠵᠢᠭᠦᠯᠬᠦ᠂ ᠤᠶᠠᠷᠠᠭᠤᠯᠤᠨ ᠤᠬᠠᠭᠠᠷᠠᠭᠤᠯᠬᠤ᠂ ᠠᠪᠤᠷᠠᠬᠤ︾ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ 1 ᠨᠠᠰᠤᠨ ᠳᠤ ᠦᠯᠤ ᠬᠥᠷᠦᠭᠰᠡᠳ ᠢ ᠦᠯᠦ ᠵᠠᠭᠠᠯᠳᠤᠬᠤ ᠲᠣᠭᠲᠠᠭᠠᠯ ᠭᠠᠷᠭᠠᠵᠤ᠂ 8 ᠨᠠᠰᠤᠨ ᠳᠤ ᠦᠯᠤ ᠬᠥᠷᠦᠭᠰᠡᠳ ᠲᠤ ᠬᠠᠤᠯᠢ ᠶᠣᠰᠣᠭᠠᠷ ᠬᠥᠩᠭᠡᠷᠡᠭᠦᠯᠦᠨ ᠰᠢᠢᠳᠬᠡᠬᠦ ᠡᠷᠡᠭᠦᠦ ᠰᠢᠢᠳᠬᠡᠯ ᠣᠨᠣᠭᠳᠠᠭᠤᠯᠬᠤ ᠰᠠᠨᠠᠯ ᠢ ᠳᠤᠷᠠᠳᠪᠠ᠃      ︵ᠬᠤᠶᠠᠷ︶ ᠬᠠᠮᠲᠤ ᠪᠠᠷ ᠠᠰᠢᠭ ᠬᠦᠷᠳᠡᠬᠦ ᠣᠶᠢᠯᠠᠭᠠᠭᠳᠠᠬᠤᠨ ᠢ ᠪᠤᠢ ᠪᠣᠯᠭᠠᠵᠤ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠠᠵᠢᠯ ᠢ ᠬᠦᠴᠦᠷᠭᠡᠭᠵᠢᠭᠦᠯᠪᠡ᠃ ᠪᠦᠬᠦ ᠵᠢᠯ ᠳᠤ 81 ᠬᠤᠪᠢ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠰᠦᠪᠡᠭᠴᠢ ᠶᠢ ᠢᠯᠡᠷᠡᠭᠦᠯᠵᠦ᠂ 80 ᠬᠤᠪᠢ ᠶᠢ ᠨᠢ ᠬᠡᠷᠡᠭ ᠪᠣᠯᠭᠠᠨ ᠳᠠᠩᠰᠠᠯᠠᠵᠤ᠂ 80 ᠬᠤᠪᠢ ᠪᠠᠶᠢᠴᠠᠭᠠᠬᠤ ᠰᠠᠨᠠᠭᠤᠯᠭ᠎ᠠ ᠶᠢ ᠲᠣᠭᠲᠠᠭᠠᠨ ᠲᠠᠷᠬᠠᠭᠠᠵᠤ᠂ 1 ᠬᠤᠪᠢ ᠵᠠᠰᠠᠭ ᠵᠠᠬᠢᠷᠭᠠᠨ ᠤ ᠨᠡᠶᠢᠲᠡ ᠶᠢᠨ ᠠᠰᠠᠷᠠᠮᠵᠢ ᠶᠢᠨ ᠵᠠᠷᠭᠤ ᠬᠢᠵᠦ᠂ 2 ᠬᠤᠪᠢ ᠡᠷᠡᠭᠦᠦ ᠶᠢᠨ ᠬᠡᠷᠡᠭ ᠤᠨ ᠳᠠᠭᠠᠯᠳᠤᠭᠰᠠᠨ ᠢᠷᠭᠡᠨ ᠤ ᠬᠡᠷᠡᠭ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠬᠢᠪᠡ᠃      ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠠᠷᠠᠳ ᠤᠨ ᠠᠮᠢᠳᠤᠷᠠᠯ ᠢ ᠰᠠᠭᠢᠨ ᠬᠠᠮᠠᠭᠠᠯᠠᠪᠠ ᠃ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ︽ᠨᠡᠶᠢᠲᠡ ᠶᠢᠨ ᠠᠰᠠᠷᠠᠮᠵᠢ ᠶᠢᠨ ᠵᠠᠷᠭᠤ ᠪᠠᠷ ᠰᠠᠶᠢᠨ ᠰᠠᠶᠢᠬᠠᠨ ᠠᠮᠢᠳᠤᠷᠠᠯ ᠢ ᠰᠠᠬᠢᠨ ᠬᠠᠮᠠᠭᠠᠯᠠᠬᠤ︾ ᠲᠤᠰᠬᠠᠶ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠠᠮᠢ ᠠᠬᠤᠶ ᠶᠢᠨ ᠪᠠᠶᠢᠴᠠᠭᠠᠨ ᠰᠤᠳᠤᠯᠤᠯᠲᠠ ᠬᠢᠵᠦ᠂ ᠠᠮᠢ ᠠᠬᠤᠶ ᠶᠢᠨ ᠠᠮᠤᠷ ᠲᠦᠪᠰᠢᠨ ᠤ ᠬᠡᠮ ᠰᠣᠭᠤᠭ ᠢ ᠳᠠᠷᠠᠭᠠᠯᠠᠨ ᠪᠠᠶᠢᠴᠠᠭᠠᠪᠠ᠃ ᠤᠯᠠᠭᠠᠨᠪᠤᠲᠤᠩ ᠰᠤᠮᠤ ᠶᠢᠨ ᠨᠠᠮ ᠤᠨ ᠬᠤᠷᠢᠶ᠎ᠠ᠂ ᠣᠶ ᠰᠢᠭᠤᠶ ᠭᠢᠭᠡᠳ ᠨᠤᠲᠤᠭ ᠪᠡᠯᠴᠢᠭᠡᠷ ᠤᠨ ᠲᠣᠪᠴᠢᠶ᠎ᠠ᠂ ᠬᠤᠩᠱᠠᠨ ᠴᠡᠷᠢᠭ ᠤᠨ ᠠᠭᠳᠠ ᠎ ᠶᠢᠨ ᠲᠠᠯᠠᠪᠠᠶ᠂ ᠰᠣᠶᠣᠯ ᠵᠢᠭᠤᠯᠴᠢᠯᠠᠯ ᠤᠨ ᠺᠣᠮᠫᠠᠨᠢ ᠲᠠᠢ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠤᠯᠠᠭᠠᠨᠪᠤᠲᠤᠩ ᠤᠨ ᠶᠡᠷᠦᠩᠬᠡᠶᠢᠯᠡᠭᠰᠡᠨ ᠵᠠᠰᠠᠯᠲᠠ ᠶᠢᠨ ᠲᠠᠰ ᠳᠡᠪᠰᠢᠬᠦ ᠶᠢ ᠠᠬᠢᠭᠤᠯᠪᠠ ᠃ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠲᠠᠢ ᠢᠳᠡᠭᠡᠨ ᠤ ᠠᠮᠤᠷ ᠲᠦᠪᠰᠢᠨ ᠤ ᠶᠠᠰᠤ ᠴᠢᠨᠠᠷ ᠤᠨ ᠪᠠᠶᠢᠴᠠᠭᠠᠯᠲᠠ ᠬᠢᠵᠦ᠂ ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠬᠠᠮᠠᠭᠠᠯᠠᠪᠠ᠃ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠬᠤᠰᠢᠭᠤᠨ ᠳᠣᠲᠣᠷᠠᠬᠢ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡᠨ ᠤ ᠬᠠᠶᠠᠭᠳᠠᠮᠠᠯ ᠪᠣᠳᠠᠰ ᠢ ᠳᠠᠷᠠᠭᠠᠯᠠᠨ ᠪᠠᠶᠢᠴᠠᠭᠠᠵᠤ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠶᠢ ᠲᠦᠷᠢᠮᠵᠢᠭᠦᠨ ᠪᠥᠭᠡᠳ ᠡᠮᠬᠢ ᠵᠢᠷᠤᠮ ᠲᠠᠢ ᠪᠤᠯᠭᠠᠪᠠ᠃ ᠪᠢᠷᠠᠭᠤ ᠪᠠᠯᠭᠠᠰᠦ ᠲᠣᠭᠤᠷᠢᠭ ᠤᠨ ᠶᠠᠪᠠᠭᠠᠨ ᠬᠥᠮᠦᠨ ᠤ ᠵᠡᠮ ᠳᠤ ᠣᠷᠣᠰᠢᠵᠤ ᠪᠠᠶᠢᠭ᠎ᠠ ᠬᠤᠳᠳᠤᠭ ᠤᠨ ᠪᠦᠷᠬᠦᠭᠡᠰᠦ ᠡᠪᠳᠡᠷᠡᠵᠦ ᠰᠦᠢᠳᠦᠭᠰᠡᠨ ᠪᠠᠶᠢᠳᠠᠯ ᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠳᠡᠨ ᠱᠠᠭᠠᠷᠳᠠᠨ ᠴᠡᠭᠴᠡᠯᠡᠨ ᠥᠭᠡᠷᠡᠴᠢᠯᠡᠭᠦᠯᠵᠦ᠂ ︽ᠬᠦᠮᠦᠨ ᠬᠤᠳᠳᠤᠭ ᠲᠤ ᠤᠶᠢᠴᠢᠬᠤ︾᠎ ᠶᠢ ᠦᠨᠡᠨ ᠬᠦ ᠰᠡᠷᠭᠡᠶᠢᠯᠡᠪᠡ᠃      ᠬᠠᠮᠲᠤ ᠶᠢᠨ ᠲᠠᠨᠢᠯᠲᠠ ᠶᠢ ᠲᠥᠪᠯᠡᠷᠡᠭᠦᠯᠵᠦ᠂ ᠬᠠᠮᠲᠤᠷᠠᠯ ᠬᠦᠴᠦᠨ ᠢ ᠨᠢᠭᠲᠠᠷᠠᠭᠤᠯᠪᠠ᠃ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠱᠠᠩᠨᠠᠯ ᠲᠠᠢ ᠢᠯᠡᠴᠢᠯᠡᠨ ᠮᠡᠳᠡᠭᠦᠯᠬᠦ ᠲᠦᠷᠢᠮ ᠢ ᠲᠣᠭᠲᠠᠭᠠᠵᠤ᠂ ᠬᠡᠷᠡᠭ ᠤᠨ ᠰᠦᠪᠡᠭᠴᠢ ᠶᠢᠨ ᠢᠷᠡᠯᠳᠡ ᠶᠢᠨ ᠠᠷᠭ᠎ᠠ ᠵᠠᠮ ᠢ ᠥᠷᠭᠡᠳᠬᠡᠪᠡ᠃ ᠨᠡᠶᠢᠭᠡᠮ ᠤᠨ ᠬᠦᠴᠦᠨ ᠢ ᠲᠠᠶᠢᠴᠢᠯᠠᠨ ᠨᠡᠶᠢᠲᠡ ᠶᠢᠨ ᠠᠰᠠᠷᠠᠮᠵᠢ ᠶᠢᠨ ᠬᠠᠮᠠᠭᠠᠯᠠᠯᠲᠠ ᠳᠤ ᠣᠷᠣᠯᠴᠠᠭᠤᠯᠵᠤ᠂ ᠨᠡᠶᠢᠲᠡ ᠶᠢᠨ ᠠᠰᠠᠷᠠᠮᠵᠢ ᠶᠢᠨ ᠬᠠᠮᠠᠭᠠᠯᠠᠯᠲᠠ ᠶᠢᠨ 120 ᠬᠤᠯᠪᠣᠭᠠᠴᠢᠨ ᠢ ᠤᠷᠢᠨ ᠲᠣᠮᠢᠯᠠᠪᠠ᠃ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ︽ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠤᠨ ᠴᠠᠭᠠᠨ ᠭᠠᠳᠠᠷᠳᠦ ᠪᠢᠴᠢᠭ︾᠎ ᠢ ᠨᠡᠶᠢᠲᠡᠯᠡᠵᠦ᠂ ᠨᠡᠶᠢᠭᠡᠮ ᠨᠡᠶᠢᠲᠡ ᠳᠤ ᠬᠠᠨᠳᠤᠭᠤᠯᠤᠨ ᠮᠠᠨ ᠤ ᠬᠤᠷᠢᠶ᠎ᠠ ᠶᠢᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠪᠠ᠃ ᠪᠠᠶᠢᠴᠠᠭᠠᠭᠴᠢ ᠳᠠᠷᠤᠭ᠎ᠠ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠶᠢᠨ ︽ᠬᠠᠤᠯᠢ ᠪᠠᠷ ᠵᠠᠰᠠᠬᠤ ᠰᠢᠭᠤᠳ ᠨᠡᠪᠲᠡᠷᠡᠭᠦᠯᠭᠡ︾᠎ ᠳᠤ ᠤᠷᠤᠯᠴᠠᠵᠦ᠂ ᠮᠠᠨ ᠤ ᠬᠤᠰᠢᠭᠤᠨ ᠤ ᠨᠡᠶᠢᠲᠡ ᠶᠢᠨ ᠠᠰᠠᠷᠠᠮᠵᠢ ᠶᠢᠨ ᠬᠠᠮᠠᠭᠠᠯᠠᠯᠲᠠ ᠶᠢᠨ ᠦᠷ᠎ᠡ ᠪᠦᠲᠦᠭᠡᠯ ᠢ ᠤᠬᠠᠭᠤᠯᠵᠤ᠂ ᠠᠷᠠᠳ ᠣᠯᠠᠨ ᠤ ᠨᠡᠶᠢᠲᠡ ᠶᠢᠨ ᠠᠰᠠᠷᠠᠮᠵᠢ ᠶᠢᠨ ᠬᠠᠮᠠᠭᠠᠯᠠᠯᠲᠠ ᠶᠢ ᠮᠡᠳᠡᠷᠡᠬᠦ ᠰᠡᠳᠬᠢᠯᠭᠡ ᠶᠢ ᠴᠢᠷᠮᠠᠶᠢᠨ ᠨᠡᠮᠡᠭᠳᠡᠭᠦᠯᠪᠡ᠃      ︵ᠭᠤᠷᠪᠠ︶ ᠲᠤᠰᠬᠠᠶ ᠲᠥᠷᠥᠯ ᠢᠶᠠᠷ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠢᠷᠭᠡᠨ ᠤ ᠬᠡᠷᠡᠭ ᠢ ᠪᠠᠶᠢᠴᠠᠭᠠᠬᠤ ᠠᠵᠢᠯ ᠢ ᠰᠠᠶᠢᠲᠤᠷ ᠬᠢᠪᠡ᠃ ᠪᠦᠬᠦ ᠵᠢᠯ ᠳᠤ 69 ᠬᠤᠪᠢ ᠢᠷᠭᠡᠨ ᠤ ᠬᠡᠷᠡᠭ ᠤᠨ ᠬᠢᠨᠠᠯᠲᠠ ᠲᠠᠯᠪᠢᠬᠤ ᠬᠡᠷᠡᠭ ᠢ ᠰᠢᠢᠳᠪᠦᠷᠢᠯᠡᠪᠡ ︵ᠲᠠᠬᠢᠨ ᠰᠢᠭᠦᠯᠭᠡᠬᠦ ᠪᠠᠷ ᠪᠠᠶᠢᠴᠠᠭᠠᠬᠤ ᠰᠠᠨᠠᠭᠤᠯᠭ᠎ᠠ ᠶᠢ 2 ᠬᠤᠪᠢ ᠳᠤᠷᠠᠳᠴᠤ᠂ 62 ᠬᠤᠪᠢ ᠡᠩ ᠤᠨ ᠪᠠᠶᠢᠴᠠᠭᠠᠬᠤ ᠰᠠᠨᠠᠭᠤᠯᠭ᠎ᠠ ᠳᠤᠷᠠᠳᠴᠤ᠂ 3 ᠬᠤᠪᠢ ᠬᠢᠨᠠᠯᠲᠠ ᠶᠢ ᠦᠯᠦ ᠳᠡᠮᠵᠢᠵᠦ᠂ 2 ᠬᠤᠪᠢ ᠬᠢᠨᠠᠨ ᠪᠠᠶᠢᠴᠠᠭᠠᠯᠲᠠ ᠶᠢ ᠳᠠᠭᠤᠰᠬᠠᠪᠠ︶᠃ ᠬᠤᠲᠠ ᠶᠢᠨ ᠪᠠᠶᠢᠴᠠᠭᠠᠬᠤ ᠬᠤᠷᠢᠶ᠎ᠠ ᠶᠢᠨ ᠲᠤᠰᠢᠶᠠᠨ ᠰᠢᠢᠳᠪᠦᠷᠢᠯᠡᠭᠦᠯᠦᠭᠰᠡᠨ 21 ᠬᠤᠪᠢ ᠬᠡᠷᠡᠭ ᠢ ᠰᠢᠢᠳᠪᠦᠷᠢᠯᠡᠬᠦ ᠠᠵᠢᠯ ᠢ ᠪᠡᠶᠡᠯᠡᠭᠦᠯᠪᠡ᠃ ︽ᠢᠷᠭᠡᠨ ᠤ ᠬᠡᠷᠡᠭ ᠤᠨ ᠭᠦᠢᠴᠡᠳᠬᠡᠯᠲᠡ ᠳᠤ ᠬᠢᠨᠠᠯᠲᠠ ᠲᠠᠯᠪᠢᠬᠤ᠂ ᠭᠦᠢᠴᠡᠳᠬᠡᠬᠦ ᠠᠵᠢᠯᠯᠠᠭ᠎ᠠ ᠶᠢ ᠵᠢᠷᠤᠮᠵᠢᠭᠤᠯᠬᠤ ᠲᠤᠰᠬᠠᠶ ᠲᠥᠷᠥᠯ ᠤᠨ ᠠᠵᠢᠯᠯᠠᠭᠠᠨ︾᠎ ᠢ ᠥᠪᠡᠷᠲᠡᠭᠡᠨ ᠵᠣᠬᠢᠶᠠᠨ ᠪᠠᠶᠢᠭᠤᠯᠤᠨ ᠥᠷᠨᠢᠭᠦᠯᠵᠦ᠂ ᠠᠵᠢᠯᠯᠠᠭᠠᠨ ᠤ ᠳᠤᠮᠳᠠ 1656 ᠬᠤᠪᠢ ᠭᠦᠢᠴᠡᠳᠬᠡᠬᠦ ᠬᠡᠷᠡᠭ ᠢ ᠦᠨᠡᠯᠡᠨ ᠪᠠᠶᠢᠴᠠᠭᠠᠬᠤ ᠠᠵᠢᠯ ᠢ ᠥᠷᠨᠢᠭᠦᠯᠪᠡ᠃ ᠲᠤᠰ ᠲᠤᠰᠬᠠᠶ ᠲᠥᠷᠥᠯ ᠤᠨ ᠠᠵᠢᠯᠯᠠᠭᠠᠨ ᠤ ᠲᠥᠰᠦᠯ ᠢ ᠬᠤᠳᠠ ᠶᠢᠨ ᠪᠠᠶᠢᠴᠠᠭᠠᠬᠤ ᠬᠤᠷᠢᠶ᠎ᠠ ᠬᠡᠷᠡᠭᠯᠡᠵᠦ᠂ ᠪᠦᠬᠦ ᠬᠤᠳᠠ ᠶᠢᠨ ᠪᠠᠶᠢᠴᠠᠭᠠᠬᠤ ᠰᠢᠰᠲ᠋ᠧᠮ ᠳᠤ ᠳᠡᠯᠭᠡᠷᠡᠭᠦᠯᠦᠭᠰᠡᠨ ᠪᠥᠭᠡᠳ ᠮᠠᠨ ᠤ ᠬᠤᠷᠢᠶᠠᠨ ᠳᠤ ᠲᠤᠬᠠᠶ ᠶᠢᠨ ᠭᠠᠵᠠᠷ ᠤᠨ ᠬᠤᠷᠠᠯ ᠬᠢᠵᠦ ᠲᠤᠷᠰᠢᠯᠭ᠎ᠠ ᠪᠠᠨ ᠰᠣᠯᠢᠯᠴᠠᠪᠠ᠃ ︽ᠢᠷᠭᠡᠨ ᠤ ᠬᠡᠷᠡᠭ ᠤᠨ ᠪᠠᠶᠢᠴᠠᠭᠠᠬᠤ + ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ︾᠎ ᠶᠢᠨ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ 2 ᠬᠡᠷᠡᠭ ᠢ ᠰᠢᠢᠳᠪᠦᠷᠢᠯᠡᠨ ᠳᠠᠭᠤᠰᠬᠠᠵᠤ᠂ ᠵᠠᠮ ᠬᠠᠷᠢᠯᠴᠠᠭᠠᠨ ᠤ ᠠᠳᠡᠯ ᠤᠨ ᠬᠤᠬᠢᠷᠠᠯ ᠠᠮᠰᠠᠭᠴᠢ ᠳᠤ 2 ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠮᠥᠩᠭᠦ ᠶᠢ ᠬᠠᠤᠯᠢ ᠶᠣᠰᠣᠭᠠᠷ ᠲᠠᠷᠬᠠᠭᠠᠪᠠ᠃      ︵ᠲᠦᠷᠪᠡ︶ ᠬᠠᠮᠲᠤᠪᠠᠷ ᠵᠥᠪᠳᠡᠯᠴᠡᠬᠦ ᠪᠠᠷ ᠨᠠᠮᠳᠠᠭᠤᠯᠬᠤ ᠶᠢ ᠠᠬᠢᠭᠤᠯᠵᠤ᠂ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠢ ᠪᠣᠳᠠᠲᠠᠶᠢᠵᠢᠭᠤᠯᠪᠠ᠃ ︽ᠦᠨᠳᠦᠰᠦᠨ ᠱᠠᠲᠤᠨ ᠤ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠢ ᠠᠬᠢᠭᠤᠯᠬᠤ ᠣᠨ︾᠎ ᠤ ᠠᠵᠢᠯᠯᠠᠭᠠᠨ ᠪᠠ ︽ᠵᠠᠰᠠᠭ ᠵᠠᠬᠢᠷᠭᠠᠨ ᠤ ᠵᠠᠷᠭᠤ ᠶᠢᠨ ᠪᠤᠰᠤ ᠭᠦᠢᠴᠡᠳᠬᠡᠬᠦ ᠲᠤᠰᠬᠠᠶ ᠲᠥᠷᠥᠯ ᠤᠨ ᠠᠵᠢᠯᠯᠠᠭᠠᠨ︾᠎ ᠢ ᠢᠳᠡᠪᠬᠢᠲᠡᠶ ᠥᠷᠨᠢᠭᠦᠯᠵᠦ᠂ ᠵᠠᠰᠠᠭ ᠵᠠᠬᠢᠷᠭᠠᠨ ᠤ ᠰᠢᠢᠳᠬᠡᠯ ᠤᠨ ᠬᠡᠷᠡᠭ ᠤᠨ ᠡᠪᠬᠡᠮᠡᠯ ᠢ ᠨᠡᠶᠢᠳᠡ 106 ᠳᠡᠪᠲᠡᠷ᠂ ᠵᠠᠰᠠᠭ ᠵᠠᠬᠢᠷᠭᠠᠨ ᠤ ᠵᠠᠷᠭᠤ ᠶᠢᠨ ᠪᠤᠰᠤ ᠭᠦᠢᠴᠡᠳᠬᠡᠬᠦ ᠬᠡᠷᠡᠭ ᠤᠨ ᠡᠪᠬᠡᠮᠡᠯ ᠢ 43 ᠳᠡᠪᠲᠡᠷ ᠰᠢᠯᠵᠢᠭᠦᠯᠦᠨ ᠠᠪᠤᠪᠠ᠃ ᠠᠵᠢᠯᠯᠠᠭᠠᠨ ᠤ ᠳᠤᠮᠳᠠ 17 ᠵᠦᠢᠯ ᠢ ᠬᠡᠷᠡᠭ ᠪᠣᠯᠭᠠᠨ ᠲᠠᠩᠰᠠᠯᠠᠵᠤ᠂ 16 ᠬᠤᠪᠢ ᠪᠠᠶᠢᠴᠠᠭᠠᠬᠤ ᠰᠠᠨᠠᠭᠤᠯᠭ᠎ᠠ ᠶᠢ ᠲᠣᠭᠲᠠᠭᠠᠨ ᠲᠠᠷᠬᠠᠭᠠᠵᠤ᠂ ᠪᠦᠬᠦᠨ ᠢ ᠬᠦᠯᠢᠶᠠᠨ ᠠᠪᠤᠭᠰᠠᠨ ᠪᠠᠶᠢᠨ᠎ᠠ᠃ ᠰᠣᠯᠢᠯᠴᠠᠭ᠎ᠠ ᠵᠣᠬᠢᠴᠠᠭᠤᠯᠭ᠎ᠠ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠡᠯ᠎ᠡ ᠡᠲᠡᠭᠡᠳ ᠤᠨ ᠬᠢᠨ ᠤ ᠵᠠᠰᠠᠭ ᠵᠠᠬᠢᠷᠭᠠᠨ ᠤ ᠪᠠᠶᠢᠴᠠᠭᠠᠬᠤ ᠠᠵᠢᠯ ᠳᠤ ᠳᠡᠮᠵᠢᠯᠭᠡ ᠦᠵᠡᠭᠦᠯᠬᠦ ᠪᠠᠷ ᠴᠢᠷᠮᠠᠶᠢᠵᠤ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠦᠨᠡᠨ ᠪᠣᠳᠠᠲᠠᠶ ᠪᠠᠷ ᠨᠠᠮᠳᠠᠭᠤᠯᠬᠤ ᠶᠢ ᠢᠳᠡᠪᠬᠢᠲᠡᠶ ᠠᠬᠢᠭᠤᠯᠵᠤ᠂ ᠬᠡᠷᠡᠭ ᠢ ᠳᠠᠭᠤᠰᠬᠠᠵᠤ ᠤᠴᠢᠷ ᠶᠠᠪᠤᠳᠠᠯ ᠢ ᠲᠤᠶᠢᠯᠪᠤᠷᠢᠲᠠᠢ ᠮᠥᠷᠲᠡᠭᠡᠨ ᠬᠠᠨᠤᠮᠵᠢᠲᠠᠢ ᠰᠢᠢᠳᠪᠦᠷᠢᠯᠡᠬᠦ ᠶᠢ ᠴᠢᠷᠮᠠᠶᠢᠨ ᠪᠡᠶᠡᠯᠡᠭᠦᠯᠪᠡ᠃      ︵ᠲᠠᠪᠤ︶ ᠬᠠᠷᠢᠭᠤᠴᠠᠯᠭ᠎ᠠ ᠡᠭᠦᠷᠭᠡᠯᠡᠬᠦ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠵᠤ᠂ ᠴᠣᠩᠬᠤᠪᠴᠢ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠢ ᠴᠢᠩᠭᠠᠳᠬᠠᠪᠠ᠃ ︽ᠴᠠᠭᠠᠰᠤᠨ ᠳᠡᠭᠡᠷ᠎ᠡ ᠡᠷᠡᠭᠦᠦ ᠰᠢᠢᠳᠬᠡᠯ ᠭᠦᠢᠴᠡᠳᠬᠡᠬᠦ︾᠎ ᠶᠢ ᠲᠦᠢᠯᠪᠤᠷᠢᠲᠠᠶ ᠪᠠᠶᠢᠴᠠᠭᠠᠵᠤ᠂ ᠬᠠᠤᠯᠢ ᠲᠣᠭᠲᠠᠭᠠᠯ ᠢ ᠵᠥᠷᠢᠴᠡᠨ ᠡᠷᠡᠭᠦᠦ ᠰᠢᠢᠳᠬᠡᠯ ᠢ ᠬᠥᠩᠭᠡᠯᠡᠬᠦ᠂ ᠲᠡᠩᠰᠡᠨ ᠰᠤᠯᠠᠯᠠᠬᠤ᠂ ᠭᠢᠨᠳᠠᠨ ᠤ ᠭᠠᠳᠠᠨ᠎ᠠ ᠲᠦᠷ ᠭᠦᠢᠴᠡᠳᠬᠡᠬᠦ ᠵᠡᠷᠭᠡ ᠠᠰᠠᠭᠤᠳᠠᠯ ᠢ ᠪᠠᠶᠢᠴᠠᠭᠠᠬᠤ ᠲᠤᠰᠬᠠᠶ ᠠᠵᠢᠯᠯᠠᠭᠠᠨ ᠥᠷᠨᠢᠭᠦᠯᠵᠦ᠂ 3000 ᠭᠠᠷᠤᠶ ᠡᠷᠡᠭᠦᠦ ᠶᠢᠨ ᠬᠡᠷᠡᠭ ᠤᠨ ᠡᠪᠬᠡᠮᠡᠯ ᠢ ᠬᠢᠨᠠᠨ ᠪᠠᠶᠢᠴᠠᠭᠠᠵᠤ᠂ ᠱᠠᠭᠠᠷᠳᠠᠯᠭ᠎ᠠ ᠶᠣᠰᠣᠭᠠᠷ ᠠᠵᠢᠯᠯᠠᠭᠠᠨ ᠤ ᠪᠠᠶᠢᠳᠠᠯ ᠢᠶᠠᠨ ᠬᠤᠳᠠ ᠶᠢᠨ ᠪᠠᠶᠢᠴᠠᠭᠠᠬᠤ ᠬᠤᠷᠢᠶ᠎ᠠ ᠳᠤ ᠱᠠᠲᠤ ᠬᠤᠪᠢᠶᠠᠨ ᠮᠡᠳᠡᠭᠦᠯᠪᠡ᠃ ᠪᠥᠬᠦ ᠵᠢᠯ ᠳᠤ ᠬᠠᠤᠯᠢ ᠵᠥᠷᠢᠴᠡᠭᠰᠡᠨ ᠢ ᠵᠠᠯᠠᠷᠠᠭᠤᠯᠬᠤ ᠮᠡᠳᠡᠭᠳᠡᠯ ᠤᠨ ᠪᠢᠴᠢᠭ ᠢ 6 ᠬᠤᠪᠢ ᠲᠠᠷᠬᠠᠭᠠᠵᠤ᠂ ᠬᠤᠷᠢᠭᠳᠠᠵᠤ ᠪᠠᠶᠢᠭ᠎ᠠ 1 ᠬᠥᠮᠦᠨ ᠤ ᠬᠤᠯᠢᠯᠳᠤᠭᠤᠯᠤᠨ ᠬᠠᠮᠢᠶᠠᠷᠴᠤ ᠬᠤᠯᠢᠯᠳᠤᠭᠤᠯᠤᠨ ᠬᠤᠷᠢᠭᠰᠠᠨ ᠠᠰᠠᠭᠤᠳᠠᠯ ᠢ ᠵᠠᠯᠠᠷᠠᠭᠤᠯᠵᠤ᠂ ᠨᠡᠶᠢᠭᠡᠮ ᠲᠣᠭᠤᠷᠢᠭ ᠤᠨ 2 ᠬᠥᠮᠦᠨ ᠢ ᠬᠠᠮᠢᠶᠠᠷᠤᠯᠲᠠ ᠠᠴᠠ ᠰᠠᠯᠭᠠᠭᠰᠠᠨ᠂ 1 ᠬᠥᠮᠦᠨ ᠢ ᠬᠠᠮᠢᠶᠠᠷᠤᠯᠲᠠ ᠠᠴᠠ ᠣᠷᠬᠢᠭᠳᠠᠭᠤᠯᠤᠭᠰᠠᠨ ᠪᠠᠶᠢᠳᠠᠯ ᠢ ᠵᠠᠯᠠᠷᠠᠭᠤᠯᠪᠠ᠃ ᠬᠡᠷᠡᠭ ᠤᠨ ᠬᠠᠮᠢᠶᠠᠷᠤᠯᠲᠠ ᠶᠢ ᠴᠢᠩᠭᠠᠳᠬᠠᠵᠤ᠂ ᠮᠥᠷᠳᠡᠨ ᠪᠠᠶᠢᠴᠠᠭᠠᠬᠤ ᠪᠠᠶᠢᠭᠤᠯᠤᠯᠭ᠎ᠠ ᠶᠢᠨ ᠰᠢᠯᠵᠢᠭᠦᠯᠦᠨ ᠬᠦᠷᠭᠡᠭᠰᠡᠨ ᠡᠪᠬᠡᠮᠡᠯ ᠤᠨ ᠮᠠᠲ᠋ᠧᠷᠢᠶᠠᠯ ᠳᠤ 100 ᠭᠠᠷᠤᠶ ᠤᠳᠠᠭ᠎ᠠ ᠵᠠᠯᠠᠷᠠᠭᠤᠯᠬᠤ ᠰᠠᠨᠠᠯ ᠳᠤᠷᠠᠳᠴᠤ᠂ 13 ᠵᠦᠢᠯ ᠢ ᠨᠥᠬᠦᠪᠥᠷᠢᠯᠡᠨ ᠬᠦᠷᠭᠡᠵᠦ ᠵᠠᠯᠠᠷᠠᠭᠤᠯᠤᠭᠤᠯᠬᠤ ᠪᠠᠷ ᠱᠠᠭᠠᠷᠳᠠᠵᠤ᠂ 1 ᠵᠦᠢᠯ ᠢ ᠦᠯᠦ ᠬᠦᠯᠢᠶᠡᠨ ᠰᠢᠢᠳᠪᠦᠷᠢᠯᠡᠬᠦ ᠲᠣᠭᠲᠠᠭᠠᠯ ᠭᠠᠷᠭᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠺᠠᠳ᠋ᠷ ᠢ ᠰᠣᠩᠭᠤᠨ ᠲᠣᠮᠢᠯᠠᠬᠤ᠂ ᠭᠠᠴᠠᠭ᠎ᠠ ᠲᠣᠰᠬᠤᠨ ᠤ ᠬᠤᠭᠤᠴᠠᠭ᠎ᠠ ᠰᠣᠯᠢᠬᠤ ᠰᠣᠩᠭᠤᠭᠤᠯᠢ ᠵᠡᠷᠭᠡ ᠠᠵᠢᠯ ᠳᠤ ᠬᠠᠮᠵᠢᠯᠴᠠᠨ᠂ ᠬᠠᠤᠯᠢ ᠠᠴᠠ ᠵᠥᠷᠢᠴᠡᠭᠰᠡᠨ ᠲᠡᠮᠳᠡᠭᠯᠡᠯ ᠢ 6415 ᠬᠥᠮᠦᠨ ᠤᠳᠠᠭ᠎ᠠ ᠪᠠᠶᠢᠴᠠᠭᠠᠪᠠ᠃ ᠵᠠᠭᠠᠯᠳᠤᠨ ᠭᠤᠮᠣᠳᠠᠯ ᠲᠣᠭᠠᠴᠢᠬᠤ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢ 57 ᠬᠤᠪᠢ 77 ᠬᠥᠮᠦᠨ ᠢ ᠬᠦᠯᠢᠶᠡᠨ ᠠᠪᠴᠤ᠂ 7 ᠡᠳᠦᠷ ᠤᠨ ᠳᠣᠲᠣᠷ᠎ᠠ ᠵᠢᠷᠤᠮ ᠤᠨ ᠴᠢᠨᠠᠷᠲᠠᠶ ᠬᠠᠷᠢᠭᠤᠯᠲᠠ ᠥᠭᠭᠦᠭᠰᠡᠨ ᠨᠤᠷᠮ᠎ᠠ ᠪᠠ 3 ᠰᠠᠷ᠎ᠠ ᠶᠢᠨ ᠳᠣᠲᠣᠷ᠎ᠠ ᠦᠷ᠎ᠡ ᠳ᠋ᠦᠩ ᠤᠨ ᠴᠢᠨᠠᠷᠲᠠᠶ ᠬᠠᠷᠢᠭᠤᠯᠲᠠ ᠥᠭᠭᠦᠭᠰᠡᠨ ᠨᠤᠷᠮ᠎ᠠ ᠨᠢ ᠴᠥᠮ 100%᠎ ᠳᠤ ᠬᠦᠷᠴᠦ᠂ ︽ᠬᠡᠷᠡᠭ ᠪᠦᠬᠦᠨ ᠬᠠᠷᠢᠭᠤᠯᠲᠠ ᠲᠠᠢ ᠪᠠᠶᠢᠵᠤ᠂ ᠬᠡᠷᠡᠭ ᠪᠦᠬᠦᠨ ᠦᠷ᠎ᠡ ᠳ᠋ᠦᠩ ᠲᠠᠢ ᠪᠠᠶᠢᠬᠤ︾ ᠪᠠᠶᠢᠬᠤ ᠶᠢ ᠪᠡᠶᠡᠯᠡᠭᠦᠯᠪᠡ᠃ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢ ᠥᠷᠨᠢᠭᠦᠯᠵᠦ᠂ ᠨᠡᠶᠢᠲᠡ 8 ᠬᠥᠮᠦᠨ ᠢ ᠠᠪᠤᠷᠠᠨ ᠲᠤᠰᠠᠯᠠᠵᠤ᠂ 10.1 ᠲᠦᠮᠡᠨ ᠲᠥᠭᠦᠷᠢᠭ ᠤᠨ ᠠᠪᠤᠷᠠᠨ ᠲᠤᠰᠠᠯᠠᠯᠲᠠ ᠶᠢᠨ ᠮᠥᠩᠭᠦ ᠲᠠᠷᠬᠠᠭᠠᠪᠠ᠃ 12309 ᠪᠠᠶᠢᠴᠠᠭᠠᠬᠤ ᠠᠵᠢᠯ ᠤᠨ ᠦᠢᠯᠡᠴᠢᠯᠡᠭᠡᠨ ᠤ ᠰᠢᠭᠤᠳ ᠤᠲᠠᠰᠤ ᠶᠢ 24 ᠴᠠᠭ ︽ᠠᠮᠠᠷᠠᠭᠤᠯᠤᠯ ᠦᠭᠡᠢ︾᠂ ︽ᠲᠠᠰᠤᠯᠳᠠᠭᠤᠯᠤᠯ ᠦᠭᠡᠢ︾ ᠦᠭᠡᠢ ᠪᠠᠶᠢᠯᠭᠠᠵᠤ᠂ ᠠᠷᠠᠳ ᠲᠦᠮᠡᠨ ᠤ ᠬᠦᠰᠡᠯ ᠱᠠᠭᠠᠷᠳᠠᠯᠭ᠎ᠠ ᠳᠤ ᠬᠠᠷᠢᠭᠤ ᠲᠤᠰᠬᠠᠯ ᠥᠭᠪᠡ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号