ᠤᠯᠤᠰ ᠲᠥᠷᠥ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯᠳᠤᠭᠠᠨ ᠤ ᠪᠡᠯᠡᠳᠬᠡᠯ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/10
     1 ᠰᠠᠷ᠎ᠠ ᠶᠢᠨ 4 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯᠳᠤᠭᠠᠨ ᠤ ᠪᠡᠯᠡᠳᠬᠡᠯ ᠬᠤᠷᠠᠯ ᠢ ᠬᠤᠷᠠᠯᠳᠤᠭᠤᠯᠪᠠ᠃ ᠤᠯᠤᠰ ᠲᠥᠷᠥ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠲᠡᠷᠢᠭᠦᠯᠡᠭᠴᠢ ᠸᠠᠩ ᠶᠢ ᠵᠢᠶᠦ᠋ᠨ᠂ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠳᠡᠳ᠋ ᠲᠡᠷᠢᠭᠦᠯᠡᠭᠴᠢ ᠰᠦᠨ ᠴᠠᠩ ᠵᠢᠶᠠᠩ᠂ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠳᠡᠳ᠋ ᠲᠡᠷᠢᠭᠦᠯᠡᠭᠴᠢ ᠥᠯᠵᠡᠶᠢᠪᠠᠲᠤ᠂ ᠮᠠ ᠬᠤᠩ ᠮᠧᠶ᠂ ᠤᠯᠤᠰ ᠲᠥᠷᠥ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠹᠦ᠋ ᠶᠢᠨ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠵᠢᠱᠢᠭᠳᠡᠭᠴᠢ ᠵᠠᠩ ᠵᠢᠶ ᠳ᠋ᠦᠩ᠂ ᠤᠯᠤᠰ ᠲᠥᠷᠥ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠸᠠᠩ ᠯᠢ ᠵᠢᠶᠦ᠋ᠨ ᠬᠤᠷᠠᠯ ᠳᠤ ᠣᠷᠣᠯᠴᠠᠵᠠᠶ᠃      ᠲᠣᠰ ᠤᠳᠠᠭᠠᠨ ᠤ ᠬᠤᠷᠠᠯᠳᠤᠭᠠᠨ ᠳᠤ ᠣᠷᠣᠯᠴᠠᠬᠤ ᠶᠣᠰᠣᠲᠠᠶ ᠭᠡᠰᠢᠭᠦᠨ 191 ᠬᠥᠮᠦᠨ᠂ ᠪᠣᠳᠠᠲᠠᠶ ᠣᠷᠣᠯᠴᠠᠭᠰᠠᠨ ᠭᠡᠰᠢᠭᠦᠨ 178 ᠬᠥᠮᠦᠨ ᠪᠠᠶᠢᠵᠤ᠂ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠵᠦ ᠪᠠᠶᠢᠨ᠎ᠠ᠃
