ᠳᠤᠮᠳᠠᠳᠤ ᠤᠯᠤᠰ ᠤᠨ ᠡᠪ ᠬᠠᠮᠲᠤ ᠨᠠᠮ ᠤᠨ ᠬᠡᠰᠢᠭᠲᠡᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠣᠳᠠᠭᠠᠨ ᠤ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2022/1/10
     ᠳᠤᠮᠳᠠᠳᠤ ᠤᠯᠤᠰ ᠤᠨ ᠡᠪ ᠬᠠᠮᠲᠤ ᠨᠠᠮ ᠤᠨ ᠬᠡᠰᠢᠭᠲᠡᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠣᠳᠠᠭᠠᠨ ᠤ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ 2021 ᠣᠨ ᠤ 12 ᠰᠠᠷ᠎ᠠ ᠶᠢᠨ 31 ᠤ ᠡᠳᠦᠷ ᠪᠢᠷᠠᠭᠤ ᠪᠠᠯᠭᠠᠰᠣᠨ ᠳᠤ ᠬᠤᠷᠠᠯᠳᠤᠪᠠ᠃      ᠲᠣᠰ ᠤᠳᠠᠭᠠᠨ ᠤ ᠬᠤᠷᠠᠯ ᠳᠤ ᠬᠤᠰᠢᠭᠤᠨ ᠤ ᠨᠠᠮ ᠤᠨ ᠬᠤᠷᠢᠶ᠎ᠡ ᠶᠢᠨ ᠭᠡᠰᠢᠭᠦᠨ 34 ᠬᠥᠮᠦᠨ᠂ ᠣᠷᠣᠯᠠᠭᠴᠢ ᠭᠡᠰᠢᠭᠦᠨ 7 ᠬᠥᠮᠦᠨ ᠣᠷᠣᠯᠴᠠᠵᠠᠶ᠃ ᠬᠤᠰᠢᠭᠤᠨ ᠤ ᠬᠠᠮᠢᠶ᠎ᠠ ᠪᠥᠬᠦᠶ ᠣᠳᠣᠷᠢᠳᠣᠯᠭ᠎ᠠ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠠ ᠬᠤᠯᠪᠣᠭᠳᠠᠯ ᠪᠥᠬᠦᠶ ᠲᠠᠯ᠎ᠠ ᠶᠢᠨ ᠬᠠᠷᠢᠭᠤᠴᠠᠯᠭᠠᠲᠠᠨ᠂ ᠬᠤᠰᠢᠭᠤᠨ ᠤ ᠲᠠᠰ ᠤᠨ ᠬᠡᠰᠡᠭ ᠠᠬᠠᠮᠠᠳ ᠺᠠᠳ᠋ᠷ ᠤᠨ ᠲᠥᠯᠥᠭᠡᠯᠡᠭᠴᠢ ᠪᠠ ᠬᠤᠰᠢᠭᠤᠨ ᠤ ᠠᠷᠪᠠᠨ ᠵᠢᠷᠭᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠲᠥᠯᠥᠭᠡᠯᠡᠭᠴᠢ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠠ ᠬᠡᠰᠡᠭ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃      ᠪᠥᠬᠦᠳᠡ ᠬᠤᠷᠠᠯ ᠢ ᠬᠤᠰᠢᠭᠤᠨ ᠤ ᠨᠠᠮ ᠤᠨ ᠬᠤᠷᠢᠶ᠎ᠡ ᠶᠢᠨ ᠪᠠᠶᠢᠩᠭᠤ ᠶᠢᠨ ᠬᠤᠷᠢᠶ᠎ᠡ ᠡᠷᠬᠢᠯᠡᠪᠡ᠃ ᠬᠤᠰᠢᠭᠤᠨ ᠤ ᠨᠠᠮ ᠤᠨ ᠬᠤᠷᠢᠶ᠎ᠡ ᠶᠢᠨ ᠱᠦᠵᠢ ᠵᠧᠦ ᠵᠢᠩ ᠮᠢᠨ᠂ ᠬᠤᠰᠢᠭᠤᠨ ᠤ ᠨᠠᠮ ᠤᠨ ᠬᠤᠷᠢᠶ᠎ᠡ ᠶᠢᠨ ᠳᠡᠳ᠋ ᠱᠦᠵᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠸᠠᠩ ᠶᠦᠩ ᠴᠦᠨ ᠲᠤᠰ ᠲᠤᠰ ᠶᠠᠷᠢᠶ᠎ᠠ ᠲᠠᠯᠪᠢᠵᠠᠶ᠃      ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ  ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠪᠣᠯᠤᠨ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠤᠯᠠᠭᠠᠨᠬᠠᠳᠠ ᠬᠤᠲᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠣᠷᠢᠵᠢᠭᠤᠯᠣᠨ᠂ 2021 ᠣᠨ ᠤ ᠡᠯ᠎ᠡ ᠳᠦᠷᠦᠯ ᠤᠨ ᠠᠵᠢᠯ ᠢ ᠡᠷᠬᠢᠴᠡᠬᠦᠯᠵᠣ᠂ 2022 ᠣᠨ ᠤ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠣᠨ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡᠨ ᠲᠤᠷᠰᠢᠯᠭ᠎ᠠ ᠠᠴᠠ ᠣᠶᠤᠨ ᠤᠬᠠᠭᠠᠨ ᠪᠣᠯᠤᠨ ᠬᠦᠴᠦᠨ ᠴᠢᠳᠠᠯ ᠣᠯᠵᠤ᠂ ᠪᠥᠬᠦ ᠬᠤᠰᠢᠭᠤ ᠶᠢ ᠳᠠᠶᠢᠴᠢᠯᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠰᠢᠨᠲᠠᠷᠠᠰᠢ ᠥᠬᠡᠶ ᠪᠠᠲᠤ ᠴᠣᠭᠴᠠᠯᠠᠨ᠂ ᠠᠮᠢ ᠠᠬᠤᠶ ᠶᠢ ᠣᠷᠢᠳᠡᠪᠡᠷ ᠪᠣᠳᠣᠯᠬᠢᠯᠠᠵᠣ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠥᠬᠡᠶ ᠵᠠᠮᠨᠠᠵᠤ᠂ ᠨᠡᠶᠢᠭᠡᠮ ᠵᠢᠷᠦᠮᠳᠦ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠵᠠᠮ ᠳᠤ ᠬᠡᠰᠢᠭᠲᠡᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠪᠡ᠃      ᠬᠤᠷᠠᠯ ᠠᠴᠠ 2021 ᠣᠨ ᠤ ᠪᠦᠭᠦ ᠬᠤᠰᠢᠭᠤᠨ ᠤ ᠠᠵᠤ ᠠᠬᠤᠶ ᠶᠢᠨ ᠠᠵᠢᠯ ᠢ ᠭᠦᠢᠴᠡᠳ ᠨᠤᠲᠠᠯᠠᠵᠠᠶ᠃ ᠬᠤᠰᠢᠭᠤᠨ ᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠴᠢᠭᠯᠡᠯ ᠢᠶᠠᠨ ᠵᠢᠯᠣᠭᠤᠳᠣᠭᠤᠯᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠣᠷᠣᠨ ᠬᠤᠲᠠ ᠶᠢᠨ ᠨᠠᠮ ᠤᠨ ᠬᠤᠷᠢᠶ᠎ᠡ ᠶᠢᠨ ᠠᠵᠢᠯ ᠤᠨ ᠱᠠᠭᠠᠷᠳᠠᠯᠭ᠎ᠠ ᠶᠢ ᠡᠷᠡᠰ ᠬᠡᠷᠡᠭᠵᠢᠬᠦᠯᠦᠨ᠂ ᠨᠠᠮ ᠤᠨ ᠲᠡᠦᠬᠡ ᠶᠢ ᠰᠤᠷᠤᠯᠴᠠᠬᠤ ᠶᠠᠪᠤᠴᠠ ᠳᠤ ᠬᠠᠷᠢᠭᠤᠴᠠᠯᠭ᠎ᠠ ᠪᠠᠨ ᠮᠡᠳᠡᠵᠦ ᠡᠷᠡᠯᠬᠡᠭᠯᠡᠨ ᠤᠷᠤᠭᠰᠢᠯᠠᠵᠤ᠂ ᠶᠡᠭᠡ ᠬᠠᠨᠳᠤᠰᠢ ᠶᠢ ᠡᠵᠡᠮᠳᠡᠬᠦ ᠶᠠᠪᠤᠴᠠ ᠳᠤ ᠪᠠᠶᠢᠷᠢᠯᠠᠭᠤᠯᠤᠯᠲᠠ ᠶᠢ ᠲᠥᠯᠥᠪᠵᠢᠭᠦᠯᠵᠦ᠂ ᠬᠠᠶᠢᠨ ᠰᠦᠪᠡᠭᠴᠢᠯᠡᠬᠦ ᠦᠢᠯᠡᠳᠦᠯᠭᠡ ᠶᠢᠨ ᠳᠤᠮᠳᠠ ᠲᠥᠪ ᠭᠤᠣᠯᠴᠢ ᠶᠢ ᠪᠠᠷᠢᠮᠲᠠᠯᠠᠨ ᠰᠢᠨ᠎ᠡ ᠶᠢ ᠡᠭᠦᠳᠴᠦ᠂ ᠠᠷᠠᠳ ᠲᠦᠮᠡᠨ ᠳᠤ ᠪᠤᠶᠠᠨ ᠦᠢᠯᠡᠳᠬᠦ ᠶᠠᠪᠤᠴᠠ ᠳᠤ ᠬᠠᠷᠢᠭᠤᠴᠠᠯᠭ᠎ᠠ ᠪᠠᠨ ᠢᠯᠡᠷᠡᠬᠦᠯᠦᠨ᠂ ᠵᠢᠯ ᠤᠨ ᠡᠬᠢᠨ ᠤ ᠳᠣᠭᠳᠠᠭᠠᠭᠰᠠᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠤᠯᠤᠰ ᠲᠦᠷᠦ ᠶᠢᠨ ᠪᠠᠶᠢᠭᠤᠯᠤᠯᠲᠠ ᠰᠢᠨ᠎ᠡ ᠦᠷ᠎ᠡ ᠪᠦᠲᠦᠮᠵᠢ ᠣᠯᠵᠤ᠂ ᠠᠵᠤ ᠠᠬᠤᠶ ᠶᠢᠨ ᠬᠥᠭᠵᠢᠯᠲᠡ ᠰᠢᠨ᠎ᠡ ᠲᠠᠪᠰᠢᠯᠲᠠ ᠲᠠᠢ ᠪᠤᠯᠵᠤ᠂ ᠠᠮᠢ ᠠᠬᠤᠶ ᠶᠢᠨ ᠪᠠᠶᠢᠭᠤᠯᠤᠯᠲᠠ ᠰᠢᠨ᠎ᠡ ᠳᠡᠭᠲᠡᠷ ᠲᠤ ᠭᠠᠷᠴᠤ᠂ ᠬᠤᠲᠠ ᠬᠥᠳᠡᠭᠡ ᠶᠢᠨ ᠳᠦᠷᠰᠦ ᠪᠠᠶᠢᠳᠠᠯ ᠳᠤ ᠰᠢᠨ᠎ᠡ ᠬᠤᠪᠢᠷᠠᠯᠲᠠ ᠭᠠᠷᠴᠤ᠂ ᠨᠡᠶᠢᠭᠡᠮ ᠤᠨ ᠦᠢᠯᠡᠰ ᠰᠢᠨ᠎ᠡ ᠠᠯᠬᠤᠴᠠ ᠲᠠᠢ ᠪᠤᠯᠵᠤ᠂ ᠰᠢᠨ᠎ᠡ ᠶᠢ ᠡᠭᠦᠳᠬᠦ ᠬᠥᠭᠵᠢᠯᠲᠡ ᠰᠢᠨ᠎ᠡ ᠠᠮᠢᠵᠢᠷᠠᠯ ᠤᠨ ᠬᠦᠴᠦᠨ ᠲᠠᠢ ᠪᠤᠯᠵᠤ᠂ ᠨᠡᠶᠢᠭᠡᠮ ᠤᠨ ᠵᠠᠰᠠᠯᠲᠠ ᠰᠢᠨ᠎ᠡ ᠦᠷ᠎ᠡ ᠪᠦᠲᠦᠮᠵᠢ ᠣᠯᠵᠤ᠂ ᠨᠠᠮ ᠢ ᠴᠢᠩᠭ᠎ᠠ ᠵᠠᠰᠠᠵᠤ ᠰᠢᠨ᠎ᠡ ᠠᠮᠢ ᠠᠬᠤᠶ ᠶᠢ ᠪᠤᠢ ᠪᠣᠯᠭᠠᠨ᠂ ᠪᠦᠭᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠰᠢᠨ᠎ᠡ ᠪᠠᠶᠢᠳᠠᠯ ᠲᠠᠢ ᠪᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠢ ᠤᠷᠤᠭᠰᠢᠲᠠᠶ ᠡᠬᠢᠯᠡᠬᠦᠯᠬᠦ ᠶᠢ ᠪᠡᠶᠡᠯᠡᠭᠦᠯᠦᠨ᠎ᠡ ᠬᠡᠵᠣ ᠰᠠᠨᠠᠯ ᠨᠢᠬᠡᠳᠡᠢ ᠦᠵᠡᠭᠰᠡᠨ ᠪᠠᠶᠢᠨ᠎ᠠ᠃      ᠬᠤᠷᠠᠯ ᠠᠴᠠ᠂ ᠢᠷᠡᠬᠦ ᠵᠢᠯ ᠮᠠᠨ ᠤ ᠬᠤᠰᠢᠭᠤᠨ ᠤ ᠬᠥᠭᠵᠢᠯᠲᠡ ᠳᠤ ᠲᠤᠯᠭᠠᠷᠠᠬᠤ ᠤᠯᠤᠰ ᠤᠨ ᠳᠣᠲᠣᠭᠠᠳᠤ ᠭᠠᠳᠠᠭᠠᠳᠤ ᠶᠢᠨ ᠣᠷᠴᠢᠨ ᠨᠥᠬᠦᠴᠡᠯ ᠨᠡᠩ ᠪᠤᠳᠤᠯᠢᠶᠠᠨᠲᠠᠶ ᠪᠠᠶᠢᠵᠣ᠂ ᠥᠭᠡᠷᠡᠴᠢᠯᠡᠯᠲᠡ ᠬᠥᠭᠵᠢᠯᠲᠡ ᠶᠢᠨ ᠳᠤᠮᠳᠠᠬᠢ ᠬᠦᠴᠢᠷᠳᠡᠯ ᠪᠠ ᠥᠷᠢᠰᠥᠯᠳᠦᠭᠡᠨ ᠨᠡᠩ ᠬᠦᠨᠳᠦ ᠬᠡᠴᠡᠭᠦᠦ᠃ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠳᠤᠲᠠᠭᠤᠳᠠᠯ ᠳᠤ ᠵᠥᠪ ᠢᠶᠠᠷ ᠬᠠᠨᠳᠣᠨ᠂ ᠠᠶᠤᠯ ᠲᠦᠭᠰᠢᠭᠦᠷᠢ ᠶᠢᠨ ᠤᠬᠠᠮᠰᠠᠷ ᠢ ᠪᠠᠲᠤ ᠪᠤᠢ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠳᠠᠯᠠᠨ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠰᠢᠢᠳᠪᠦᠷᠢᠯᠡᠬᠦ ᠬᠡᠷᠡᠭᠲᠡᠢ᠃ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠳᠣᠳᠬᠠᠨ᠂ ᠪᠦᠬᠦ ᠤᠯᠤᠰ᠂ ᠪᠦᠬᠦ ᠣᠷᠣᠨ᠂ ᠪᠦᠬᠦ ᠬᠤᠳᠠ ᠶᠢᠨ ᠠᠵᠤ ᠠᠬᠤᠢ ᠶᠢᠨ ᠬᠥᠭᠵᠢᠯᠲᠡ ᠶᠢᠨ ᠶᠡᠭᠡ ᠬᠠᠨᠳᠤᠰᠢ ᠳᠤ ᠠᠩᠬᠠᠷᠤᠯ ᠢᠶᠠᠨ  ᠬᠠᠨᠳᠣᠭᠤᠯᠵᠣ᠂ ᠪᠦᠬᠦ ᠲᠠᠯ᠎ᠠ ᠶᠢᠨ᠂ ᠬᠤᠪᠢᠰᠤᠩᠭᠤᠢ᠂ ᠠᠯᠤᠰ ᠬᠡᠳᠦ ᠶᠢᠨ ᠬᠠᠷᠠᠴᠠ ᠪᠠᠷ ᠠᠵᠤ ᠠᠬᠤᠢ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠬᠤ ᠶᠢ ᠪᠠᠷᠢᠮᠲᠠᠯᠠᠵᠤ᠂ ᠬᠠᠷᠠᠯᠲᠠ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠡᠵᠡᠮᠳᠡᠨ᠂ ᠬᠥᠭᠵᠢᠯᠲᠡ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠪᠠᠶᠢᠳᠠᠯ ᠢ ᠲᠠᠭᠠᠨ ᠤᠷᠤᠭᠰᠢᠯᠠᠵᠤ᠂ ᠪᠠᠶᠢᠳᠠᠯ ᠢ ᠠᠮᠵᠢᠨ ᠤᠷᠤᠭᠰᠢᠯᠠᠵᠤ᠂ ᠪᠠᠶᠢᠳᠠᠯ ᠢ ᠠᠰᠢᠭᠯᠠᠨ ᠤᠷᠤᠭᠰᠢᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ ᠳᠤᠮᠳᠠ ᠠᠵᠠ ᠲᠣᠬᠢᠶᠠᠯ ᠢ ᠠᠮᠵᠢᠵᠤ᠂ ᠰᠠᠨᠠᠭᠠᠴᠢᠯᠠᠭᠠᠲᠤ ᠪᠠᠶᠢᠷᠢ ᠶᠢ ᠤᠯᠬᠤ ᠬᠡᠷᠡᠭᠲᠡᠢ᠃ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠡᠬᠦᠷᠬᠡ ᠬᠠᠷᠢᠭᠤᠴᠠᠯᠭ᠎ᠠ ᠪᠠᠨ ᠴᠢᠩᠭᠠᠳᠬᠠᠨ᠂ ᠤᠯᠤᠰ ᠲᠥᠷᠥ ᠶᠢ ᠡᠷᠬᠢᠮᠯᠡᠬᠦ᠂ ᠴᠢᠷᠮᠠᠶᠢᠨ ᠰᠤᠷᠤᠯᠴᠠᠬᠤ᠂ ᠰᠢᠨ᠎ᠡ ᠶᠢ ᠡᠭᠦᠳᠬᠦ ᠳᠤ ᠴᠢᠳᠠᠮᠠᠭᠠᠶ᠂ ᠪᠣᠳᠠᠲᠠᠶ ᠠᠵᠢᠯᠯᠠᠬᠤ ᠶᠢ ᠴᠢᠬᠤᠯᠠᠴᠢᠯᠠᠬᠤ᠂ ᠰᠤᠷᠲᠠᠯ ᠢᠶᠠᠨ ᠬᠤᠪᠢᠷᠠᠭᠤᠯᠬᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠬᠡᠵᠢᠬᠦᠯᠵᠣ᠂ ᠪᠥᠬᠦ ᠬᠤᠰᠢᠭᠤᠨ ᠤ ᠠᠷᠠᠳ ᠲᠦᠮᠡᠨ ᠳᠤ ᠪᠤᠶᠠᠨ ᠦᠢᠯᠡᠳᠬᠦ ᠬᠡᠷᠡᠭᠳᠡᠢ ᠬᠡᠵᠣ ᠵᠢᠭᠠᠵᠣ ᠭᠠᠷᠭᠠᠪᠠ᠃      ᠬᠤᠷᠠᠯ ᠠᠴᠠ᠂ 2022 ᠣᠨ ᠤ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠣᠨ᠂ ᠲᠣᠭᠲᠠᠭᠤᠨ ᠤ ᠳᠣᠮᠳᠠ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠲᠦᠷᠭᠡᠨ ᠠᠭᠤᠰᠤᠯᠴᠠᠵᠤ᠂ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠪᠣᠬᠢᠷᠲᠤᠯ ᠦᠭᠡᠢ ᠬᠥᠭᠵᠢᠯᠲᠡ ᠪᠠᠷ ᠵᠢᠯᠣᠭᠤᠳᠤᠮᠵᠢ ᠪᠣᠯᠭᠠᠨ᠂ ᠭᠤᠣᠯᠯᠠᠬᠤ ᠠᠵᠤ ᠦᠢᠯᠡᠰ ᠢᠶᠠᠷ ᠲᠤᠯᠭᠠᠭᠤᠷᠢᠯᠠᠯ ᠪᠣᠯᠭᠠᠵᠤ᠂ ᠶᠠᠰᠤ ᠴᠢᠨᠠᠷ ᠢ ᠳᠡᠭᠡᠭᠰᠢᠯᠡᠭᠦᠯᠬᠦ ᠪᠠᠷ ᠤᠳᠤᠷᠢᠳᠤᠮᠵᠢ ᠪᠣᠯᠭᠠᠨ ᠂ ᠠᠷᠠᠳ ᠤᠨ ᠠᠮᠢᠳᠤᠷᠠᠯ ᠢ ᠪᠠᠲᠤᠯᠠᠬᠤ ᠪᠠᠷ ᠬᠠᠷᠠᠯᠲᠠ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠨ᠂ ᠠᠮᠤᠷ ᠲᠦᠪᠰᠢᠨ ᠲᠣᠭᠲᠠᠭᠤᠨ ᠢᠶᠠᠷ ᠰᠠᠭᠤᠷᠢ ᠪᠣᠯᠭᠠᠵᠤ᠂ ᠲᠡᠦᠬᠡ ᠪᠠᠷ ᠲᠤᠯᠢ ᠪᠣᠯᠭᠠᠨ᠂ ᠵᠠᠮ ᠨᠡᠭᠡᠭᠡᠨ ᠰᠢᠨ᠎ᠡ ᠶᠢ ᠡᠭᠦᠳᠴᠦ᠂ ᠰᠢᠷᠭᠠᠭᠤ ᠬᠠᠲᠠᠭᠤᠵᠢᠯᠲᠠᠢ ᠠᠵᠢᠯᠯᠠᠨ᠂ ᠡᠷᠡᠯᠬᠡᠭᠯᠡᠨ ᠤᠷᠤᠭᠰᠢᠯᠠᠵᠤ᠂ ᠬᠡᠰᠢᠭᠲᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠰᠢᠯᠢᠳᠡᠭ ᠬᠢᠷᠢ ᠪᠦᠳᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠪᠣᠬᠢᠷᠲᠤᠯ ᠦᠭᠡᠢ ᠬᠥᠭᠵᠢᠯᠲᠡ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠳᠣᠯᠠᠨ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠬᠡᠷᠡᠭᠲᠡᠢ᠃ ᠠᠮᠢ ᠠᠬᠤᠶ ᠪᠠᠷ ᠠᠷᠠᠳ ᠲᠤ ᠬᠠᠷᠠᠭᠠᠯᠵᠠᠯ ᠦᠵᠡᠬᠦᠯᠬᠦ᠂ ᠠᠮᠢ ᠠᠬᠤᠶ ᠪᠠᠷ ᠠᠷᠠᠳ ᠲᠤ ᠠᠰᠢᠭ ᠬᠦᠷᠳᠡᠬᠡᠬᠦ᠂ ᠠᠮᠢ ᠠᠬᠤᠶ ᠪᠠᠷ ᠠᠷᠠᠳ ᠲᠤ ᠦᠢᠯᠡᠴᠢᠯᠡᠬᠦ ᠶᠢ ᠪᠠᠷᠢᠮᠲᠠᠯᠠᠵᠤ᠂ ᠠᠮᠢ ᠠᠬᠤᠶ ᠶᠢᠨ ᠰᠢᠰᠲ᠋ᠧᠮ ᠤᠨ ᠬᠠᠮᠠᠭᠠᠯᠠᠯᠲᠠ ᠶᠢ ᠪᠦᠬᠦ ᠣᠷᠣᠨ ᠪᠦᠰᠡ ᠪᠠᠷ ᠪᠦᠬᠦ ᠲᠠᠯ᠎ᠠ ᠪᠠᠷ ᠴᠢᠩᠭᠠᠳᠬᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠳᠠ ᠰᠢᠪᠳᠣᠯᠬᠤ ᠠᠵᠢᠯ ᠢ ᠴᠢᠩᠭᠠᠳᠬᠠᠨ᠂ ᠪᠣᠬᠢᠷᠲᠤᠯ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠲᠦᠯᠬᠢᠨ ᠠᠬᠢᠭᠤᠯᠵᠤ᠂  ᠳᠠᠯ᠎ᠠ ᠨᠢ ᠨᠣᠭᠤᠭᠠᠨ᠂  ᠳᠡᠭᠷᠢ ᠨᠢ ᠬᠦᠬᠡ᠂ ᠣᠰᠣ ᠨᠢ ᠳᠣᠩᠭᠠᠯᠠᠭ ᠪᠠᠶᠢᠬᠤ ᠶᠢ ᠡᠷᠡᠰ ᠰᠠᠬᠢᠬᠤ ᠬᠡᠷᠡᠭᠲᠡᠶ ᠬᠡᠵᠣ ᠴᠢᠬᠤᠯᠠᠴᠢᠯᠠᠵᠠᠢ᠃      ᠬᠤᠷᠠᠯ ᠠᠴᠠ᠂ ᠭᠤᠣᠯᠯᠠᠬᠤ ᠠᠵᠤ ᠦᠢᠯᠡᠰ ᠢᠶᠠᠷ ᠲᠤᠯᠭᠠᠭᠤᠷᠢᠯᠠᠯ ᠪᠣᠯᠭᠠᠬᠤ ᠶᠢ ᠪᠠᠷᠢᠮᠲᠠᠯᠠᠵᠤ᠂ ᠪᠦᠲᠦᠴᠡ ᠶᠢᠨ ᠳᠤᠬᠢᠷᠠᠭᠤᠯᠤᠯᠳᠠ ᠪᠣᠯᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠵᠦ᠂ ᠤᠳᠤ ᠦᠶ᠎ᠡ ᠶᠢᠨ ᠠᠵᠤ ᠦᠢᠯᠡᠰ ᠤᠨ ᠳᠣᠭᠳᠠᠯᠴᠠᠭ᠎ᠠ ᠶᠢ ᠪᠠᠶᠢᠭᠤᠯᠬᠤ ᠬᠡᠷᠡᠭᠲᠡᠢ᠃ ᠭᠤᠣᠯᠯᠠᠬᠤ ᠠᠵᠤ ᠦᠢᠯᠡᠰ ᠢ ᠲᠥᠪᠯᠡᠷᠡᠭᠦᠯᠦᠨ ᠪᠤᠶᠢᠵᠢᠭᠤᠯᠬᠤ᠂ ᠨᠡᠭᠡᠭᠡᠨ ᠬᠥᠭᠵᠢᠭᠦᠯᠬᠦ ᠣᠷᠣᠨ ᠵᠠᠶ ᠶᠢ ᠲᠥᠪᠯᠡᠷᠡᠭᠦᠯᠦᠨ ᠪᠠᠶᠢᠷᠢᠰᠢᠭᠤᠯᠬᠤ᠂ ᠴᠢᠬᠤᠯᠠ ᠡᠯᠧᠮᠧᠨ᠋ᠲ ᠤᠨ ᠡᠬᠢ ᠪᠠᠶᠠᠯᠢᠭ ᠢ ᠡᠷᠴᠢᠮᠵᠢᠭᠦᠯᠦᠨ ᠲᠣᠬᠢᠷᠠᠭᠤᠯᠬᠤ ᠶᠢ ᠠᠬᠢᠭᠤᠯᠵᠤ᠂ ᠬᠡᠯᠬᠢᠶ᠎ᠡ ᠶᠢ ᠣᠷᠳᠣᠳᠬᠠᠬᠤ ᠬᠡᠯᠬᠢᠶ᠎ᠡ ᠶᠢ ᠨᠦᠬᠦᠪᠦᠷᠢᠯᠡᠬᠦ ᠬᠡᠯᠬᠢᠶ᠎ᠡ ᠶᠢ ᠴᠢᠩᠭᠠᠳᠬᠠᠬᠤ ᠠᠵᠢᠯᠯᠠᠭ᠎ᠠ ᠶᠢ ᠬᠡᠷᠡᠭᠵᠢᠭᠦᠯᠵᠦ᠂ ᠣᠲᠣ ᠦᠶ᠎ᠡ ᠶᠢᠨ ᠮᠠᠯ ᠠᠵᠤ ᠠᠬᠤᠶ ᠲᠠᠷᠢᠶᠠᠯᠠᠩ ᠤᠨ ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠥᠬᠡᠶ ᠪᠠᠲᠤᠳᠬᠠᠨ᠂ ᠣᠲᠣ ᠦᠶ᠎ᠡ ᠶᠢᠨ ᠠᠵᠤ ᠦᠢᠯᠡᠳᠪᠦᠷᠢ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠣᠲᠣ ᠦᠶ᠎ᠡ ᠶᠢᠨ ᠦᠢᠯᠡᠴᠢᠯᠡᠬᠡᠨ ᠤ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠢ ᠭᠦᠨᠵᠡᠭᠡᠶ ᠠᠭᠤᠳᠠᠯᠯᠠᠨ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠣ᠂ ᠣᠯᠠᠨ ᠡᠰᠢᠲᠦ ᠬᠥᠭᠵᠢᠯᠲᠡ᠂ ᠣᠯᠠᠨ ᠲᠦᠢᠯ ᠢᠶᠠᠷ ᠲᠤᠯᠭᠠᠭᠤᠷᠢᠯᠠᠭᠰᠠᠨ ᠣᠲᠣ ᠦᠶ᠎ᠡ ᠶᠢᠨ ᠠᠵᠤ  ᠦᠢᠯᠡᠰ ᠤᠨ ᠳᠣᠭᠳᠠᠯᠴᠠᠭ᠎ᠠ ᠶᠢ ᠪᠥᠬᠦ ᠲᠠᠯ᠎ᠠ ᠪᠠᠷ ᠪᠠᠶᠢᠭᠤᠯᠬᠤ ᠬᠡᠷᠡᠭᠳᠡᠢ ᠬᠡᠵᠣ ᠴᠢᠬᠤᠯᠠᠴᠢᠯᠠᠵᠠᠢ᠃      ᠬᠤᠷᠠᠯ ᠠᠴᠠ᠂ ᠶᠠᠰᠤ ᠴᠢᠨᠠᠷ ᠢ ᠳᠡᠭᠡᠭᠰᠢᠯᠡᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠳᠠᠪᠬᠢ ᠶᠢᠨ ᠪᠠᠶᠢᠷᠢ ᠲᠣᠭᠲᠠᠭᠠᠯᠲᠠ ᠶᠢ ᠳᠡᠬᠦᠯᠳᠡᠷᠵᠢᠬᠦᠯᠦᠨ᠂ ᠬᠤᠳᠠ ᠬᠥᠳᠡᠭᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠪᠠ ᠬᠤᠳᠠ ᠶᠢᠨ ᠰᠢᠨᠡᠴᠢᠯᠡᠯᠲᠡ ᠶᠢᠨ ᠠᠵᠢᠯᠯᠠᠭᠠᠨ ᠢ ᠬᠡᠷᠡᠭᠵᠢᠭᠦᠯᠬᠦ ᠪᠠᠷ ᠬᠥᠲᠥᠯᠦᠮᠵᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠪᠤᠨ ᠵᠢᠯ ᠤᠨ ᠠᠵᠢᠯᠯᠠᠭᠠᠨ ᠢ ᠪᠦᠬᠦ ᠲᠠᠯ᠎ᠠ ᠪᠠᠷ ᠠᠬᠢᠭᠤᠯᠣᠨ᠂ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢ ᠭᠦᠨᠵᠡᠭᠡᠢ ᠠᠬᠢᠭᠤᠯᠵᠤ᠂ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠤᠳᠠ ᠬᠥᠳᠡᠭᠡ ᠶᠢᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ᠂ ᠡᠯᠧᠮᠧᠨ᠋ᠲ ᠤᠨ ᠲᠤᠬᠢᠷᠠᠭᠤᠯᠤᠯᠳᠠ᠂ ᠠᠵᠤ ᠦᠢᠯᠡᠰ ᠤᠨ ᠮᠠᠨᠳᠤᠯᠲᠠ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠮᠵᠢᠯᠴᠠᠨ ᠬᠥᠭᠵᠢᠬᠦ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠣᠯᠠᠮ ᠨᠢᠬᠡ ᠠᠯᠬᠤᠮ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠳᠡᠢ ᠬᠡᠵᠣ ᠴᠢᠬᠤᠯᠠᠴᠢᠯᠠᠵᠠᠢ᠃      ᠬᠤᠷᠠᠯ ᠠᠴᠠ᠂ ᠠᠷᠠᠳ ᠤᠨ ᠠᠮᠢᠳᠤᠷᠠᠯ ᠢ ᠪᠠᠲᠤᠯᠠᠬᠤ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠠᠰᠠᠷᠠᠮᠵᠢ ᠶᠢ ᠨᠡᠮᠡᠭᠳᠡᠭᠦᠯᠵᠦ᠂ ᠬᠠᠮᠲᠤᠪᠠᠷ ᠪᠠᠶᠠᠵᠢᠬᠤ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠠᠷᠠᠳ ᠤᠯᠠᠨ ᠤ ᠬᠦᠴᠢᠷ ᠵᠣᠪᠠᠭᠤᠷᠢ ᠳᠤ ᠠᠩᠬᠠᠷᠤᠯ ᠢᠶᠠᠨ ᠬᠠᠨᠳᠣᠭᠤᠯᠵᠣ᠂ ᠠᠷᠠᠳ ᠤᠨ ᠠᠮᠢᠳᠤᠷᠠᠯ ᠤᠨ ᠠᠰᠢᠭ ᠲᠤᠰᠠ ᠶᠢ ᠢᠯᠡᠭᠦᠬᠡᠨ ᠪᠣᠳᠣᠯᠬᠢᠯᠠᠵᠤ᠂ ᠠᠷᠠᠳ ᠤᠨ ᠠᠮᠢᠳᠤᠷᠠᠯ ᠤᠨ ᠬᠦᠴᠢᠷ ᠵᠣᠪᠠᠭᠤᠷᠢ ᠶᠢ ᠢᠯᠡᠭᠦᠬᠡᠨ ᠰᠢᠢᠳᠪᠦᠷᠢᠯᠡᠵᠦ᠂ ᠠᠷᠠᠳ ᠤᠨ ᠠᠮᠢᠳᠤᠷᠠᠯ  ᠳᠤ ᠪᠣᠳᠠᠲᠤ ᠶᠠᠪᠤᠳᠠᠯ ᠢ ᠢᠯᠡᠭᠦᠬᠡᠨ ᠬᠢᠵᠦ᠂ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠶᠢ ᠪᠠᠷᠢᠮᠳᠠᠯᠠᠨ᠂ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢ ᠠᠬᠢᠭᠤᠯᠵᠤ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠲᠦᠪᠰᠢᠨ ᠢ ᠳᠡᠬᠡᠭᠰᠢᠯᠡᠬᠦᠯᠦᠨ᠂ ᠨᠡᠶᠢᠭᠡᠮ ᠤᠨ ᠪᠠᠳᠣᠯᠠᠭ᠎ᠠ ᠶᠢᠨ ᠳᠣᠭᠳᠠᠯᠴᠠᠭ᠎ᠠ ᠶᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠪᠦᠬᠦ ᠬᠤᠰᠢᠭᠤᠨ ᠤ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠬᠤ ᠬᠡᠷᠡᠭᠳᠡᠢ ᠬᠡᠵᠣ ᠴᠢᠬᠤᠴᠢᠯᠠᠵᠠᠢ᠃      ᠬᠤᠷᠠᠯ ᠠᠴᠠ᠂ ᠦᠬᠡᠷᠡᠴᠢᠯᠡᠯᠳᠡ ᠬᠢᠵᠣ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠬᠡᠬᠡᠯᠳᠡ ᠶᠢ ᠬᠦᠨᠵᠡᠬᠡᠶᠢᠷᠡᠬᠦᠯᠦᠨ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠢ ᠬᠤᠷᠠᠮᠳᠤᠭᠤᠯᠬᠤ ᠬᠡᠷᠡᠭᠲᠡᠢ᠃ ᠥᠭᠡᠷᠡᠴᠢᠯᠡᠯᠲᠡ ᠨᠡᠭᠡᠭᠡᠯᠳᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ︽ᠬᠤᠣᠰ ᠬᠦᠷᠳᠦ ᠪᠠᠷ ᠬᠥᠳᠡᠯᠭᠡᠭᠦᠷ ᠪᠣᠯᠭᠠᠬᠤ︾ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠳᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢ ᠬᠡᠷᠡᠭᠵᠢᠭᠦᠯᠵᠦ ᠂ ᠪᠣᠭᠤᠮᠢ ᠬᠢᠵᠠᠭᠠᠷᠯᠠᠯ ᠢ ᠲᠠᠶᠢᠯᠬᠤ᠂ ᠠᠮᠢᠵᠢᠷᠠᠯ ᠤᠨ ᠬᠦᠴᠦᠨ ᠢ ᠬᠥᠭᠵᠢᠭᠡᠬᠦ᠂ ᠳᠠᠪᠠᠭᠤᠯᠢᠭ ᠢ ᠪᠣᠶᠢᠵᠢᠭᠤᠯᠬᠤ ᠳᠤᠮᠳᠠ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠦᠳᠡᠯᠬᠡᠬᠡᠨ ᠤ ᠡᠨᠧᠷᠭᠢ ᠶᠢ ᠤᠯᠠᠨ ᠲᠡᠰ ᠳᠠᠪᠬᠤᠷᠭ᠎ᠠ᠂ ᠤᠯᠠᠨ ᠡᠰᠢᠵᠢᠯᠳᠡ᠂ ᠤᠯᠠᠨ ᠠᠷᠭ᠎ᠠ ᠵᠠᠮ ᠢᠶᠠᠷ ᠨᠢᠭᠳᠠᠷᠠᠭᠤᠯᠬᠤ ᠬᠡᠷᠡᠭᠳᠡᠢ ᠬᠡᠵᠣ ᠴᠢᠬᠤᠯᠠᠴᠢᠯᠠᠵᠠᠢ᠃      ᠬᠤᠷᠠᠯ ᠠᠴᠠ᠂ ᠠᠮᠤᠷ ᠲᠦᠪᠰᠢᠨ ᠲᠣᠭᠲᠠᠭᠤᠨ ᠢᠶᠠᠷ ᠰᠠᠭᠤᠷᠢ ᠪᠣᠯᠭᠠᠬᠤ ᠶᠢ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠨ᠂ ᠨᠡᠩ ᠥᠨᠳᠥᠷ ᠲᠦᠪᠰᠢᠨ ᠪᠦᠬᠦᠢ ᠠᠮᠣᠷ ᠳᠠᠶᠢᠪᠣᠩ ᠬᠡᠰᠢᠭᠳᠡᠨ ᠬᠤᠰᠢᠭᠤ ᠶᠢ ᠪᠠᠶᠢᠭᠤᠯᠬᠤ ᠬᠡᠷᠡᠭᠲᠡᠢ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠴᠢᠬᠤᠯᠠᠴᠢᠯᠠᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠂ ᠦᠨᠳᠦᠰᠦᠲᠡᠨ ᠤ ᠠᠵᠢᠯ ᠢ ᠡᠷᠡᠰ ᠭᠤᠶᠢᠪᠢᠰᠢ ᠦᠭᠡᠢ ᠰᠠᠶᠢᠲᠤᠷ ᠠᠳᠬᠤᠵᠤ᠂ ᠤᠯᠠᠨ ᠨᠡᠶᠢᠲᠡ ᠶᠢᠨ ᠠᠮᠤᠷ ᠲᠦᠪᠰᠢᠨ ᠢ ᠡᠴᠦᠰ ᠲᠤᠨᠢ ᠲᠤᠯᠲᠠᠯ᠎ᠠ ᠬᠢᠴᠢᠶᠡᠨ ᠬᠠᠮᠠᠭᠠᠯᠠᠵᠣ᠂ ᠬᠠᠤᠯᠢ ᠲᠣᠭᠲᠠᠭᠠᠯ ᠶᠣᠰᠣᠭᠠᠷ ᠨᠡᠶᠢᠭᠡᠮ ᠤᠨ ᠵᠠᠰᠠᠯᠲᠠ ᠶᠢ ᠴᠢᠩᠭᠠᠳᠬᠠᠨ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ᠂ ᠨᠡᠶᠢᠭᠡᠮ ᠤᠨ ᠠᠮᠤᠷ ᠲᠣᠭᠲᠠᠭᠤᠨ ᠡᠮᠬᠢ ᠳᠢᠭᠯᠢᠮ ᠲᠠᠢ᠂ ᠬᠢᠯᠢ ᠬᠢᠵᠠᠭᠠᠷ ᠤᠨ ᠠᠮᠤᠷ ᠲᠣᠭᠲᠠᠭᠤᠨ ᠪᠠᠶᠢᠬᠤ ᠶᠢ  ᠪᠠᠳᠣᠯᠠᠵᠣ᠂ ᠦᠨᠳᠦᠷ ᠳᠦᠪᠰᠢᠨ ᠪᠦᠬᠦᠢ ᠠᠮᠣᠷ ᠳᠦᠪᠰᠢᠨ ᠢᠶᠠᠷ ᠴᠢᠨᠠᠷ ᠰᠠᠶᠢᠳᠠᠢ ᠬᠦᠭᠵᠢᠯᠳᠡ ᠳᠤ ᠬᠠᠮᠠᠭᠠᠯᠠᠭᠴᠢ ᠪᠣᠯᠬᠤ ᠬᠡᠷᠡᠭᠳᠡᠢ ᠬᠡᠵᠣ ᠴᠢᠬᠤᠯᠠᠴᠢᠯᠠᠵᠠᠢ᠃      ᠬᠤᠷᠠᠯ ᠠᠴᠠ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠭᠦᠨᠵᠡᠭᠡᠢ ᠲᠤᠤᠱᠯᠠᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠬᠦᠨᠵᠡᠬᠡᠶᠢᠷᠡᠬᠦᠯᠦᠨ᠂ ᠦᠨᠳᠦᠰᠦᠨ ᠱᠠᠲᠤᠨ ᠤ ᠲᠠᠶᠢᠴᠢᠨ ᠪᠠᠬᠢᠯᠡᠯᠲᠡ ᠶᠢ ᠪᠠᠶᠢᠭᠤᠯᠤᠨ ᠬᠦᠴᠦᠷᠬᠡᠭᠵᠢᠭᠦᠯᠵᠦ᠂ ᠰᠢᠯᠭᠠᠷᠠᠭᠰᠠᠨ ᠺᠠᠳ᠋ᠷ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠨ᠂ ᠨᠠᠮ ᠳᠣᠭᠳᠠᠭᠤᠨ ᠤᠯᠤᠰ ᠲᠦᠷᠦ ᠶᠢᠨ ᠠᠮᠢ ᠠᠬᠤᠢ ᠶᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠭᠰᠠᠨ ᠲᠡᠮᠡᠴᠡᠯ ᠤᠨ ᠳᠦᠷᠢ ᠪᠠᠶᠢᠳᠠᠯ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠳᠣᠣᠱᠯᠠᠭᠤᠯᠬᠤ ᠠᠵᠢᠯᠯᠠᠭᠠᠨ ᠤ ᠤᠬᠠᠮᠰᠠᠷ ᠪᠠ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠᠲᠤ ᠢᠲᠡᠭᠡᠯ ᠢᠶᠠᠷ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠦᠨᠡᠨᠬᠦ ᠠᠳᠬᠤᠨ ᠪᠣᠳᠠᠲᠠᠶ ᠪᠠᠷ ᠠᠵᠢᠯᠯᠠᠵᠤ᠂ ᠥᠷᠯᠥᠭᠡ ᠦᠳᠡᠰᠢ ᠶᠢ ᠲᠡᠮᠡᠴᠡᠨ᠂ ᠵᠠᠯᠠᠭᠤ ᠨᠠᠰᠤᠨ ᠳᠠᠭᠠᠨ ᠣᠰᠣᠯᠳᠠᠯ ᠥᠬᠡᠶ ᠰᠢᠯᠢᠳᠡᠭ ᠬᠢᠷᠢ ᠪᠦᠳᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠶᠢ ᠪᠡᠶᠡᠯᠡᠬᠦᠯᠵᠣ᠂ ᠪᠥᠬᠦ ᠬᠤᠰᠢᠭᠤᠨ ᠤ ᠠᠷᠠᠳ ᠲᠦᠮᠡᠨ ᠤ ᠨᠠᠩ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠬᠤ ᠶᠢᠨ ᠲᠥᠯᠥᠭᠡ ᠴᠥᠬᠦᠷᠡᠰᠢ ᠥᠬᠡᠶ ᠲᠡᠮᠡᠴᠡᠵᠡᠭᠡᠶ᠎ᠡ ᠬᠡᠵᠣ ᠣᠷᠢᠶᠠᠯᠠᠭᠰᠠᠨ ᠪᠠᠶᠢᠨ᠎ᠠ︕
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号