ᠳᠤᠮᠳᠠᠳᠤ ᠤᠯᠤᠰ ᠤᠨ ᠡᠪ ᠬᠠᠮᠲᠤ ᠨᠠᠮ ᠤᠨ ᠬᠡᠰᠢᠭᠲᠡᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠣᠳᠠᠭᠠᠨ ᠤ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠪᠢᠷᠠᠭᠤ ᠪᠠᠯᠭᠠᠰᠣᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2022/1/10
     ᠳᠤᠮᠳᠠᠳᠤ ᠤᠯᠤᠰ ᠤᠨ ᠡᠪ ᠬᠠᠮᠲᠤ ᠨᠠᠮ ᠤᠨ ᠬᠡᠰᠢᠭᠲᠡᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠣᠳᠠᠭᠠᠨ ᠤ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ 2021 ᠣᠨ ᠤ 12 ᠰᠠᠷ᠎ᠠ ᠶᠢᠨ 31 ᠤ ᠡᠳᠦᠷ ᠪᠢᠷᠠᠭᠤ ᠪᠠᠯᠭᠠᠰᠣᠨ ᠳᠤ ᠬᠤᠷᠠᠯᠳᠤᠪᠠ᠃      ᠲᠣᠰ ᠤᠳᠠᠭᠠᠨ ᠤ ᠬᠤᠷᠠᠯ ᠳᠤ ᠬᠤᠰᠢᠭᠤᠨ ᠤ ᠨᠠᠮ ᠤᠨ ᠬᠤᠷᠢᠶ᠎ᠡ ᠶᠢᠨ ᠭᠡᠰᠢᠭᠦᠨ 34 ᠬᠥᠮᠦᠨ᠂ ᠣᠷᠣᠯᠠᠭᠴᠢ ᠭᠡᠰᠢᠭᠦᠨ 7 ᠬᠥᠮᠦᠨ ᠣᠷᠣᠯᠴᠠᠵᠠᠶ᠃ ᠬᠤᠰᠢᠭᠤᠨ ᠤ ᠬᠠᠮᠢᠶ᠎ᠠ ᠪᠥᠬᠦᠶ ᠣᠳᠣᠷᠢᠳᠣᠯᠭ᠎ᠠ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠠ ᠬᠤᠯᠪᠣᠭᠳᠠᠯ ᠪᠥᠬᠦᠶ ᠲᠠᠯ᠎ᠠ ᠶᠢᠨ ᠬᠠᠷᠢᠭᠤᠴᠠᠯᠭᠠᠲᠠᠨ᠂ ᠬᠤᠰᠢᠭᠤᠨ ᠤ ᠲᠠᠰ ᠤᠨ ᠬᠡᠰᠡᠭ ᠠᠬᠠᠮᠠᠳ ᠺᠠᠳ᠋ᠷ ᠤᠨ ᠲᠥᠯᠥᠭᠡᠯᠡᠭᠴᠢ ᠪᠠ ᠬᠤᠰᠢᠭᠤᠨ ᠤ ᠠᠷᠪᠠᠨ ᠵᠢᠷᠭᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠲᠥᠯᠥᠭᠡᠯᠡᠭᠴᠢ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠠ ᠬᠡᠰᠡᠭ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃      ᠪᠥᠬᠦᠳᠡ ᠬᠤᠷᠠᠯ ᠢ ᠬᠤᠰᠢᠭᠤᠨ ᠤ ᠨᠠᠮ ᠤᠨ ᠬᠤᠷᠢᠶ᠎ᠡ ᠶᠢᠨ ᠪᠠᠶᠢᠩᠭᠤ ᠶᠢᠨ ᠬᠤᠷᠢᠶ᠎ᠡ ᠡᠷᠬᠢᠯᠡᠪᠡ᠃ ᠬᠤᠰᠢᠭᠤᠨ ᠤ ᠨᠠᠮ ᠤᠨ ᠬᠤᠷᠢᠶ᠎ᠡ ᠶᠢᠨ ᠱᠦᠵᠢ ᠵᠧᠦ ᠵᠢᠩ ᠮᠢᠨ᠂ ᠬᠤᠰᠢᠭᠤᠨ ᠤ ᠨᠠᠮ ᠤᠨ ᠬᠤᠷᠢᠶ᠎ᠡ ᠶᠢᠨ ᠳᠡᠳ᠋ ᠱᠦᠵᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠸᠠᠩ ᠶᠦᠩ ᠴᠦᠨ ᠲᠤᠰ ᠲᠤᠰ ᠶᠠᠷᠢᠶ᠎ᠠ ᠲᠠᠯᠪᠢᠵᠠᠶ᠃      ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ  ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠪᠣᠯᠤᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠤᠯᠠᠭᠠᠨᠬᠠᠳᠠ ᠬᠤᠲᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠣᠷᠢᠵᠢᠭᠤᠯᠣᠨ᠂ 2021 ᠣᠨ ᠤ ᠡᠯ᠎ᠡ ᠳᠦᠷᠦᠯ ᠤᠨ ᠠᠵᠢᠯ ᠢ ᠡᠷᠬᠢᠴᠡᠬᠦᠯᠵᠣ᠂ 2022 ᠣᠨ ᠤ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠣᠨ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡᠨ ᠲᠤᠷᠰᠢᠯᠭ᠎ᠠ ᠠᠴᠠ ᠣᠶᠤᠨ ᠤᠬᠠᠭᠠᠨ ᠪᠣᠯᠤᠨ ᠬᠦᠴᠦᠨ ᠴᠢᠳᠠᠯ ᠣᠯᠵᠤ᠂ ᠪᠥᠬᠦ ᠬᠤᠰᠢᠭᠤ ᠶᠢ ᠳᠠᠶᠢᠴᠢᠯᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠰᠢᠨᠲᠠᠷᠠᠰᠢ ᠥᠬᠡᠶ ᠪᠠᠲᠤ ᠴᠣᠭᠴᠠᠯᠠᠨ᠂ ᠠᠮᠢ ᠠᠬᠤᠶ ᠶᠢ ᠣᠷᠢᠳᠡᠪᠡᠷ ᠪᠣᠳᠣᠯᠬᠢᠯᠠᠵᠣ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠵᠠᠮᠨᠠᠵᠤ᠂ ᠨᠡᠶᠢᠭᠡᠮ ᠵᠢᠷᠦᠮᠳᠦ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠵᠠᠮ ᠳᠤ ᠬᠡᠰᠢᠭᠲᠡᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠪᠡ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号