ᠳᠤᠮᠳᠠᠳᠤ ᠤᠯᠤᠰ ᠤᠨ ᠡᠪ ᠬᠠᠮᠲᠤ ᠨᠠᠮ ᠤᠨ ᠬᠡᠰᠢᠭᠲᠡᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠬᠤᠷᠢᠶ᠎ᠠ ᠶᠢᠨ ᠳᠥᠷᠪᠡᠳᠦᠭᠡᠷ ᠣᠳᠠᠭᠠᠨ ᠤ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ | ᠬᠤᠷᠠᠯ 2021 ᠣᠨ ᠤ 12 ᠰᠠᠷ᠎ᠠ ᠶᠢᠨ 31 ᠤ ᠡᠳᠦᠷ ᠪᠢᠷᠠᠭᠤ ᠪᠠᠯᠭᠠᠰᠣᠨ ᠳᠤ ᠬᠤᠷᠠᠯᠳᠤᠪᠠ᠃ | ᠲᠣᠰ ᠤᠳᠠᠭᠠᠨ ᠤ ᠬᠤᠷᠠᠯ ᠳᠤ ᠬᠤᠰᠢᠭᠤᠨ ᠤ ᠨᠠᠮ ᠤᠨ ᠬᠤᠷᠢᠶ᠎ᠡ ᠶᠢᠨ ᠭᠡᠰᠢᠭᠦᠨ 34 ᠬᠥᠮᠦᠨ᠂ ᠣᠷᠣᠯᠠᠭᠴᠢ | ᠭᠡᠰᠢᠭᠦᠨ 7 ᠬᠥᠮᠦᠨ ᠣᠷᠣᠯᠴᠠᠵᠠᠶ᠃ ᠬᠤᠰᠢᠭᠤᠨ ᠤ ᠬᠠᠮᠢᠶ᠎ᠠ ᠪᠥᠬᠦᠶ ᠣᠳᠣᠷᠢᠳᠣᠯᠭ᠎ᠠ᠂ ᠬᠤᠰᠢᠭᠤᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠠ ᠬᠤᠯᠪᠣᠭᠳᠠᠯ | ᠪᠥᠬᠦᠶ ᠲᠠᠯ᠎ᠠ ᠶᠢᠨ ᠬᠠᠷᠢᠭᠤᠴᠠᠯᠭᠠᠲᠠᠨ᠂ ᠬᠤᠰᠢᠭᠤᠨ ᠤ ᠲᠠᠰ ᠤᠨ ᠬᠡᠰᠡᠭ ᠠᠬᠠᠮᠠᠳ ᠺᠠᠳ᠋ᠷ ᠤᠨ ᠲᠥᠯᠥᠭᠡᠯᠡᠭᠴᠢ ᠪᠠ | ᠬᠤᠰᠢᠭᠤᠨ ᠤ ᠠᠷᠪᠠᠨ ᠵᠢᠷᠭᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ | ᠱᠠᠲᠤᠨ ᠤ ᠲᠥᠯᠥᠭᠡᠯᠡᠭᠴᠢ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ | ᠱᠦᠵᠢ ᠪᠠ ᠬᠡᠰᠡᠭ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ | ᠪᠥᠬᠦᠳᠡ ᠬᠤᠷᠠᠯ ᠢ ᠬᠤᠰᠢᠭᠤᠨ ᠤ ᠨᠠᠮ ᠤᠨ ᠬᠤᠷᠢᠶ᠎ᠡ ᠶᠢᠨ ᠪᠠᠶᠢᠩᠭᠤ ᠶᠢᠨ ᠬᠤᠷᠢᠶ᠎ᠡ ᠡᠷᠬᠢᠯᠡᠪᠡ᠃ ᠬᠤᠰᠢᠭᠤᠨ ᠤ | ᠨᠠᠮ ᠤᠨ ᠬᠤᠷᠢᠶ᠎ᠡ ᠶᠢᠨ ᠱᠦᠵᠢ ᠵᠧᠦ ᠵᠢᠩ ᠮᠢᠨ᠂ ᠬᠤᠰᠢᠭᠤᠨ ᠤ ᠨᠠᠮ ᠤᠨ ᠬᠤᠷᠢᠶ᠎ᠡ ᠶᠢᠨ ᠳᠡᠳ᠋ ᠱᠦᠵᠢ᠂ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠸᠠᠩ ᠶᠦᠩ ᠴᠦᠨ ᠲᠤᠰ ᠲᠤᠰ ᠶᠠᠷᠢᠶ᠎ᠠ ᠲᠠᠯᠪᠢᠵᠠᠶ᠃ | ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ | ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠪᠣᠯᠤᠨ ᠲᠥᠪ ᠤᠨ ᠠᠵᠤ ᠠᠬᠤᠶ ᠶᠢᠨ ᠠᠵᠢᠯ ᠤᠨ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠪᠣᠯᠤᠨ | ᠤᠯᠠᠭᠠᠨᠬᠠᠳᠠ ᠬᠤᠲᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠨᠠᠶᠢᠳᠠᠪᠣᠷᠢᠵᠢᠭᠤᠯᠣᠨ᠂ 2021 ᠣᠨ ᠤ ᠡᠯ᠎ᠡ ᠳᠦᠷᠦᠯ ᠤᠨ ᠠᠵᠢᠯ ᠢ ᠡᠷᠬᠢᠴᠡᠬᠦᠯᠵᠣ᠂ 2022 ᠣᠨ ᠤ | ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠣᠨ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ | ᠪᠦᠲᠦᠮᠵᠢ ᠪᠣᠯᠤᠨ ᠲᠡᠦᠬᠡᠨ ᠲᠤᠷᠰᠢᠯᠭ᠎ᠠ ᠠᠴᠠ ᠣᠶᠤᠨ ᠤᠬᠠᠭᠠᠨ ᠪᠣᠯᠤᠨ ᠬᠦᠴᠦᠨ ᠴᠢᠳᠠᠯ ᠣᠯᠵᠤ᠂ ᠪᠥᠬᠦ ᠬᠤᠰᠢᠭᠤ ᠶᠢ | ᠳᠠᠶᠢᠴᠢᠯᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠰᠢᠨᠲᠠᠷᠠᠰᠢ ᠥᠬᠡᠶ ᠪᠠᠲᠤ ᠴᠣᠭᠴᠠᠯᠠᠨ᠂ ᠠᠮᠢ ᠠᠬᠤᠶ ᠶᠢ | ᠣᠷᠢᠳᠡᠪᠡᠷ ᠪᠣᠳᠣᠯᠬᠢᠯᠠᠵᠣ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠵᠠᠮᠨᠠᠵᠤ᠂ ᠨᠡᠶᠢᠭᠡᠮ ᠵᠢᠷᠦᠮᠳᠦ ᠣᠳᠣᠬᠢᠴᠢᠯᠠᠭᠰᠠᠨ ᠤᠯᠤᠰ ᠢ ᠪᠥᠬᠦ | ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠵᠠᠮ ᠳᠤ ᠬᠡᠰᠢᠭᠲᠡᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ | ᠪᠢᠴᠢᠭᠯᠡᠪᠡ᠃ | ᠬᠤᠷᠠᠯ ᠠᠴᠠ 2021 ᠣᠨ ᠤ ᠪᠦᠭᠦ ᠬᠤᠰᠢᠭᠤᠨ ᠤ ᠠᠵᠤ ᠠᠬᠤᠶ ᠶᠢᠨ ᠠᠵᠢᠯ ᠢ ᠭᠦᠢᠴᠡᠳ ᠨᠤᠲᠠᠯᠠᠵᠠᠶ᠃ | ᠬᠤᠰᠢᠭᠤᠨ ᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠴᠢᠭᠯᠡᠯ ᠢᠶᠠᠨ ᠵᠢᠯᠣᠭᠤᠳᠣᠭᠤᠯᠬᠤ ᠶᠢ ᠪᠠᠷᠢᠮᠲᠠᠯᠠᠵᠤ᠂ ᠨᠠᠮ ᠤᠨ ᠲᠥᠪ | ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠣᠷᠣᠨ ᠬᠤᠲᠠ ᠶᠢᠨ ᠨᠠᠮ ᠤᠨ ᠬᠤᠷᠢᠶ᠎ᠡ ᠶᠢᠨ | ᠠᠵᠢᠯ ᠤᠨ ᠱᠠᠭᠠᠷᠳᠠᠯᠭ᠎ᠠ ᠶᠢ ᠡᠷᠡᠰ ᠬᠡᠷᠡᠭᠵᠢᠬᠦᠯᠦᠨ᠂ ᠨᠠᠮ ᠤᠨ ᠲᠡᠦᠬᠡ ᠶᠢ ᠰᠤᠷᠤᠯᠴᠠᠬᠤ ᠶᠠᠪᠤᠴᠠ ᠳᠤ ᠬᠠᠷᠢᠭᠤᠴᠠᠯᠭ᠎ᠠ ᠪᠠᠨ | ᠮᠡᠳᠡᠵᠦ ᠡᠷᠡᠯᠬᠡᠭᠯᠡᠨ ᠤᠷᠤᠭᠰᠢᠯᠠᠵᠤ᠂ ᠶᠡᠭᠡ ᠬᠠᠨᠳᠤᠰᠢ ᠶᠢ ᠡᠵᠡᠮᠳᠡᠬᠦ ᠶᠠᠪᠤᠴᠠ ᠳᠤ ᠪᠠᠶᠢᠷᠢᠯᠠᠭᠤᠯᠤᠯᠲᠠ ᠶᠢ | ᠲᠥᠯᠥᠪᠵᠢᠭᠦᠯᠵᠦ᠂ ᠬᠠᠶᠢᠨ ᠰᠦᠪᠡᠭᠴᠢᠯᠡᠬᠦ ᠦᠢᠯᠡᠳᠦᠯᠭᠡ ᠶᠢᠨ ᠳᠤᠮᠳᠠ ᠲᠥᠪ ᠭᠤᠣᠯᠴᠢ ᠶᠢ ᠪᠠᠷᠢᠮᠲᠠᠯᠠᠨ ᠰᠢᠨ᠎ᠡ ᠶᠢ | ᠡᠭᠦᠳᠴᠦ᠂ ᠠᠷᠠᠳ ᠲᠦᠮᠡᠨ ᠳᠤ ᠪᠤᠶᠠᠨ ᠦᠢᠯᠡᠳᠬᠦ ᠶᠠᠪᠤᠴᠠ ᠳᠤ ᠬᠠᠷᠢᠭᠤᠴᠠᠯᠭ᠎ᠠ ᠪᠠᠨ ᠢᠯᠡᠷᠡᠬᠦᠯᠦᠨ᠂ ᠵᠢᠯ ᠤᠨ ᠡᠬᠢᠨ ᠤ | ᠳᠣᠭᠳᠠᠭᠠᠭᠰᠠᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠤᠯᠤᠰ ᠲᠦᠷᠦ ᠶᠢᠨ ᠪᠠᠶᠢᠭᠤᠯᠤᠯᠲᠠ | ᠰᠢᠨ᠎ᠡ ᠦᠷ᠎ᠡ ᠪᠦᠲᠦᠮᠵᠢ ᠣᠯᠵᠤ᠂ ᠠᠵᠤ ᠠᠬᠤᠶ ᠶᠢᠨ ᠬᠥᠭᠵᠢᠯᠲᠡ ᠰᠢᠨ᠎ᠡ ᠲᠠᠪᠰᠢᠯᠲᠠ ᠲᠠᠢ ᠪᠤᠯᠵᠤ᠂ ᠠᠮᠢ ᠠᠬᠤᠶ ᠶᠢᠨ | ᠪᠠᠶᠢᠭᠤᠯᠤᠯᠲᠠ ᠰᠢᠨ᠎ᠡ ᠳᠡᠭᠲᠡᠷ ᠲᠤ ᠭᠠᠷᠴᠤ᠂ ᠬᠤᠲᠠ ᠬᠥᠳᠡᠭᠡ ᠶᠢᠨ ᠳᠦᠷᠰᠦ ᠪᠠᠶᠢᠳᠠᠯ ᠳᠤ ᠰᠢᠨ᠎ᠡ ᠬᠤᠪᠢᠷᠠᠯᠲᠠ ᠭᠠᠷᠴᠤ᠂ | ᠨᠡᠶᠢᠭᠡᠮ ᠤᠨ ᠦᠢᠯᠡᠰ ᠰᠢᠨ᠎ᠡ ᠠᠯᠬᠤᠴᠠ ᠲᠠᠢ ᠪᠤᠯᠵᠤ᠂ ᠰᠢᠨ᠎ᠡ ᠶᠢ ᠡᠭᠦᠳᠬᠦ ᠬᠥᠭᠵᠢᠯᠲᠡ ᠰᠢᠨ᠎ᠡ ᠠᠮᠢᠵᠢᠷᠠᠯ ᠤᠨ | ᠬᠦᠴᠦᠨ ᠲᠠᠢ ᠪᠤᠯᠵᠤ᠂ ᠨᠡᠶᠢᠭᠡᠮ ᠤᠨ ᠵᠠᠰᠠᠯᠲᠠ ᠰᠢᠨ᠎ᠡ ᠦᠷ᠎ᠡ ᠪᠦᠲᠦᠮᠵᠢ ᠣᠯᠵᠤ᠂ ᠨᠠᠮ ᠢ ᠴᠢᠩᠭ᠎ᠠ ᠵᠠᠰᠠᠵᠤ ᠰᠢᠨ᠎ᠡ ᠠᠮᠢ | ᠠᠬᠤᠶ ᠶᠢ ᠪᠤᠢ ᠪᠣᠯᠭᠠᠨ᠂ ᠪᠦᠭᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠰᠢᠨ᠎ᠡ ᠪᠠᠶᠢᠳᠠᠯ ᠲᠠᠢ ᠪᠤᠯᠵᠤ᠂ ︽ | ᠠᠷᠪᠠᠨ ᠳᠥᠷᠪᠡᠳᠦᠭᠡᠷ ᠲᠠᠪᠤᠨ ᠵᠢᠯ︾ ᠢ ᠤᠷᠤᠭᠰᠢᠲᠠᠶ ᠡᠬᠢᠯᠡᠬᠦᠯᠬᠦ ᠶᠢ ᠪᠡᠶᠡᠯᠡᠭᠦᠯᠦᠨ᠎ᠡ ᠬᠡᠵᠣ ᠰᠠᠨᠠᠯ ᠨᠢᠬᠡᠳᠡᠢ ᠦᠵᠡᠭᠰᠡᠨ | ᠪᠠᠶᠢᠨ᠎ᠠ᠃ | ᠬᠤᠷᠠᠯ ᠠᠴᠠ᠂ ᠢᠷᠡᠬᠦ ᠵᠢᠯ ᠮᠠᠨ ᠤ ᠬᠤᠰᠢᠭᠤᠨ ᠤ ᠬᠥᠭᠵᠢᠯᠲᠡ ᠳᠤ ᠲᠤᠯᠭᠠᠷᠠᠬᠤ ᠤᠯᠤᠰ ᠤᠨ ᠳᠣᠲᠣᠭᠠᠳᠤ | ᠭᠠᠳᠠᠭᠠᠳᠤ ᠶᠢᠨ ᠣᠷᠴᠢᠨ ᠨᠥᠬᠦᠴᠡᠯ ᠨᠡᠩ ᠪᠤᠳᠤᠯᠢᠶᠠᠨᠲᠠᠶ ᠪᠠᠶᠢᠵᠣ᠂ ᠥᠭᠡᠷᠡᠴᠢᠯᠡᠯᠲᠡ ᠬᠥᠭᠵᠢᠯᠲᠡ ᠶᠢᠨ ᠳᠤᠮᠳᠠᠬᠢ | ᠬᠦᠴᠢᠷᠳᠡᠯ ᠪᠠ ᠥᠷᠢᠰᠥᠯᠳᠦᠭᠡᠨ ᠨᠡᠩ ᠬᠦᠨᠳᠦ ᠬᠡᠴᠡᠭᠦᠦ᠃ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ | ᠳᠤᠲᠠᠭᠤᠳᠠᠯ ᠳᠤ ᠵᠥᠪ ᠢᠶᠠᠷ ᠬᠠᠨᠳᠣᠨ᠂ ᠠᠶᠤᠯ ᠲᠦᠭᠰᠢᠭᠦᠷᠢ ᠶᠢᠨ ᠤᠬᠠᠮᠰᠠᠷ ᠢ ᠪᠠᠲᠤ ᠪᠤᠢ ᠪᠣᠯᠭᠠᠵᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠳᠠᠯᠠᠨ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠰᠢᠢᠳᠪᠦᠷᠢᠯᠡᠬᠦ | ᠬᠡᠷᠡᠭᠲᠡᠢ᠃ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ | ᠪᠠᠳᠣᠳᠬᠠᠨ᠂ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ᠠᠵᠤ ᠠᠬᠤᠢ ᠶᠢᠨ ᠬᠥᠭᠵᠢᠯᠲᠡ ᠶᠢᠨ ᠶᠡᠭᠡ | ᠬᠠᠨᠳᠤᠰᠢ ᠳᠤ ᠠᠩᠬᠠᠷᠤᠯ ᠢᠶᠠᠨ ᠬᠠᠨᠳᠣᠭᠤᠯᠵᠣ᠂ ᠪᠦᠬᠦ ᠲᠠᠯ᠎ᠠ ᠶᠢᠨ᠂ ᠬᠤᠪᠢᠰᠤᠩᠭᠤᠢ᠂ ᠠᠯᠤᠰ ᠬᠡᠳᠦ ᠶᠢᠨ ᠬᠠᠷᠠᠴᠠ ᠪᠠᠷ | ᠠᠵᠤ ᠠᠬᠤᠢ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠬᠤ ᠶᠢ ᠪᠠᠷᠢᠮᠲᠠᠯᠠᠵᠤ᠂ ᠬᠠᠷᠠᠯᠲᠠ ᠶᠢᠨ | ᠪᠠᠶᠢᠷᠢ ᠲᠣᠭᠲᠠᠭᠠᠯᠲᠠ ᠶᠢ ᠣᠨᠣᠪᠴᠢᠲᠠᠢ ᠡᠵᠡᠮᠳᠡᠨ᠂ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ | ᠪᠠᠶᠢᠳᠠᠯ ᠢ ᠲᠠᠭᠠᠨ ᠤᠷᠤᠭᠰᠢᠯᠠᠵᠤ᠂ ᠪᠠᠶᠢᠳᠠᠯ ᠢ ᠠᠮᠵᠢᠨ ᠤᠷᠤᠭᠰᠢᠯᠠᠵᠤ᠂ ᠪᠠᠶᠢᠳᠠᠯ ᠢ ᠠᠰᠢᠭᠯᠠᠨ ᠤᠷᠤᠭᠰᠢᠯᠠᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ ᠳᠤᠮᠳᠠ ᠠᠵᠠ ᠲᠣᠬᠢᠶᠠᠯ ᠢ ᠠᠮᠵᠢᠵᠤ᠂ ᠰᠠᠨᠠᠭᠠᠴᠢᠯᠠᠭᠠᠲᠤ ᠪᠠᠶᠢᠷᠢ ᠶᠢ | ᠤᠯᠬᠤ ᠬᠡᠷᠡᠭᠲᠡᠢ᠃ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠡᠬᠦᠷᠬᠡ ᠬᠠᠷᠢᠭᠤᠴᠠᠯᠭ᠎ᠠ ᠪᠠᠨ ᠴᠢᠩᠭᠠᠳᠬᠠᠨ᠂ ᠤᠯᠤᠰ | ᠲᠥᠷᠥ ᠶᠢ ᠡᠷᠬᠢᠮᠯᠡᠬᠦ᠂ ᠴᠢᠷᠮᠠᠶᠢᠨ ᠰᠤᠷᠤᠯᠴᠠᠬᠤ᠂ ᠰᠢᠨ᠎ᠡ ᠶᠢ ᠡᠭᠦᠳᠬᠦ ᠳᠤ ᠴᠢᠳᠠᠮᠠᠭᠠᠶ᠂ ᠪᠣᠳᠠᠲᠠᠶ ᠠᠵᠢᠯᠯᠠᠬᠤ ᠶᠢ | ᠴᠢᠬᠤᠯᠠᠴᠢᠯᠠᠬᠤ᠂ ᠰᠤᠷᠲᠠᠯ ᠢᠶᠠᠨ ᠬᠤᠪᠢᠷᠠᠭᠤᠯᠬᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠲᠠᠯ᠎ᠠ ᠪᠠᠷ ᠦᠷᠭᠦᠯᠵᠢᠯᠡᠨ | ᠬᠦᠴᠦᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠬᠡᠵᠢᠬᠦᠯᠵᠣ᠂ ᠪᠥᠬᠦ | ᠬᠤᠰᠢᠭᠤᠨ ᠤ ᠠᠷᠠᠳ ᠲᠦᠮᠡᠨ ᠳᠤ ᠪᠤᠶᠠᠨ ᠦᠢᠯᠡᠳᠬᠦ ᠬᠡᠷᠡᠭᠳᠡᠢ ᠬᠡᠵᠣ ᠵᠢᠭᠠᠵᠣ ᠭᠠᠷᠭᠠᠪᠠ᠃ | ᠬᠤᠷᠠᠯ ᠠᠴᠠ᠂ 2022 ᠣᠨ ᠤ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ | ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ | ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠭᠤᠤ ᠶᠡᠭᠡ ᠨᠠᠮ | ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠣᠨ᠂ ᠲᠣᠭᠲᠠᠭᠤᠨ ᠤ ᠳᠣᠮᠳᠠ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ | ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ | ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠲᠦᠷᠭᠡᠨ ᠠᠭᠤᠰᠤᠯᠴᠠᠵᠤ᠂ ᠨᠠᠮ ᠤᠨ | ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ | ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠪᠣᠬᠢᠷᠲᠤᠯ ᠦᠭᠡᠢ ᠬᠥᠭᠵᠢᠯᠲᠡ ᠪᠠᠷ ᠵᠢᠯᠣᠭᠤᠳᠤᠮᠵᠢ ᠪᠣᠯᠭᠠᠨ᠂ | ᠭᠤᠣᠯᠯᠠᠬᠤ ᠠᠵᠤ ᠦᠢᠯᠡᠰ ᠢᠶᠠᠷ ᠲᠤᠯᠭᠠᠭᠤᠷᠢᠯᠠᠯ ᠪᠣᠯᠭᠠᠵᠤ᠂ ᠶᠠᠰᠤ ᠴᠢᠨᠠᠷ ᠢ ᠳᠡᠭᠡᠭᠰᠢᠯᠡᠭᠦᠯᠬᠦ ᠪᠠᠷ ᠤᠳᠤᠷᠢᠳᠤᠮᠵᠢ ᠪᠣᠯᠭᠠᠨ | ᠂ ᠠᠷᠠᠳ ᠤᠨ ᠠᠮᠢᠳᠤᠷᠠᠯ ᠢ ᠪᠠᠲᠤᠯᠠᠬᠤ ᠪᠠᠷ ᠬᠠᠷᠠᠯᠲᠠ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ | ᠬᠥᠳᠡᠯᠭᠡᠬᠦ ᠬᠦᠴᠦᠨ ᠪᠣᠯᠭᠠᠨ᠂ ᠠᠮᠤᠷ ᠲᠦᠪᠰᠢᠨ ᠲᠣᠭᠲᠠᠭᠤᠨ ᠢᠶᠠᠷ ᠰᠠᠭᠤᠷᠢ ᠪᠣᠯᠭᠠᠵᠤ᠂ ᠲᠡᠦᠬᠡ ᠪᠠᠷ ᠲᠤᠯᠢ ᠪᠣᠯᠭᠠᠨ᠂ | ᠵᠠᠮ ᠨᠡᠭᠡᠭᠡᠨ ᠰᠢᠨ᠎ᠡ ᠶᠢ ᠡᠭᠦᠳᠴᠦ᠂ ᠰᠢᠷᠭᠠᠭᠤ ᠬᠠᠲᠠᠭᠤᠵᠢᠯᠲᠠᠢ ᠠᠵᠢᠯᠯᠠᠨ᠂ ᠡᠷᠡᠯᠬᠡᠭᠯᠡᠨ ᠤᠷᠤᠭᠰᠢᠯᠠᠵᠤ᠂ ᠬᠡᠰᠢᠭᠲᠡᠨ ᠤ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠰᠢᠯᠢᠳᠡᠭ ᠬᠢᠷᠢ | ᠪᠦᠳᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠪᠣᠬᠢᠷᠲᠤᠯ ᠦᠭᠡᠢ ᠬᠥᠭᠵᠢᠯᠲᠡ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠪᠠᠶᠢᠯᠳᠤᠬᠤ | ᠪᠤᠳᠤᠯᠭ᠎ᠠ ᠶᠢᠨ ᠲᠣᠭᠲᠠᠯ ᠬᠦᠴᠦᠨ ᠢ ᠪᠠᠳᠣᠯᠠᠨ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ | ᠬᠡᠷᠡᠭᠲᠡᠢ᠃ ᠠᠮᠢ ᠠᠬᠤᠶ ᠪᠠᠷ ᠠᠷᠠᠳ ᠲᠤ ᠬᠠᠷᠠᠭᠠᠯᠵᠠᠯ ᠦᠵᠡᠬᠦᠯᠬᠦ᠂ ᠠᠮᠢ ᠠᠬᠤᠶ ᠪᠠᠷ ᠠᠷᠠᠳ ᠲᠤ ᠠᠰᠢᠭ ᠬᠦᠷᠳᠡᠬᠡᠬᠦ᠂ | ᠠᠮᠢ ᠠᠬᠤᠶ ᠪᠠᠷ ᠠᠷᠠᠳ ᠲᠤ ᠦᠢᠯᠡᠴᠢᠯᠡᠬᠦ ᠶᠢ ᠪᠠᠷᠢᠮᠲᠠᠯᠠᠵᠤ᠂ ᠠᠮᠢ ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠶᠢ ᠪᠦᠬᠦ | ᠣᠷᠣᠨ ᠪᠦᠰᠡ ᠪᠠᠷ ᠪᠦᠬᠦ ᠲᠠᠯ᠎ᠠ ᠪᠠᠷ ᠴᠢᠩᠭᠠᠳᠬᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠳᠠ ᠰᠢᠪᠳᠣᠯᠬᠤ ᠠᠵᠢᠯ ᠢ | ᠴᠢᠩᠭᠠᠳᠬᠠᠨ᠂ ᠪᠣᠬᠢᠷᠲᠤᠯ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠲᠦᠯᠬᠢᠨ ᠠᠬᠢᠭᠤᠯᠵᠤ᠂ ᠳᠠᠯ᠎ᠠ ᠨᠢ ᠨᠣᠭᠤᠭᠠᠨ᠂ | ᠳᠡᠭᠷᠢ ᠨᠢ ᠬᠦᠬᠡ᠂ ᠣᠰᠣ ᠨᠢ ᠳᠣᠩᠭᠠᠯᠠᠭ ᠪᠠᠶᠢᠬᠤ ᠶᠢ ᠡᠷᠡᠰ ᠰᠠᠬᠢᠬᠤ ᠬᠡᠷᠡᠭᠲᠡᠶ ᠬᠡᠵᠣ ᠴᠢᠬᠤᠯᠠᠴᠢᠯᠠᠵᠠᠢ᠃ | ᠬᠤᠷᠠᠯ ᠠᠴᠠ᠂ ᠭᠤᠣᠯᠯᠠᠬᠤ ᠠᠵᠤ ᠦᠢᠯᠡᠰ ᠢᠶᠠᠷ ᠲᠤᠯᠭᠠᠭᠤᠷᠢᠯᠠᠯ ᠪᠣᠯᠭᠠᠬᠤ ᠶᠢ ᠪᠠᠷᠢᠮᠲᠠᠯᠠᠵᠤ᠂ ᠪᠦᠲᠦᠴᠡ ᠶᠢᠨ | ᠳᠤᠬᠢᠷᠠᠭᠤᠯᠤᠯᠳᠠ ᠪᠣᠯᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠵᠦ᠂ ᠤᠳᠤ ᠦᠶ᠎ᠡ ᠶᠢᠨ ᠠᠵᠤ | ᠦᠢᠯᠡᠰ ᠤᠨ ᠳᠣᠭᠳᠠᠯᠴᠠᠭ᠎ᠠ ᠶᠢ ᠪᠠᠶᠢᠭᠤᠯᠬᠤ ᠬᠡᠷᠡᠭᠲᠡᠢ᠃ ᠭᠤᠣᠯᠯᠠᠬᠤ ᠠᠵᠤ ᠦᠢᠯᠡᠰ ᠢ ᠲᠥᠪᠯᠡᠷᠡᠭᠦᠯᠦᠨ ᠪᠤᠶᠢᠵᠢᠭᠤᠯᠬᠤ᠂ | ᠨᠡᠭᠡᠭᠡᠨ ᠬᠥᠭᠵᠢᠭᠦᠯᠬᠦ ᠣᠷᠣᠨ ᠵᠠᠶ ᠶᠢ ᠲᠥᠪᠯᠡᠷᠡᠭᠦᠯᠦᠨ ᠪᠠᠶᠢᠷᠢᠰᠢᠭᠤᠯᠬᠤ᠂ ᠴᠢᠬᠤᠯᠠ ᠡᠯᠧᠮᠧᠨ᠋ᠲ ᠤᠨ ᠡᠬᠢ ᠪᠠᠶᠠᠯᠢᠭ ᠢ | ᠡᠷᠴᠢᠮᠵᠢᠭᠦᠯᠦᠨ ᠲᠣᠬᠢᠷᠠᠭᠤᠯᠬᠤ ᠶᠢ ᠠᠬᠢᠭᠤᠯᠵᠤ᠂ ᠬᠡᠯᠬᠢᠶ᠎ᠡ ᠶᠢ ᠣᠷᠳᠣᠳᠬᠠᠬᠤ ᠬᠡᠯᠬᠢᠶ᠎ᠡ ᠶᠢ ᠨᠦᠬᠦᠪᠦᠷᠢᠯᠡᠬᠦ ᠬᠡᠯᠬᠢᠶ᠎ᠡ ᠶᠢ | ᠴᠢᠩᠭᠠᠳᠬᠠᠬᠤ ᠠᠵᠢᠯᠯᠠᠭ᠎ᠠ ᠶᠢ ᠬᠡᠷᠡᠭᠵᠢᠭᠦᠯᠵᠦ᠂ ᠣᠲᠣ ᠦᠶ᠎ᠡ ᠶᠢᠨ ᠮᠠᠯ ᠠᠵᠤ ᠠᠬᠤᠶ ᠲᠠᠷᠢᠶᠠᠯᠠᠩ ᠤᠨ ᠬᠥᠭᠵᠢᠯᠲᠡ ᠶᠢᠨ | ᠰᠠᠭᠤᠷᠢ ᠶᠢ ᠲᠠᠰᠤᠷᠠᠯᠲᠠ ᠥᠬᠡᠶ ᠪᠠᠲᠤᠳᠬᠠᠨ᠂ ᠣᠲᠣ ᠦᠶ᠎ᠡ ᠶᠢᠨ ᠠᠵᠤ ᠦᠢᠯᠡᠳᠪᠦᠷᠢ ᠶᠢᠨ ᠬᠥᠭᠵᠢᠯᠲᠡ ᠶᠢᠨ ᠬᠢᠷᠢ | ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠣᠲᠣ ᠦᠶ᠎ᠡ ᠶᠢᠨ ᠦᠢᠯᠡᠴᠢᠯᠡᠬᠡᠨ ᠤ ᠦᠢᠯᠡᠰ ᠤᠨ ᠬᠥᠭᠵᠢᠯᠲᠡ ᠶᠢᠨ | ᠳᠠᠯᠳᠠ ᠬᠦᠴᠦᠨ ᠢ ᠭᠦᠨᠵᠡᠭᠡᠶ ᠠᠭᠤᠳᠠᠯᠯᠠᠨ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ | ᠬᠥᠭᠵᠢᠬᠦ ᠶᠢ ᠠᠬᠢᠭᠤᠯᠵᠣ᠂ ᠣᠯᠠᠨ ᠡᠰᠢᠲᠦ ᠬᠥᠭᠵᠢᠯᠲᠡ᠂ ᠣᠯᠠᠨ ᠲᠦᠢᠯ ᠢᠶᠠᠷ ᠲᠤᠯᠭᠠᠭᠤᠷᠢᠯᠠᠭᠰᠠᠨ ᠣᠲᠣ ᠦᠶ᠎ᠡ ᠶᠢᠨ | ᠠᠵᠤ ᠦᠢᠯᠡᠰ ᠤᠨ ᠳᠣᠭᠳᠠᠯᠴᠠᠭ᠎ᠠ ᠶᠢ ᠪᠥᠬᠦ ᠲᠠᠯ᠎ᠠ ᠪᠠᠷ ᠪᠠᠶᠢᠭᠤᠯᠬᠤ ᠬᠡᠷᠡᠭᠳᠡᠢ ᠬᠡᠵᠣ ᠴᠢᠬᠤᠯᠠᠴᠢᠯᠠᠵᠠᠢ᠃ | ᠬᠤᠷᠠᠯ ᠠᠴᠠ᠂ ᠶᠠᠰᠤ ᠴᠢᠨᠠᠷ ᠢ ᠳᠡᠭᠡᠭᠰᠢᠯᠡᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠳᠠᠪᠬᠢ ᠶᠢᠨ | ᠪᠠᠶᠢᠷᠢ ᠲᠣᠭᠲᠠᠭᠠᠯᠲᠠ ᠶᠢ ᠳᠡᠬᠦᠯᠳᠡᠷᠵᠢᠬᠦᠯᠦᠨ᠂ ᠬᠤᠳᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ | ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠬᠥᠳᠡᠭᠡ ᠲᠣᠰᠬᠤᠨ ᠤ | ᠪᠦᠳᠦᠭᠡᠨ ᠪᠠᠶᠢᠭᠤᠯᠤᠯᠲᠠ ᠪᠠ ᠬᠤᠳᠠ ᠶᠢᠨ ᠰᠢᠨᠡᠴᠢᠯᠡᠯᠲᠡ ᠶᠢᠨ ᠠᠵᠢᠯᠯᠠᠭᠠᠨ ᠢ ᠬᠡᠷᠡᠭᠵᠢᠭᠦᠯᠬᠦ ᠪᠠᠷ ᠬᠥᠲᠥᠯᠦᠮᠵᠢ ᠪᠣᠯᠭᠠᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠪᠤᠨ ᠵᠢᠯ ᠤᠨ ᠠᠵᠢᠯᠯᠠᠭᠠᠨ ᠢ ᠪᠦᠬᠦ ᠲᠠᠯ᠎ᠠ ᠪᠠᠷ ᠠᠬᠢᠭᠤᠯᠣᠨ᠂ | ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢ ᠭᠦᠨᠵᠡᠭᠡᠢ ᠠᠬᠢᠭᠤᠯᠵᠤ᠂ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ | ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ᠂ | ᠡᠯᠧᠮᠧᠨ᠋ᠲ ᠤᠨ ᠲᠤᠬᠢᠷᠠᠭᠤᠯᠤᠯᠳᠠ᠂ ᠠᠵᠤ ᠦᠢᠯᠡᠰ ᠤᠨ ᠮᠠᠨᠳᠤᠯᠲᠠ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠮᠵᠢᠯᠴᠠᠨ | ᠬᠥᠭᠵᠢᠬᠦ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠣᠯᠠᠮ ᠨᠢᠬᠡ ᠠᠯᠬᠤᠮ ᠳᠡᠭᠡᠭᠰᠢᠯᠡᠭᠦᠯᠬᠦ ᠶᠢ | ᠠᠬᠢᠭᠤᠯᠬᠤ ᠬᠡᠷᠡᠭᠳᠡᠢ ᠬᠡᠵᠣ ᠴᠢᠬᠤᠯᠠᠴᠢᠯᠠᠵᠠᠢ᠃ | ᠬᠤᠷᠠᠯ ᠠᠴᠠ᠂ ᠠᠷᠠᠳ ᠤᠨ ᠠᠮᠢᠳᠤᠷᠠᠯ ᠢ ᠪᠠᠲᠤᠯᠠᠬᠤ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠠᠷᠠᠳ ᠤᠨ | ᠠᠮᠢᠳᠤᠷᠠᠯ ᠤᠨ ᠠᠰᠠᠷᠠᠮᠵᠢ ᠶᠢ ᠨᠡᠮᠡᠭᠳᠡᠭᠦᠯᠵᠦ᠂ ᠬᠠᠮᠲᠤᠪᠠᠷ ᠪᠠᠶᠠᠵᠢᠬᠤ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠠᠷᠠᠳ ᠤᠯᠠᠨ ᠤ ᠬᠦᠴᠢᠷ | ᠵᠣᠪᠠᠭᠤᠷᠢ ᠳᠤ ᠠᠩᠬᠠᠷᠤᠯ ᠢᠶᠠᠨ ᠬᠠᠨᠳᠣᠭᠤᠯᠵᠣ᠂ ᠠᠷᠠᠳ ᠤᠨ ᠠᠮᠢᠳᠤᠷᠠᠯ ᠤᠨ ᠠᠰᠢᠭ ᠲᠤᠰᠠ ᠶᠢ ᠢᠯᠡᠭᠦᠬᠡᠨ | ᠪᠣᠳᠣᠯᠬᠢᠯᠠᠵᠤ᠂ ᠠᠷᠠᠳ ᠤᠨ ᠠᠮᠢᠳᠤᠷᠠᠯ ᠤᠨ ᠬᠦᠴᠢᠷ ᠵᠣᠪᠠᠭᠤᠷᠢ ᠶᠢ ᠢᠯᠡᠭᠦᠬᠡᠨ ᠰᠢᠢᠳᠪᠦᠷᠢᠯᠡᠵᠦ᠂ ᠠᠷᠠᠳ ᠤᠨ ᠠᠮᠢᠳᠤᠷᠠᠯ | ᠳᠤ ᠪᠣᠳᠠᠲᠤ ᠶᠠᠪᠤᠳᠠᠯ ᠢ ᠢᠯᠡᠭᠦᠬᠡᠨ ᠬᠢᠵᠦ᠂ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠶᠢ ᠪᠠᠷᠢᠮᠳᠠᠯᠠᠨ᠂ ᠠᠷᠭ᠎ᠠ | ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢ ᠠᠬᠢᠭᠤᠯᠵᠤ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠲᠦᠪᠰᠢᠨ ᠢ | ᠳᠡᠬᠡᠭᠰᠢᠯᠡᠬᠦᠯᠦᠨ᠂ ᠨᠡᠶᠢᠭᠡᠮ ᠤᠨ ᠪᠠᠳᠣᠯᠠᠭ᠎ᠠ ᠶᠢᠨ ᠳᠣᠭᠳᠠᠯᠴᠠᠭ᠎ᠠ ᠶᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ | ᠰᠣᠶᠣᠯ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠪᠦᠬᠦ ᠬᠤᠰᠢᠭᠤᠨ ᠤ ᠠᠷᠠᠳ ᠲᠦᠮᠡᠨ ᠤ ᠰᠠᠶᠢᠨ ᠰᠠᠶᠢᠬᠠᠨ | ᠠᠮᠢᠳᠤᠷᠠᠯ ᠤᠨ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠬᠤ ᠬᠡᠷᠡᠭᠳᠡᠢ ᠬᠡᠵᠣ ᠴᠢᠬᠤᠴᠢᠯᠠᠵᠠᠢ᠃ | ᠬᠤᠷᠠᠯ ᠠᠴᠠ᠂ ᠦᠬᠡᠷᠡᠴᠢᠯᠡᠯᠳᠡ ᠬᠢᠵᠣ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ | ᠥᠭᠡᠷᠡᠴᠢᠯᠡᠯᠲᠡ ᠨᠡᠬᠡᠬᠡᠯᠳᠡ ᠶᠢ ᠬᠦᠨᠵᠡᠬᠡᠶᠢᠷᠡᠬᠦᠯᠦᠨ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠢ | ᠬᠤᠷᠠᠮᠳᠤᠭᠤᠯᠬᠤ ᠬᠡᠷᠡᠭᠲᠡᠢ᠃ ᠥᠭᠡᠷᠡᠴᠢᠯᠡᠯᠲᠡ ᠨᠡᠭᠡᠭᠡᠯᠳᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ︽ | ᠬᠤᠣᠰ ᠬᠦᠷᠳᠦ ᠪᠠᠷ ᠬᠥᠳᠡᠯᠭᠡᠭᠦᠷ ᠪᠣᠯᠭᠠᠬᠤ︾ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠳᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ | ᠯᠠᠪᠳᠠᠭᠤᠨ ᠢᠶᠠᠷ ᠲᠦᠯᠬᠢᠨ ᠠᠬᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢ ᠬᠡᠷᠡᠭᠵᠢᠭᠦᠯᠵᠦ | ᠂ ᠪᠣᠭᠤᠮᠢ ᠬᠢᠵᠠᠭᠠᠷᠯᠠᠯ ᠢ ᠲᠠᠶᠢᠯᠬᠤ᠂ ᠠᠮᠢᠵᠢᠷᠠᠯ ᠤᠨ ᠬᠦᠴᠦᠨ ᠢ ᠬᠥᠭᠵᠢᠭᠡᠬᠦ᠂ ᠳᠠᠪᠠᠭᠤᠯᠢᠭ ᠢ ᠪᠣᠶᠢᠵᠢᠭᠤᠯᠬᠤ ᠳᠤᠮᠳᠠ | ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠦᠳᠡᠯᠬᠡᠬᠡᠨ ᠤ ᠡᠨᠧᠷᠭᠢ ᠶᠢ ᠤᠯᠠᠨ ᠲᠡᠰ ᠳᠠᠪᠬᠤᠷᠭ᠎ᠠ᠂ ᠤᠯᠠᠨ ᠡᠰᠢᠵᠢᠯᠳᠡ᠂ | ᠤᠯᠠᠨ ᠠᠷᠭ᠎ᠠ ᠵᠠᠮ ᠢᠶᠠᠷ ᠨᠢᠭᠳᠠᠷᠠᠭᠤᠯᠬᠤ ᠬᠡᠷᠡᠭᠳᠡᠢ ᠬᠡᠵᠣ ᠴᠢᠬᠤᠯᠠᠴᠢᠯᠠᠵᠠᠢ᠃ | ᠬᠤᠷᠠᠯ ᠠᠴᠠ᠂ ᠠᠮᠤᠷ ᠲᠦᠪᠰᠢᠨ ᠲᠣᠭᠲᠠᠭᠤᠨ ᠢᠶᠠᠷ ᠰᠠᠭᠤᠷᠢ ᠪᠣᠯᠭᠠᠬᠤ ᠶᠢ ᠪᠠᠷᠢᠮᠲᠠᠯᠠᠵᠤ᠂ ᠬᠤᠷᠢᠭ᠎ᠠ | ᠱᠤᠭᠤᠮ ᠤᠨ ᠰᠡᠳᠬᠢᠬᠦᠢ ᠶᠢ ᠴᠢᠩᠭᠠᠳᠬᠠᠨ᠂ ᠨᠡᠩ ᠥᠨᠳᠥᠷ ᠲᠦᠪᠰᠢᠨ ᠪᠦᠬᠦᠢ ᠠᠮᠣᠷ ᠳᠠᠶᠢᠪᠣᠩ ᠬᠡᠰᠢᠭᠳᠡᠨ ᠬᠤᠰᠢᠭᠤ ᠶᠢ | ᠪᠠᠶᠢᠭᠤᠯᠬᠤ ᠬᠡᠷᠡᠭᠲᠡᠢ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠴᠢᠬᠤᠯᠠᠴᠢᠯᠠᠵᠤ᠂ ᠠᠮᠤᠷ | ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠂ ᠦᠨᠳᠦᠰᠦᠲᠡᠨ ᠤ ᠠᠵᠢᠯ ᠢ ᠡᠷᠡᠰ ᠭᠤᠶᠢᠪᠢᠰᠢ ᠦᠭᠡᠢ ᠰᠠᠶᠢᠲᠤᠷ | ᠠᠳᠬᠤᠵᠤ᠂ ᠤᠯᠠᠨ ᠨᠡᠶᠢᠲᠡ ᠶᠢᠨ ᠠᠮᠤᠷ ᠲᠦᠪᠰᠢᠨ ᠢ ᠡᠴᠦᠰ ᠲᠤᠨᠢ ᠲᠤᠯᠲᠠᠯ᠎ᠠ ᠬᠢᠴᠢᠶᠡᠨ ᠬᠠᠮᠠᠭᠠᠯᠠᠵᠣ᠂ ᠬᠠᠤᠯᠢ | ᠲᠣᠭᠲᠠᠭᠠᠯ ᠶᠣᠰᠣᠭᠠᠷ ᠨᠡᠶᠢᠭᠡᠮ ᠤᠨ ᠵᠠᠰᠠᠯᠲᠠ ᠶᠢ ᠴᠢᠩᠭᠠᠳᠬᠠᠨ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ᠂ | ᠨᠡᠶᠢᠭᠡᠮ ᠤᠨ ᠠᠮᠤᠷ ᠲᠣᠭᠲᠠᠭᠤᠨ ᠡᠮᠬᠢ ᠳᠢᠭᠯᠢᠮ ᠲᠠᠢ᠂ ᠬᠢᠯᠢ ᠬᠢᠵᠠᠭᠠᠷ ᠤᠨ ᠠᠮᠤᠷ ᠲᠣᠭᠲᠠᠭᠤᠨ ᠪᠠᠶᠢᠬᠤ ᠶᠢ ᠪᠠᠳᠣᠯᠠᠵᠣ᠂ | ᠦᠨᠳᠦᠷ ᠳᠦᠪᠰᠢᠨ ᠪᠦᠬᠦᠢ ᠠᠮᠣᠷ ᠳᠦᠪᠰᠢᠨ ᠢᠶᠠᠷ ᠴᠢᠨᠠᠷ ᠰᠠᠶᠢᠳᠠᠢ ᠬᠦᠭᠵᠢᠯᠳᠡ ᠳᠤ ᠬᠠᠮᠠᠭᠠᠯᠠᠭᠴᠢ ᠪᠣᠯᠬᠤ ᠬᠡᠷᠡᠭᠳᠡᠢ | ᠬᠡᠵᠣ ᠴᠢᠬᠤᠯᠠᠴᠢᠯᠠᠵᠠᠢ᠃ | ᠬᠤᠷᠠᠯ ᠠᠴᠠ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠰᠢᠨ᠎ᠡ ᠴᠠᠭ | ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠤᠭᠤᠮ ᠢ ᠭᠦᠨᠵᠡᠭᠡᠢ ᠲᠤᠤᠱᠯᠠᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ | ᠬᠦᠨᠵᠡᠬᠡᠶᠢᠷᠡᠬᠦᠯᠦᠨ᠂ ᠦᠨᠳᠦᠰᠦᠨ ᠱᠠᠲᠤᠨ ᠤ ᠲᠠᠶᠢᠴᠢᠨ ᠪᠠᠬᠢᠯᠡᠯᠲᠡ ᠶᠢ ᠪᠠᠶᠢᠭᠤᠯᠤᠨ ᠬᠦᠴᠦᠷᠬᠡᠭᠵᠢᠭᠦᠯᠵᠦ᠂ | ᠰᠢᠯᠭᠠᠷᠠᠭᠰᠠᠨ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ | ᠪᠠᠷᠢᠬᠤ ᠪᠠᠶᠢᠭᠤᠯᠤᠯᠲᠠ ᠶᠢ ᠴᠢᠩᠭᠠᠳᠬᠠᠨ᠂ ᠨᠠᠮ ᠳᠣᠭᠳᠠᠭᠤᠨ ᠤᠯᠤᠰ ᠲᠦᠷᠦ ᠶᠢᠨ ᠠᠮᠢ ᠠᠬᠤᠢ ᠶᠢ ᠴᠢᠷᠮᠠᠶᠢᠨ ᠪᠤᠢ | ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ | ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ | ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ | ᠶᠡᠬᠡᠪᠡᠷ ᠪᠠᠳᠠᠷᠠᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠭᠰᠠᠨ ᠲᠡᠮᠡᠴᠡᠯ ᠤᠨ ᠳᠦᠷᠢ ᠪᠠᠶᠢᠳᠠᠯ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠳᠣᠣᠱᠯᠠᠭᠤᠯᠬᠤ ᠠᠵᠢᠯᠯᠠᠭᠠᠨ ᠤ ᠤᠬᠠᠮᠰᠠᠷ ᠪᠠ ᠰᠢᠨ᠎ᠡ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠬᠤ ᠪᠠᠲᠤ ᠢᠲᠡᠭᠡᠯ ᠢᠶᠠᠷ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠦᠨᠡᠨᠬᠦ ᠠᠳᠬᠤᠨ ᠪᠣᠳᠠᠲᠠᠶ ᠪᠠᠷ | ᠠᠵᠢᠯᠯᠠᠵᠤ᠂ ᠥᠷᠯᠥᠭᠡ ᠦᠳᠡᠰᠢ ᠶᠢ ᠲᠡᠮᠡᠴᠡᠨ᠂ ᠵᠠᠯᠠᠭᠤ ᠨᠠᠰᠤᠨ ᠳᠠᠭᠠᠨ ᠣᠰᠣᠯᠳᠠᠯ ᠥᠬᠡᠶ ᠰᠢᠯᠢᠳᠡᠭ ᠬᠢᠷᠢ | ᠪᠦᠳᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠤ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠶᠢ ᠪᠡᠶᠡᠯᠡᠬᠦᠯᠵᠣ᠂ ᠪᠥᠬᠦ ᠬᠤᠰᠢᠭᠤᠨ ᠤ ᠠᠷᠠᠳ | ᠲᠦᠮᠡᠨ ᠤ ᠨᠠᠩ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠬᠤ ᠶᠢᠨ ᠲᠥᠯᠥᠭᠡ ᠴᠥᠬᠦᠷᠡᠰᠢ ᠥᠬᠡᠶ ᠲᠡᠮᠡᠴᠡᠵᠡᠭᠡᠶ᠎ᠡ ᠬᠡᠵᠣ | ᠣᠷᠢᠶᠠᠯᠠᠭᠰᠠᠨ ᠪᠠᠶᠢᠨ᠎ᠠ︕ |