2021 ᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠳᠡ ︵ᠬᠤᠶᠠᠷ︶
ᠨᠡᠶᠢᠲᠡᠯᠡᠭᠰᠡᠨ ᠴᠠᠭ᠄
2021/5/7
     ᠭᠤᠷᠪᠠ᠂ ᠬᠡᠪ ᠴᠢᠨᠠᠷ ᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ ᠡᠩᠨᠡᠭᠡ ᠶᠢᠨ ᠪᠠᠶᠢᠭᠤᠯᠤᠯᠲᠠ ᠶᠢ ᠳᠠᠶᠢᠴᠢᠯᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠪᠠ      ︵ᠨᠢᠭᠡ︶ ᠨᠠᠮ ᠤᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠵᠦ᠂ ᠤᠶᠤᠨ ᠰᠠᠨᠠᠭᠠᠨ ᠤ ᠵᠢᠯᠤᠭᠤᠳᠤᠯᠭ᠎ᠠ ᠶᠢ ᠴᠢᠩᠭᠠᠳᠬᠠᠪᠠ᠃ ᠨᠠᠮ ᠤᠨ ᠪᠠᠶᠢᠭᠤᠯᠤᠯᠲᠠ ᠶᠢᠨ ᠠᠵᠢᠯ ᠢ ᠴᠢᠬᠤᠯᠠ ᠪᠠᠶᠢᠷᠢᠨ ᠳᠤ ᠲᠠᠯᠪᠢᠵᠤ᠂ ᠨᠠᠮ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠢ ᠣᠷᠭᠠᠨᠢᠭ ᠢᠶᠠᠷ ᠤᠶᠠᠯᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠪᠠ᠃ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠪᠦᠬᠦ ᠵᠢᠯ ᠳᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠭᠤᠣᠯᠯᠠᠬᠤ ᠳᠤᠭᠤᠶᠢᠯᠠᠩ ᠤᠨ ᠰᠤᠷᠤᠯᠴᠠᠯᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠤᠳᠤᠷᠢᠳᠬᠤ ᠺᠠᠳ᠋ᠷ ᠲᠤᠰ ᠪᠦᠷᠢ 12 ᠤᠳᠠᠭ᠎ᠠ ᠨᠠᠮ ᠤᠨ ᠬᠢᠴᠢᠶᠡᠯ ᠣᠷᠣᠵᠤ᠂ ᠤᠯᠤᠰ ᠲᠦᠷᠦ ᠶᠢᠨ ᠤᠨᠤᠯ ᠢ ᠪᠠᠶᠢᠩᠭᠤ ᠰᠤᠷᠤᠯᠴᠠᠵᠤ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠤᠯᠤᠰ ᠲᠦᠷᠦ ᠶᠢᠨ ᠴᠢᠭᠯᠡᠯ ᠢᠶᠠᠨ ᠪᠠᠲᠤᠳᠬᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠪᠡ᠃ ᠴᠢᠩᠭ᠎ᠠ ᠬᠠᠮᠢᠶᠠᠷᠤᠨ ᠦᠨᠡᠨ ᠬᠦ ᠬᠠᠯᠠᠮᠵᠢᠯᠠᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠪᠠᠶᠢᠴᠠᠭᠠᠬᠤ ᠬᠤᠷᠢᠶ᠎ᠠ ᠶᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ︽ᠭᠤᠷᠪᠠᠨ ᠲᠣᠭᠲᠠᠭᠠᠯ︾ ᠢ ᠬᠢᠨᠠᠮᠠᠭᠠᠶ ᠬᠡᠷᠡᠭᠵᠢᠭᠦᠯᠵᠦ᠂ ᠪᠠᠶᠢᠴᠠᠭᠠᠬᠤ ᠪᠠ ᠬᠡᠷᠡᠭ ᠰᠢᠢᠳᠪᠦᠷᠢᠯᠡᠬᠦ ᠳᠤ ᠯᠠᠪᠯᠠᠬᠤ ᠪᠤᠶᠤ ᠨᠥᠯᠥᠭᠡ ᠦᠵᠡᠭᠦᠯᠬᠦ᠂ ᠣᠷᠣᠯᠴᠠᠬᠤ ᠵᠡᠷᠭᠡ ᠴᠢᠬᠤᠯᠠ ᠶᠡᠭᠡ ᠲᠡᠮᠳᠡᠭᠯᠡᠯ ᠪᠠ ᠮᠡᠳᠡᠭᠦᠯᠦᠯᠲᠡ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠨᠡᠶᠢᠳᠡ 20 ᠬᠤᠪᠢ ᠮᠡᠳᠡᠭᠦᠯᠦᠯᠲᠡ ᠬᠢᠵᠦ᠂ ᠬᠠᠤᠯᠢ ᠪᠠᠷᠢᠬᠤ ᠦᠢᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠪᠠ᠃ ᠠᠵᠢᠯᠳᠠᠨ ᠤ ᠣᠷᠣᠨ ᠲᠤᠭ᠎ᠠ ᠶᠢᠨ ᠪᠠᠶᠢᠴᠠᠭᠠᠬᠤ ᠲᠤᠰᠢᠶᠠᠯᠲᠠᠨ 1 ᠬᠥᠮᠦᠨ ᠢ ᠰᠢᠯᠢᠨ ᠰᠣᠩᠭᠤᠵᠤ᠂ ᠨᠥᠬᠦᠴᠡᠯ ᠳᠤ ᠨᠡᠶᠢᠴᠡᠬᠦ 6 ᠺᠠᠳ᠋ᠷ ᠴᠠᠭᠳᠠᠭ᠎ᠠ ᠶᠢᠨ ᠲᠤᠰᠢᠶᠠᠯ ᠤᠨ ᠲᠡᠰ ᠢ ᠳᠡᠪᠰᠢᠭᠦᠯᠵᠦ᠂ ᠳᠡᠳ᠋ ᠲᠤᠰᠢᠶᠠᠯ ᠡᠭᠦᠷᠭᠡᠯᠡᠭᠡᠳ ᠪᠦᠬᠦᠯᠢ 10 ᠵᠢᠯ ᠪᠣᠯᠣᠭᠰᠠᠳ ᠢ ᠰᠣᠯᠢᠯᠴᠠᠨ ᠰᠢᠯᠵᠢᠭᠦᠯᠦᠨ ᠲᠣᠮᠢᠯᠠᠬᠤ ᠠᠵᠢᠯ ᠢ ᠪᠡᠶᠡᠯᠡᠭᠦᠯᠪᠡ᠃ ᠢᠯᠡ ᠪᠠᠷ ᠬᠠᠤᠯᠢ ᠪᠠᠷᠢᠬᠤ ᠶᠢ ᠪᠠᠷᠢᠮᠲᠠᠯᠠᠵᠤ᠂ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠠᠢ ᠬᠠᠷᠢᠯᠴᠠᠭ᠎ᠠ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠤᠯᠠᠨ ᠵᠦᠢᠯ ᠤᠨ ᠬᠡᠯᠪᠡᠷᠢ ᠪᠠᠷ ᠰᠠᠨᠠᠯ ᠬᠤᠷᠢᠶᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠠᠵᠢᠯ ᠢᠶᠠᠨ ᠬᠠᠷᠢᠭᠤ ᠮᠡᠳᠡᠭᠦᠯᠪᠡ᠃ ᠬᠤᠲᠠ ᠶᠢᠨ ᠱᠠᠲᠤᠨ ᠤ ᠠᠷᠠᠳ ᠤᠨ ᠬᠢᠨᠠᠯᠲᠠ ᠲᠠᠯᠪᠢᠭᠴᠢ ᠶᠢ ᠤᠷᠢᠵᠤ ᠲᠤᠰᠬᠠᠶ ᠬᠡᠷᠡᠭ ᠤᠨ ᠡᠪᠬᠡᠮᠡᠯ ᠤᠨ ᠶᠠᠰᠤ ᠴᠢᠨᠠᠷ ᠢ ᠦᠨᠡᠯᠡᠨ ᠪᠠᠶᠢᠴᠠᠭᠠᠬᠤ ᠠᠵᠢᠯ ᠳᠤ ᠣᠷᠣᠯᠴᠠᠭᠤᠯᠪᠠ᠃ ᠢᠯᠡ ᠪᠠᠷ ᠭᠡᠷᠡᠴᠢᠯᠡᠭᠡ ᠰᠣᠨᠣᠰᠬᠤ ᠬᠤᠷᠠᠯ ᠢ 3 ᠤᠳᠠᠭ᠎ᠠ ᠬᠤᠷᠠᠯᠳᠤᠭᠤᠯᠵᠤ᠂ ︽ᠪᠠᠶᠢᠴᠠᠭᠠᠬᠤ ᠠᠵᠢᠯ ᠤᠨ ᠨᠡᠭᠡᠭᠡᠯᠲᠡᠲᠦ ᠡᠳᠦᠷ︾ ᠤᠨ ᠠᠵᠢᠯᠯᠠᠭᠠᠨ ᠢ 2 ᠤᠳᠠᠭ᠎ᠠ ᠥᠷᠨᠢᠭᠦᠯᠵᠦ᠂ ᠲᠥᠯᠥᠭᠡᠯᠡᠭᠴᠢ᠂ ᠭᠡᠰᠢᠭᠦᠨ ᠢ ᠨᠡᠶᠢᠳᠡ 20 ᠭᠠᠷᠤᠶ ᠬᠥᠮᠦᠨ ᠤᠷᠢᠨ ᠣᠷᠣᠯᠴᠠᠭᠤᠯᠵᠤ᠂ ᠰᠠᠨᠠᠯ᠂ ᠰᠠᠨᠠᠭᠤᠯᠭ᠎ᠠ ᠶᠢ ᠪᠦᠬᠦᠨ ᠢ ᠨᠠᠶᠢᠳᠠᠪᠤᠷᠢᠵᠢᠭᠤᠯᠪᠠ᠃ ᠨᠡᠶᠢᠭᠡᠮ ᠨᠡᠶᠢᠳᠡ ᠳᠤ ᠡᠯ᠎ᠡ ᠲᠦᠷᠦᠯ ᠤᠨ ᠬᠠᠤᠯᠢ ᠴᠠᠭᠠᠵᠠ ᠶᠢᠨ ᠪᠢᠴᠢᠭ ᠬᠠᠷ᠎ᠠ ᠶᠢ 248 ᠬᠤᠪᠢ ᠢᠯᠡ ᠪᠣᠯᠭᠠᠵᠤ᠂ ᠬᠦᠨᠳᠦ ᠶᠡᠭᠡ ᠬᠡᠷᠡᠭ ᠤᠨ ᠮᠡᠳᠡᠭᠡ ᠵᠠᠩᠭᠢ ᠶᠢ 20 ᠵᠤᠷᠪᠤᠰ ᠨᠡᠶᠢᠲᠡᠯᠡᠪᠡ᠃ ᠭᠤᠣᠯ ᠰᠡᠳᠦᠪᠲᠦ ᠨᠠᠮ ᠤᠨ ᠠᠵᠢᠯᠯᠠᠭᠠᠨ ᠤ ᠡᠳᠦᠷ ᠤᠨ ᠬᠡᠯᠪᠡᠷᠢ ᠳᠤ ᠰᠢᠨ᠎ᠡ ᠶᠢ ᠡᠭᠦᠳᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠰᠤᠷᠤᠯᠴᠠᠯᠭ᠎ᠠ ᠪᠠᠷ ᠤᠯᠤᠰ ᠢᠶᠠᠨ ᠬᠦᠴᠦᠷᠬᠡᠭᠵᠢᠭᠦᠯᠬᠦ ᠲᠠᠪᠴᠠᠩ ᠢ ᠠᠰᠢᠭᠯᠠᠵᠤ᠂ ︽ᠰᠦᠯᠵᠢᠶᠡᠨ ᠳᠡᠭᠡᠷᠡᠬᠢ ᠨᠠᠮ ᠤᠨ ᠬᠢᠴᠢᠶᠡᠯ︾ ᠢ ᠥᠷᠨᠢᠭᠦᠯᠵᠦ᠂ ᠤᠨᠤᠯ ᠤᠨ ᠰᠤᠷᠤᠯᠴᠠᠯᠭ᠎ᠠ ᠶᠢ ᠲᠠᠰᠤᠷᠠᠯᠳᠡ ᠦᠭᠡᠢ ᠥᠷᠨᠢᠭᠦᠯᠪᠡ᠃ ᠤᠷᠢᠳ ᠬᠤᠵᠢᠳ ︽ᠤᠷᠳᠤ ᠵᠠᠮ ᠤᠨ ᠠᠶᠠᠨ ᠲᠠᠶᠢᠨ ᠤ ᠵᠠᠮ ᠢᠶᠠᠷ ᠲᠠᠬᠢᠨ ᠵᠠᠮᠨᠠᠵᠤ᠂ ᠬᠤᠪᠢᠰᠬᠠᠯ ᠤᠨ ᠵᠤᠷᠢᠭ ᠰᠠᠨᠠᠭ᠎ᠠ ᠶᠢ ᠤᠯᠠᠮᠵᠢᠯᠠᠬᠤ︾᠂ ︽ᠭᠠᠶᠢᠬᠠᠮᠰᠢᠭᠲᠤ ᠣᠨ ᠵᠢᠯ ᠤᠳ ᠢ ᠡᠷᠭᠢᠴᠡᠭᠦᠯᠦᠨ᠂ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ︾ ᠵᠡᠷᠭᠡ 12 ᠤᠳᠠᠭ᠎ᠠ ᠶᠢᠨ ᠭᠤᠣᠯ ᠰᠡᠳᠦᠪᠲᠦ ᠨᠠᠮ ᠤᠨ ᠠᠵᠢᠯᠯᠠᠭᠠᠨ ᠤ ᠡᠳᠦᠷ ᠢ ᠥᠷᠨᠢᠭᠦᠯᠵᠦ᠂ ᠺᠠᠳ᠋ᠷ ᠴᠠᠭᠳᠠᠭ᠎ᠠ ᠨᠠᠷ ᠨᠠᠮᠴᠢ ᠴᠢᠨᠠᠷ ᠤᠨ ᠳᠠᠪᠲᠠᠯᠲᠠ ᠶᠢ ᠬᠦᠯᠢᠶᠡᠬᠦ ᠶᠠᠪᠤᠴᠠ ᠳᠤ᠂ ︽ᠲᠦᠷᠪᠡᠨ ᠤᠬᠠᠮᠰᠠᠷ︾ ᠢᠶᠠᠨ ᠤᠬᠠᠮᠰᠠᠷ ᠠᠴᠠ ᠪᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠪᠡ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯᠳᠤᠭᠠᠨ ᠢ ᠬᠤᠷᠠᠯᠳᠤᠭᠤᠯᠵᠤ᠂ ᠪᠦᠬᠦ ᠵᠢᠯ ᠤᠨ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠠᠵᠢᠯ ᠢ ᠪᠠᠶᠢᠷᠢᠯᠠᠭᠤᠯᠪᠠ︔ ︽ᠴᠢᠩᠭ᠎ᠠ ᠴᠡᠭᠴᠡᠯᠡᠨ᠂ ᠳᠡᠭᠡᠭᠰᠢᠯᠡᠯᠲᠡ ᠶᠢ ᠠᠬᠢᠭᠤᠯᠤᠨ᠂ ᠲᠦᠷᠢ ᠲᠥᠷᠬᠦ ᠶᠢ ᠴᠣᠭᠴᠠᠯᠠᠬᠤ︾ ᠰᠠᠬᠢᠯᠭ᠎ᠠ ᠪᠠᠲᠤ ᠪᠠ ᠰᠤᠷᠲᠠᠯ ᠤᠨ ᠬᠥᠮᠦᠵᠢᠯ ᠴᠡᠭᠴᠡᠯᠡᠯᠲᠡ ᠶᠢᠨ ᠠᠵᠢᠯᠯᠠᠭᠠᠨ ᠪᠠ ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ︾ ᠠᠵᠢᠯ ᠢ ᠬᠢᠨᠠᠮᠠᠭᠠᠶ ᠥᠷᠨᠢᠭᠦᠯᠵᠦ᠂ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠶᠢᠨ ᠲᠠᠯ᠎ᠠ ᠪᠠᠷ ᠬᠢ ᠠᠰᠠᠭᠤᠳᠠᠯ ᠢ ᠭᠦᠨᠵᠡᠭᠡᠶ ᠪᠠᠶᠢᠴᠠᠭᠠᠨ ᠢᠯᠡᠷᠡᠭᠦᠯᠬᠦ ᠶᠢᠨ ᠬᠠᠮᠲᠤ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠪᠠ᠃ ᠰᠡᠷᠡᠮᠵᠢᠯᠡᠭᠦᠯᠬᠦ ᠬᠥᠮᠦᠵᠢᠯ᠂ ᠴᠢᠬᠡᠴᠢ ᠵᠠᠰᠠᠭ ᠤᠨ ᠬᠥᠮᠦᠵᠢᠯ ᠢ ᠲᠤᠰᠪᠦᠷᠢ 2 ᠤᠳᠠᠭ᠎ᠠ ᠥᠷᠨᠢᠭᠦᠯᠪᠡ᠃ ᠦᠵᠡᠯ ᠤᠬᠠᠮᠰᠠᠷ ᠤᠨ ᠬᠡᠯᠪᠡᠷᠢ ᠶᠢᠨ ᠪᠠᠬᠢᠯᠡᠯᠲᠡ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠬᠤᠣᠷ ᠨᠥᠯᠥᠭᠡ ᠶᠢ ᠪᠦᠬᠦ ᠲᠠᠯ᠎ᠠ ᠪᠠᠷ ᠠᠷᠢᠯᠭᠠᠵᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠪᠠ᠃ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠢ ᠠᠬᠢᠭᠤᠯᠵᠤ᠂ ︽ᠲᠡᠷᠢᠭᠦᠨ ᠤ ᠬᠢ ᠶᠢ ᠲᠡᠮᠡᠴᠡᠨ ᠤᠯᠬᠤ᠂ ᠲᠡᠷᠢᠭᠦᠨ ᠤ ᠬᠢ ᠶᠢ ᠡᠭᠦᠳᠬᠦ︾ ᠪᠠᠶᠢᠴᠠᠭᠠᠬᠤ ᠬᠠᠷᠠᠯᠲᠠ ᠶᠢ ᠪᠤᠢ ᠪᠣᠯᠭᠠᠵᠤ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠵᠦ ᠂ ᠰᠤᠷᠤᠯᠴᠠᠬᠤ᠂ ᠰᠡᠳᠬᠢᠬᠦ᠂ ᠦᠢᠯᠡᠳᠦᠯᠭᠡᠵᠢᠭᠦᠯᠬᠦ᠂ ᠤᠬᠠᠮᠰᠠᠷᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠬᠥᠮᠥᠵᠢᠭᠦᠯᠵᠦ᠂ ᠪᠠᠶᠢᠴᠠᠭᠠᠬᠤ ᠠᠵᠢᠯ ᠤᠨ ᠰᠣᠶᠣᠯ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠵᠢᠷᠭᠤᠳᠤᠭᠠᠷ ᠬᠤᠭᠤᠴᠠᠭᠠᠨ ᠤ ︽ᠪᠦᠬᠦ ᠤᠯᠤᠰ ᠤᠨ ᠪᠣᠯᠪᠠᠰᠤᠨ ᠨᠢᠭᠡᠴᠡ︾ ᠶᠢᠨ ᠢᠷᠠᠭᠤ ᠠᠯᠳᠠᠷ ᠢ ᠬᠦᠷᠳᠡᠪᠡ᠃      ︵ᠬᠤᠶᠠᠷ︶ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠪᠡ᠃ ︽ᠲᠦᠷᠪᠡᠨ ᠲᠡᠮᠤᠷ ᠮᠡᠲᠦ ᠪᠠᠲᠦ ᠴᠢᠩᠭ᠎ᠠ︾ ᠰᠢᠯᠭᠠᠷᠠᠭᠰᠠᠨ ᠪᠠᠶᠢᠴᠠᠭᠠᠬᠤ ᠡᠩᠨᠡᠭᠡ ᠶᠢ ᠪᠠᠶᠢᠭᠤᠯᠬᠤ ᠪᠠᠷ ᠭᠤᠣᠯ ᠬᠦᠭ ᠠᠶᠠᠰ ᠪᠣᠯᠭᠠᠬᠤ ᠶᠢ ᠪᠠᠷᠢᠮᠲᠠᠯᠠᠪᠠ᠃ ᠤᠳᠤᠷᠢᠳᠬᠤ ᠪᠠᠭ ᠤᠨ ᠪᠦᠷᠢᠯᠳᠦᠬᠦᠨ ᠨᠡᠷ ᠦᠯᠢᠭᠡᠷ ᠳᠠᠭᠤᠷᠢᠶᠠᠯ ᠤᠨ ᠦᠢᠯᠡᠳᠦᠯ ᠢᠶᠠᠨ ᠪᠠᠳᠠᠷᠠᠭᠤᠯᠵᠤ᠂ ᠤᠬᠠᠮᠰᠠᠷ ᠠᠴᠠ ᠪᠠᠨ ︽ᠡᠮᠦᠨ᠎ᠡ ᠨᠢ ᠭᠠᠪᠰᠢᠭᠠᠶᠢᠯᠠᠬᠤ ᠂ ᠲᠠᠶᠢᠴᠢᠯᠠᠨ ᠳᠠᠭᠠᠭᠤᠯᠬᠤ︾ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠢᠲᠡᠭᠡᠯ ᠵᠣᠷᠢᠭ ᠡᠷᠡᠰ ᠪᠠᠲᠤ᠂ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠵᠤ ᠪᠣᠳᠠᠲᠠᠶ ᠶᠢ ᠡᠷᠬᠢᠮᠯᠡᠬᠦ᠂ ᠲᠥᠪ ᠭᠤᠣᠯᠴᠢ ᠠᠷᠢᠭᠤᠨ ᠴᠢᠬᠡᠴᠢ᠂ ᠠᠵᠢᠯ ᠤᠨ ᠰᠤᠷᠲᠠᠯ ᠵᠡᠷᠭᠡ ᠲᠠᠯ᠎ᠠ ᠪᠠᠷ ᠦᠯᠢᠭᠡᠷ ᠳᠠᠭᠤᠷᠢᠶᠠᠯ ᠪᠤᠯᠪᠠ᠃ ᠠᠵᠢᠯ ᠤᠨ ᠪᠠᠶᠢᠷᠢ ᠶᠢᠨ ᠪᠤᠯᠪᠠᠰᠦᠷᠠᠯ ᠢ ᠴᠢᠩᠭᠠᠳᠬᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠰᠤᠷᠭᠠᠯ ᠦᠭᠡ ᠶᠢᠨ ᠵᠣᠷᠢᠭ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠬᠠᠤᠯᠢ ᠶᠢᠨ ᠴᠠᠭᠳᠠᠭ᠎ᠠ ᠶᠢᠨ ᠬᠡᠪ ᠴᠢᠳᠠᠪᠤᠷᠢ ᠶᠢᠨ ᠪᠤᠯᠪᠠᠰᠦᠷᠠᠯ ᠢ ᠴᠢᠩᠭᠠᠳᠬᠠᠵᠤ᠂ ᠪᠠᠶᠢᠴᠠᠭᠠᠬᠤ ᠡᠭᠦᠷᠭᠡ ᠶᠢ ᠭᠦᠢᠴᠡᠳᠬᠡᠵᠦ ᠪᠠᠶᠢᠭ᠎ᠠ ᠺᠠᠳ᠋ᠷ ᠴᠠᠭᠳᠠᠭ᠎ᠠ ᠶᠢᠨ ᠪᠡᠶ᠎ᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠪᠠ᠃ ︽ᠪᠥᠬᠦ ᠬᠤᠲᠠ ᠶᠢᠨ ᠰᠢᠯᠢᠳᠡᠭ ᠠᠯᠪᠠᠨ ᠵᠠᠭᠠᠯᠳᠤᠭᠴᠢ ᠵᠢᠴᠢ ᠡᠷᠡᠭᠦᠤ ᠶᠢᠨ ᠬᠡᠷᠡᠭ ᠤᠨ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠴᠢᠳᠠᠪᠤᠷᠢᠲᠠᠨ ᠤ ᠤᠷᠤᠯᠳᠤᠭᠠᠨ︾ ᠳᠤ᠂ ᠮᠠᠨ ᠤ ᠬᠤᠷᠢᠶᠠᠨ ᠤ 3 ᠺᠠᠳ᠋ᠷ ᠴᠠᠭᠳᠠᠭ᠎ᠠ 6 ᠵᠤᠶᠢᠯ ᠤᠨ ᠱᠠᠩᠨᠠᠯ ᠭᠥᠷᠳᠡᠪᠡ᠃ ᠺᠠᠳ᠋ᠷ ᠴᠠᠭᠳᠠᠭ᠎ᠠ ᠶᠢᠨ ᠠᠩᠬᠠᠨ ᠤ ᠡᠭᠦᠳᠦᠯᠲᠡ ᠶᠢᠨ ᠸᠢᠳᠢᠣ᠋ ︽ᠮᠣᠩᠭᠤᠯ ᠬᠡᠦᠬᠡᠨ ᠤ ᠪᠠᠶᠢᠴᠠᠭᠠᠬᠤ ᠠᠵᠢᠯ ᠤᠨ ᠠᠩᠬᠠᠨ ᠤ ᠥᠩᠭᠡᠷᠡᠯᠲᠡ︾ ᠶᠢ ᠰᠢᠨᠬᠤᠸᠠ ᠬᠤᠷᠢᠶ᠎ᠠ ᠰᠢᠯᠵᠢᠭᠦᠯᠦᠨ ᠨᠡᠶᠢᠲᠡᠯᠡᠵᠦ᠂ ᠨᠢᠭᠡ ᠡᠳᠦᠷ ᠤᠨ ᠤᠩᠰᠢᠭᠰᠠᠨ ᠬᠡᠮᠵᠢᠶ᠎ᠡ 85 ᠲᠦᠮᠡ ᠶᠢ ᠳᠠᠪᠠᠪᠠ᠃          ︵ᠭᠤᠷᠪᠠ︶ ᠤᠶᠤᠨᠲᠤ ᠪᠠᠶᠢᠴᠠᠭᠠᠬᠤ ᠠᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠴᠠᠭᠠᠬᠤ ᠮᠡᠷᠭᠡᠵᠢᠯ ᠤᠨ ᠬᠡᠷᠡᠭᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠪᠡ᠃ ︽ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠲᠤᠷᠰᠢᠯᠲᠠ ᠶᠢᠨ ᠲᠠᠰᠤᠭ︾ ᠢ ᠪᠠᠶᠢᠭᠤᠯᠵᠤ᠂ ᠲᠣᠭᠲᠠᠮᠠᠯ ᠨᠡᠶᠢᠲᠡ ᠶᠢᠨ ᠠᠰᠠᠷᠠᠮᠵᠢ ᠶᠢᠨ ᠬᠤᠬᠢᠷᠠᠯ ᠳᠤ ᠤᠴᠠᠷᠠᠭᠰᠠᠨ ᠭᠡᠷᠡᠴᠢ ᠪᠠᠷᠢᠮᠲᠠ ᠶᠢᠨ ᠴᠢᠳᠠᠪᠤᠷᠢ ᠪᠠ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠬᠠᠤᠯᠢ ᠴᠠᠭᠠᠵᠠ ᠶᠢᠨ ᠬᠡᠷᠡᠭ ᠰᠢᠢᠳᠪᠦᠷᠢᠯᠡᠬᠦ ᠣᠶᠢᠯᠠᠭᠠᠭᠳᠠᠬᠤᠨ ᠢ ᠰᠠᠨᠠᠭᠠᠴᠢᠯᠠᠭ᠎ᠠ ᠠᠴᠠ ᠪᠠᠨ ᠬᠤᠪᠢᠷᠠᠭᠤᠯᠵᠤ᠂ ᠪᠦᠬᠦ ᠬᠤᠳᠠ ᠶᠢᠨ ᠠᠩᠬᠠᠳᠠᠭᠴᠢ ᠪᠠᠶᠢᠴᠠᠭᠠᠬᠤ ᠠᠵᠢᠯ ᠤᠨ ᠭᠡᠷᠡᠴᠢᠯᠡᠭᠡ ᠰᠣᠨᠣᠰᠬᠤ ᠲᠠᠰᠤᠭ ᠢ ᠪᠠᠶᠢᠭᠤᠯᠵᠤ᠂ ᠢᠨᠲ᠋ᠧᠷ ᠰᠦᠯᠵᠢᠶ᠎ᠡ ᠶᠢ ᠴᠠᠭ ᠲᠤᠬᠠᠶ ᠳᠤᠨᠢ ᠢᠯᠡ ᠪᠠᠷ ᠰᠢᠭᠤᠳ ᠨᠡᠪᠲᠡᠷᠡᠭᠦᠯᠵᠦ᠂ ᠢᠯᠡ ᠪᠣᠯᠭᠠᠬᠤ ᠪᠠᠷ ᠲᠥᠪ ᠭᠤᠣᠯᠴᠢ ᠪᠠᠶᠢᠬᠤ ᠶᠢ ᠠᠬᠢᠭᠤᠯᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠠᠯᠤᠰ ᠡᠵᠡᠮᠰᠢᠯᠲᠦ ᠬᠠᠷᠠᠭᠠᠨ ᠳᠠᠪᠲᠠᠮᠵᠢ ᠶᠢ ᠵᠦᠶ ᠵᠣᠬᠢᠰᠲᠠᠶ ᠬᠡᠷᠡᠭᠯᠡᠨ ᠬᠡᠷᠡᠭ ᠰᠢᠢᠳᠪᠦᠷᠢᠯᠡᠬᠦ ᠳᠤ ᠬᠦᠴᠦ ᠨᠡᠮᠡᠷᠢᠯᠡᠵᠦ᠂ ︽ᠬᠢᠵᠢᠭ ᠢ ᠰᠡᠷᠭᠡᠶᠢᠯᠡᠬᠦ᠂ ᠬᠡᠷᠡᠭ ᠰᠢᠢᠳᠪᠦᠷᠢᠯᠡᠬᠦ ᠶᠢᠨ ᠠᠯᠢᠨ ᠢ ᠴᠤ ᠰᠠᠭᠠᠲᠠᠭᠠᠬᠤ ᠥᠬᠡᠶ︾ ᠪᠠᠶᠢᠬᠤ ᠶᠢ ᠪᠡᠶᠡᠯᠡᠭᠦᠯᠪᠡ᠃ ᠪᠦᠬᠦ ᠵᠢᠯ ᠳᠤ ᠠᠯᠤᠰ ᠵᠠᠢ ᠠᠴᠠ 40 ᠭᠠᠷᠤᠶ ᠤᠳᠠᠭ᠎ᠠ ᠰᠢᠭᠦᠯᠳᠡ ᠬᠢᠵᠦ᠂ ᠠᠯᠤᠰ ᠵᠠᠢ ᠠᠴᠠ ᠲᠢᠩᠬᠢᠮ ᠤᠨ ᠰᠢᠭᠦᠯᠲᠡ ᠶᠢ 23 ᠤᠳᠠᠭ᠎ᠠ ᠬᠢᠵᠦ᠂ ᠠᠯᠤᠰ ᠵᠠᠢ ᠠᠴᠠ ᠰᠤᠷᠪᠤᠯᠵᠢᠯᠠᠭ᠎ᠠ ᠶᠢ 3 ᠤᠳᠠᠭ᠎ᠠ ᠬᠦᠯᠢᠶᠡᠨ ᠠᠪᠴᠤ᠂ ᠵᠠᠷᠭᠤ ᠳᠤ ᠣᠷᠣᠯᠴᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠭᠦᠢᠴᠡᠳ ᠪᠠᠲᠤᠯᠠᠪᠠ᠃      ᠨᠢᠭᠡ ᠵᠢᠯ ᠤᠨ ᠲᠤᠷᠰᠢ᠂ ᠬᠡᠰᠢᠭᠲᠡᠨ ᠬᠤᠰᠢᠭᠤᠨ ᠤ ᠪᠠᠶᠢᠴᠠᠭᠠᠬᠤ ᠠᠵᠢᠯ ᠨᠢ ᠬᠤᠰᠢᠭᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠠᠯᠠᠮᠵᠢᠯᠠᠯ ᠴᠢᠬᠤᠯᠠᠴᠢᠯᠠᠯ ᠢ ᠣᠯᠵᠤ᠂ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠪᠠᠶᠢᠭᠤᠯᠤᠯᠭ᠎ᠠ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠦᠴᠦᠲᠡᠶ ᠬᠠᠮᠵᠢᠯᠴᠠᠭ᠎ᠠ ᠶᠢ ᠣᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠴᠦᠲᠡᠶ ᠳᠡᠮᠵᠢᠯᠭᠡ ᠶᠢ ᠤᠯᠪᠠ᠃ ᠠᠳᠡ ᠪᠢ ᠪᠦᠬᠦ ᠬᠤᠷᠢᠶᠠᠨ ᠤ ᠺᠠᠳ᠋ᠷ ᠴᠠᠭᠳᠠᠭ᠎ᠠ ᠨᠠᠷ ᠤᠨ ᠡᠮᠦᠨ᠎ᠡ ᠠᠴᠠ ᠲᠥᠯᠥᠭᠡᠯᠡᠭᠴᠢᠳ ᠪᠠ ᠪᠠᠶᠢᠴᠠᠭᠠᠬᠤ ᠠᠵᠢᠯ ᠢ ᠬᠠᠯᠠᠮᠵᠢᠯᠠᠨ ᠳᠡᠮᠵᠢᠭᠰᠡᠨ ᠪᠤᠢ ᠪᠦᠬᠦᠢ ᠤᠳᠤᠷᠢᠳᠤᠯᠭ᠎ᠠ ᠪᠠ ᠨᠥᠬᠦᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      2020 ᠣᠨ ᠢ ᠡᠷᠭᠢᠴᠡᠭᠦᠯᠪᠡᠯ᠂ ᠪᠠᠶᠢᠴᠠᠭᠠᠬᠤ ᠠᠵᠢᠯ ᠰᠢᠨ᠎ᠡ ᠬᠥᠭᠵᠢᠯᠲᠡ ᠲᠠᠢ ᠪᠤᠯᠵᠤ᠂ ᠰᠢᠨ᠎ᠡ ᠳᠡᠭᠲᠡᠷ ᠲᠤ ᠭᠠᠷᠤᠭᠰᠠᠨ ᠪᠣᠯᠪᠠᠴᠤ ᠪᠠᠰᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠨ᠎ᠠ᠄ ᠨᠢᠭᠡ ᠳᠤ ᠠᠵᠢᠯᠳᠠᠨ ᠤ ᠬᠡᠪ ᠴᠢᠨᠠᠷ ᠨᠢ ᠪᠠᠶᠢᠴᠠᠭᠠᠬᠤ ᠠᠵᠢᠯ ᠤᠨ ᠤᠷᠤᠭᠰᠢᠯᠠᠯᠲᠠ ᠶᠢᠨ ᠠᠯᠬᠤᠮ ᠢ ᠲᠠᠭᠠᠵᠤ ᠠᠮᠵᠢᠬᠤ ᠦᠭᠡᠢ ᠪᠠᠶᠢᠨ᠎ᠠ᠃ ᠬᠤᠶᠠᠷ ᠲᠤ ᠳᠡᠭᠡᠳᠦ ᠱᠠᠲᠤᠨ ᠤ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠲᠡᠶᠢᠮᠦ ᠡᠷᠡᠰ ᠰᠢᠭᠤᠷᠬᠠᠶ ᠪᠢᠰᠢ᠂ ᠳᠡᠭᠡᠳᠦ ᠱᠠᠲᠤᠨ ᠤ ᠱᠠᠭᠠᠷᠳᠠᠯᠭ᠎ᠠ ᠠᠴᠠ ᠪᠠᠰᠠ ᠵᠥᠷᠢᠶ᠎ᠡ ᠲᠠᠢ ᠪᠠᠶᠢᠨ᠎ᠠ᠃ ᠭᠤᠷᠪᠠ ᠳ᠋ᠤ᠋‌‍ᠪᠠᠶᠢᠴᠠᠭᠠᠬᠤ ᠣᠶᠢᠯᠠᠭᠠᠭᠳᠠᠬᠤᠨ ᠢᠶᠠᠨ ᠴᠠᠭ ᠲᠤᠬᠠᠶ ᠳᠤᠨᠢ ᠰᠢᠨᠡᠳᠬᠡᠭᠰᠡᠨ ᠦᠭᠡᠢ᠂ ︽ᠭᠤᠷᠪᠠᠨ ᠲᠣᠭᠲᠠᠭᠠᠯ︾ ᠤᠨ ᠲᠤᠬᠠᠶ ᠲᠠᠨᠢᠯᠲᠠ ᠪᠠᠷ ᠳᠤᠲᠠᠮᠠᠭ ᠪᠠᠶᠢᠵᠤ᠂ ᠰᠣᠳᠣᠨ ᠪᠦᠲᠦᠭᠡᠯ ᠤᠨ ᠲᠤᠬᠠᠶ ᠤᠬᠠᠮᠰᠠᠷ ᠢᠶᠠᠷ ᠴᠢᠩᠭ᠎ᠠ ᠪᠢᠰᠢ ᠪᠠᠶᠢᠨ᠎ᠠ᠃ ᠲᠦᠷᠪᠡ ᠳᠤ ᠪᠠᠶᠢᠴᠠᠭᠠᠬᠤ ᠠᠵᠢᠯ ᠤᠨ ᠰᠢᠨ᠎ᠡ ᠶᠢ ᠡᠭᠦᠳᠬᠦ ᠴᠢᠳᠠᠪᠤᠷᠢ ᠬᠦᠷᠦᠯᠴᠡᠬᠦ ᠦᠭᠡᠢ ᠪᠠᠶᠢᠨ᠎ᠠ᠃ ᠡᠭᠦᠨ ᠤ ᠲᠤᠬᠠᠶ ᠮᠠᠨ ᠤ ᠬᠤᠷᠢᠶ᠎ᠠ ᠨᠡᠩ ᠰᠡᠷᠭᠡᠭ ᠲᠠᠨᠢᠯᠲᠠ᠂ ᠪᠣᠳᠠᠲᠠᠶ ᠶᠢ ᠡᠷᠬᠢᠮᠯᠡᠬᠦ ᠣᠪᠣᠷ ᠢᠶᠠᠷ ᠨᠠᠷᠢᠨ ᠬᠢᠨᠠᠮᠠᠭᠠᠶ ᠰᠤᠳᠤᠯᠤᠨ ᠰᠢᠢᠳᠪᠦᠷᠢᠯᠡᠬᠦ ᠪᠣᠯᠤᠨ᠎ᠠ᠃                    2021 ᠣᠨ ᠤ ᠠᠵᠢᠯ ᠤᠨ ᠲᠣᠬᠢᠷᠠᠭᠤᠯᠤᠯᠲᠠ      2020 ᠣᠨ ᠤ ᠡᠷᠡᠮᠡᠬᠡᠶᠢᠯᠡᠨ ᠳᠠᠪᠰᠢᠭᠰᠠᠨ ᠭᠠᠶᠢᠬᠠᠮᠰᠢᠭᠲᠤ ᠦᠢᠯᠡᠰ ᠢ ᠦᠳᠡᠨ ᠮᠣᠷᠳᠠᠭᠤᠯᠵᠤ᠂ ᠪᠢᠳᠡ 2021 ᠣᠨ ᠤ ᠴᠤ᠋ ᠰᠢᠨ᠎ᠡ ᠠᠶᠠᠯᠠᠯ ᠢᠶᠠᠨ ᠡᠬᠢᠯᠡᠭᠦᠯᠦᠯ᠎ᠡ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ᠂ ᠮᠥᠨᠴᠦ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢᠨ ᠵᠠᠩᠭᠢᠯᠠᠭ᠎ᠠ ᠶᠢᠨ ᠲᠡᠤᠬᠡ ᠶᠢᠨ ᠠᠭᠤᠯᠵᠠᠷ ᠴᠡᠭ ᠳᠡᠭᠡᠷ᠎ᠡ᠂ ᠮᠠᠨ ᠤ ᠬᠤᠷᠢᠶ᠎ᠠ ᠨᠢ ᠰᠢ ᠵᠢᠩ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ︽ᠬᠤᠶᠠᠷ ᠶᠡᠭᠡ ᠲᠠᠯ᠎ᠠ︾ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠬᠡᠷᠡᠭ ᠢ ᠦᠨᠲᠦᠷ ᠬᠢᠷᠢ ᠲᠦᠪᠰᠢᠨ ᠲᠠᠢ ᠰᠢᠢᠳᠪᠦᠷᠢᠯᠡᠬᠦ ᠪᠠᠷ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠤᠶᠢᠯᠡᠴᠢᠯᠡᠵᠦ᠂ ᠠᠷᠠᠳ ᠣᠯᠠᠨ ᠳᠤ ᠨᠠᠩ ᠰᠢᠯᠢᠳᠡᠭ ᠪᠠᠶᠢᠴᠠᠭᠠᠬᠤ ᠤᠶᠢᠯᠡᠴᠢᠯᠡᠭᠡ ᠬᠠᠩᠭᠠᠬᠤ ᠪᠠᠷ ᠴᠢᠷᠮᠠᠶᠢᠨ᠎ᠠ᠃      ᠨᠢᠭᠡ ᠳᠤ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠦᠨ᠎ᠡ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠤᠯᠤᠰ ᠲᠦᠷᠦ ᠶᠢᠨ ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ ᠪᠣᠯᠤᠨ ᠶᠡᠭᠡ ᠲᠠᠯ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠨ᠎ᠠ᠃ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠤᠬᠠᠮᠰᠠᠷ ᠠᠴᠠ ᠪᠠᠨ ᠠᠭᠤᠰᠤᠯᠴᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ ᠠᠵᠢᠯ ᠤᠨ ᠰᠡᠳᠬᠢᠮᠵᠢ ᠪᠠᠨ ᠲᠡᠭᠦᠯᠳᠡᠷᠵᠢᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠠᠵᠢᠯ ᠤᠨ ᠡᠭᠦᠷᠭᠡ ᠬᠠᠷᠢᠭᠤᠴᠠᠯᠭ᠎ᠠ  ᠪᠠᠨ ᠭᠦᠢᠴᠡᠳᠬᠡᠨ᠎ᠡ᠃ ᠬᠤᠶᠠᠷ ᠲᠤ᠋‌ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠨ᠎ᠠ᠃ ᠳᠡᠭᠡᠳᠦ ᠱᠠᠲᠤᠨ ᠤ ᠪᠠᠶᠢᠴᠠᠭᠠᠬᠤ ᠪᠠᠶᠢᠭᠤᠯᠤᠯᠭ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠣᠶᠢᠯᠠᠭᠠᠵᠤ᠂ ᠬᠤᠰᠢᠭᠤᠨ ᠤ ᠬᠡᠪᠴᠢᠶᠡᠨ ᠤ ᠠᠵᠢᠯ ᠤᠨ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠨ᠂ ᠪᠠᠶᠢᠴᠠᠭᠠᠬᠤ ᠠᠵᠢᠯ ᠢ ᠨᠠᠷᠢᠯᠢᠭ ᠪᠣᠳᠠᠲᠠᠶ ᠰᠠᠶᠢᠨ ᠭᠦᠢᠴᠡᠳᠬᠡᠨ᠎ᠡ᠃ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠬᠤ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ ᠪᠠᠲᠤᠯᠠᠬᠤ ᠲᠠᠷᠬᠠᠨ ᠡᠭᠦᠷᠭᠡ ᠶᠢ ᠦᠨᠡᠨ ᠬᠦ ᠡᠭᠦᠷᠭᠡᠯᠡᠵᠦ᠂ ᠠᠷᠠᠳ ᠤᠯᠠᠨ ᠤ ᠠᠮᠤᠷ ᠲᠦᠪᠰᠢᠨ ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠭᠤᠷᠪᠠ ᠳ᠋ᠤ᠋‌ᠠᠵᠢᠯ ᠤᠨ ᠪᠠᠷᠢᠮᠵᠢᠶ᠎ᠠ ᠶᠢ ᠴᠢᠩᠭᠠᠳᠬᠠᠨ᠎ᠠ᠃ ᠤᠯᠠᠨ ᠲᠦᠮᠡᠨ ᠤ ᠦᠨᠡᠯᠡᠯᠲᠡ ᠪᠠ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ ᠤᠯᠠᠨ ᠨᠡᠶᠢᠲᠡ ᠶᠢᠨ ᠠᠮᠤᠷ ᠲᠦᠪᠰᠢᠨ᠂ ᠲᠥᠪ ᠭᠤᠣᠯᠴᠢ ᠪᠠᠷ ᠬᠠᠤᠯᠢ ᠬᠡᠷᠡᠭᠵᠢᠭᠦᠯᠬᠦ᠂ ᠡᠷᠬᠡ ᠠᠰᠢᠭ ᠢ ᠪᠠᠲᠤᠯᠠᠬᠤ ᠲᠠᠯ᠎ᠠ ᠪᠠᠷ ᠬᠢ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠳᠤ ᠢᠳᠡᠪᠬᠢᠲᠡᠶ ᠪᠠᠷ ᠨᠡᠶᠢᠴᠡᠭᠦᠯᠵᠦ᠂ ᠤᠯᠠᠨ ᠲᠦᠮᠡᠨ ᠤ ᠠᠰᠢᠭ ᠲᠤᠰᠠ ᠶᠢ ᠰᠠᠶᠢᠲᠤᠷ ᠪᠡᠶᠡᠯᠡᠭᠦᠯᠬᠦ᠂ ᠰᠠᠶᠢᠲᠤᠷ ᠬᠠᠮᠠᠭᠠᠯᠠᠬᠤ᠂ ᠰᠠᠶᠢᠲᠤᠷ ᠬᠥᠭᠵᠢᠭᠦᠯᠬᠦ ᠶᠢ ᠪᠠᠶᠢᠴᠠᠭᠠᠬᠤ ᠠᠵᠢᠯ ᠤᠨ ᠡᠯ᠎ᠡ ᠲᠠᠯ᠎ᠠ᠂ ᠡᠯ᠎ᠡ ᠭᠤᠭᠴᠤᠭ᠎ᠠ ᠪᠠ ᠪᠦᠬᠦ ᠶᠠᠪᠤᠴᠠ ᠳᠤ ᠦᠨᠡᠨ ᠬᠦ ᠳᠤᠤᠱᠯᠠᠭᠤᠯᠤᠨ᠎ᠠ᠃ ᠲᠦᠷᠪᠡ ᠳᠤ ᠰᠢᠯᠭᠠᠷᠠᠭᠰᠠᠨ ᠪᠠᠶᠢᠴᠠᠭᠠᠬᠤ ᠡᠩᠨᠡᠭᠡ ᠶᠢ ᠳᠠᠪᠲᠠᠨ ᠪᠣᠯᠪᠠᠰᠤᠷᠠᠭᠤᠯᠤᠨ᠎ᠠ᠃ ᠤᠯᠤᠰ ᠲᠦᠷᠦ ᠶᠢᠨ ᠬᠡᠪ ᠴᠢᠨᠠᠷ ᠢ ᠳᠡᠭᠡᠭᠰᠢᠯᠡᠭᠦᠯᠬᠦ᠂ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠬᠤ ᠪᠠ ᠲᠤᠬᠠᠶᠢᠯᠠᠭᠰᠠᠨ ᠠᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠶᠢ ᠣᠷᠭᠠᠨᠢᠭ ᠢᠶᠠᠷ ᠤᠶᠠᠯᠳᠤᠭᠤᠯᠵᠤ᠂ ᠬᠦᠰᠡᠯᠡᠩ ᠢᠲᠡᠭᠡᠯ ᠵᠣᠷᠢᠭ ᠤᠨ ᠬᠥᠮᠦᠵᠢᠯ ᠢ ᠴᠢᠩᠭᠠᠳᠬᠠᠨ᠂ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ︽ᠢᠲᠡᠭᠡᠮᠵᠢᠲᠡᠶ᠂ ᠨᠠᠶᠢᠳᠠᠪᠤᠷᠢᠲᠠᠶ︾ ᠪᠠᠶᠢᠴᠠᠭᠠᠬᠤ ᠠᠵᠢᠯ ᠤᠨ ᠡᠩᠨᠡᠭᠡ ᠶᠢ ᠴᠢᠷᠮᠠᠶᠢᠨ ᠪᠠᠶᠢᠭᠤᠯᠤᠨ᠎ᠠ᠃      ᠲᠥᠯᠥᠭᠡᠯᠡᠭᠴᠢᠳ᠂ ᠭᠡᠰᠢᠭᠦᠳ ᠡ᠂ 2021 ᠣᠨ ᠤ ᠰᠢᠨ᠎ᠡ ᠪᠠᠶᠢᠳᠠᠯ᠂ ᠰᠢᠨ᠎ᠡ ᠠᠰᠠᠭᠤᠳᠠᠯ᠂ ᠰᠢᠨ᠎ᠡ ᠬᠦᠴᠢᠷᠳᠡᠯ ᠤᠨ ᠡᠮᠦᠨ᠎ᠡ᠂ ᠮᠠᠨ ᠤ ᠬᠤᠷᠢᠶᠠᠨ ᠤ ᠤᠳᠤᠷᠢᠳᠬᠤ ᠪᠠᠭ ᠪᠥᠬᠦ ᠺᠠᠳ᠋ᠷ ᠴᠠᠭᠳᠠᠭ᠎ᠠ ᠶᠢ ᠳᠠᠭᠠᠭᠤᠯᠤᠨ᠂ ᠬᠤᠰᠢᠭᠤᠨ ᠤ ᠨᠠᠮ ᠤᠨ ᠬᠤᠷᠢᠶ᠎ᠠ ᠪᠠ ᠳᠡᠭᠡᠳᠦ ᠱᠠᠲᠤᠨ ᠤ ᠪᠠᠶᠢᠴᠠᠭᠠᠬᠤ ᠪᠠᠶᠢᠭᠤᠯᠤᠯᠭ᠎ᠠ ᠶᠢᠨ ᠵᠥᠪ ᠣᠨᠣᠪᠴᠢᠲᠠᠶ ᠤᠳᠤᠷᠢᠳᠤᠯᠭ᠎ᠠ ᠳᠣᠤᠷ᠎ᠠ᠂ ᠡᠯ᠎ᠡ ᠡᠲᠡᠭᠡᠳ ᠤᠨ ᠬᠢᠨ ᠤ ᠬᠢᠨᠠᠯᠲᠠ ᠪᠠ ᠬᠠᠪᠰᠤᠷᠤᠯᠭ᠎ᠠ ᠳᠣᠤᠷ᠎ᠠ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠲᠣᠰ ᠤᠳᠠᠭᠠᠨ ᠤ ᠶᠡᠭᠡ ᠬᠤᠷᠠᠯ ᠤᠨ ᠰᠢᠢᠳᠪᠦᠷᠢ ᠶᠢ ᠨᠠᠷᠢᠨ ᠬᠢᠨᠠᠮᠠᠭᠠᠶ ᠬᠡᠷᠡᠭᠵᠢᠭᠦᠯᠦᠨ᠎ᠡ᠃ ᠴᠢᠨᠠᠷ ᠰᠠᠶᠢᠲᠠᠢ ᠪᠠᠶᠢᠴᠠᠭᠠᠬᠤ ᠠᠵᠢᠯ ᠢᠶᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠡᠰᠢᠭᠲᠡᠨ ᠬᠤᠰᠢᠭᠤᠨ ᠤ ᠪᠦᠬᠦ ᠲᠠᠯ᠎ᠠ ᠶᠢᠨ ᠬᠥᠭᠵᠢᠯᠲᠡ ᠳᠤ ᠴᠢᠩᠭ᠎ᠠ ᠬᠦᠴᠦᠲᠡᠢ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠨ᠎ᠠ︕
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号