     ᠬᠤᠷᠠᠯ ᠢ ᠸᠠᠩ ᠶᠢ ᠵᠢᠶᠦ᠋ᠨ ᠡᠷᠭᠢᠯᠡᠪᠡ᠃      ᠬᠤᠷᠠᠯ ᠠᠴᠠ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ᠂ ᠲᠡᠷᠢᠭᠦᠯᠡᠭᠴᠢᠳ ᠤᠨ ᠪᠦᠯᠬᠦᠮ ᠤᠨ ᠬᠤᠷᠠᠯ ᠤᠨ ᠡᠷᠬᠢᠯᠡᠭᠴᠢ᠂ ᠶᠡᠭᠡ ᠬᠤᠷᠠᠯ ᠤᠨ ᠨᠠᠷᠢᠨ ᠪᠢᠴᠢᠭ ᠤᠨ ᠳᠠᠷᠤᠭ᠎ᠠ᠂ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠰᠠᠨᠠᠭᠤᠯᠭ᠎ᠠ ᠶᠢᠨ ᠨᠡᠷᠡᠰ ᠢ ᠬᠢᠨᠠᠨ ᠵᠥᠪᠯᠡᠵᠦ ᠪᠠᠲᠤᠯᠠᠪᠠ᠃ ᠶᠡᠭᠡ ᠬᠤᠷᠠᠯ ᠤᠨ ᠳᠤᠭᠤᠶᠢᠯᠠᠩ ᠬᠤᠪᠢᠶᠠᠬᠤ ᠠᠷᠭ᠎ᠠ ᠪᠠ ᠳᠤᠭᠤᠶᠢᠯᠠᠩ ᠤᠨ ᠬᠤᠷᠠᠯᠳᠤᠭᠤᠯᠤᠭᠴᠢ ᠶᠢᠨ ᠰᠠᠨᠠᠭᠤᠯᠭ᠎ᠠ ᠶᠢᠨ ᠨᠡᠷᠡᠰ ᠢ ᠬᠢᠨᠠᠨ ᠵᠥᠪᠯᠡᠵᠦ ᠪᠠᠲᠤᠯᠠᠪᠠ᠃ ᠤᠯᠤᠰ ᠲᠥᠷᠥ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠤ ᠰᠠᠨᠠᠯ ᠵᠥᠪᠯᠡᠯᠭᠡ ᠶᠢ ᠬᠢᠨᠠᠨ ᠪᠠᠶᠢᠴᠠᠭᠠᠬᠤ ᠺᠣᠮᠢᠰ ᠤᠨ ᠰᠠᠨᠠᠭᠤᠯᠭ᠎ᠠ ᠶᠢᠨ ᠨᠡᠷᠡᠰ ᠢ ᠬᠢᠨᠠᠨ ᠵᠥᠪᠯᠡᠵᠦ ᠪᠠᠲᠤᠯᠠᠪᠠ᠃ ᠤᠯᠤᠰ ᠲᠥᠷᠥ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠤ ᠵᠥᠪᠯᠡᠬᠦ ᠵᠦᠢᠯ ︵ᠲᠥᠰᠦᠯ︶ ᠢ ᠬᠢᠨᠠᠨ ᠵᠥᠪᠯᠡᠵᠦ ᠪᠠᠲᠤᠯᠠᠪᠠ᠃      ᠸᠠᠩ ᠶᠢ ᠵᠢᠶᠦ᠋ᠨ ᠳ᠋ᠦᠩᠨᠡᠯᠲᠡ ᠶᠢᠨ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠪᠥᠬᠦ ᠭᠡᠰᠢᠭᠦᠳ ᠦᠵᠡᠯ ᠰᠠᠨᠠᠭ᠎ᠠ ᠪᠠᠨ ᠨᠢᠭᠡᠳᠬᠡᠨ᠂ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ ᠪᠠᠨ ᠤᠬᠠᠮᠰᠠᠷ ᠠᠴᠠ ᠪᠠᠨ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠨ᠂ ᠣᠶᠤᠨ ᠤᠬᠠᠭᠠᠨ ᠪᠠ ᠬᠦᠴᠦᠨ ᠴᠢᠳᠠᠯ ᠢᠶᠠᠨ ᠨᠢᠭᠡᠨᠲᠡ ᠲᠣᠭᠲᠠᠭᠰᠠᠨ ᠬᠠᠷᠠᠯᠲᠠ ᠡᠭᠦᠷᠭᠡ ᠳᠡᠭᠡᠷ᠎ᠡ ᠨᠢᠭᠲᠠᠷᠠᠭᠤᠯᠵᠤ᠂ ᠰᠡᠳᠬᠢᠯ ᠤᠨ ᠦᠭᠡ ᠪᠠᠨ ᠢᠯᠡᠭᠦᠬᠡᠨ ᠶᠠᠷᠢᠵᠤ᠂ ᠪᠣᠳᠠᠲᠠᠶ ᠠᠷᠭ᠎ᠠ ᠪᠣᠳᠣᠯᠭ᠎ᠠ ᠪᠠᠨ ᠴᠢᠷᠮᠠᠶᠢᠨ ᠳᠡᠪᠰᠢᠭᠦᠯᠵᠦ᠂ ᠤᠯᠤᠰ ᠲᠥᠷᠥ ᠶᠢᠨ ᠣᠷᠭᠢᠯᠤᠮ᠎ᠠ ᠬᠠᠯᠠᠭᠤᠨ ᠰᠡᠳᠬᠢᠯᠭᠡ ᠪᠠ ᠣᠶᠤᠨ ᠰᠠᠨᠠᠭᠠᠨ ᠤ ᠰᠠᠶᠢᠨ ᠰᠠᠶᠢᠬᠠᠨ ᠳᠦᠷᠰᠦ ᠪᠠᠶᠢᠳᠠᠯ ᠢᠶᠠᠷ ᠲᠣᠰ ᠤᠳᠠᠭᠠᠨ ᠤ ᠬᠤᠷᠠᠯ ᠢ ᠰᠠᠶᠢᠲᠤᠷ ᠬᠤᠷᠠᠯᠳᠤᠭᠤᠯᠬᠤ ᠬᠡᠷᠡᠭᠲᠡᠶ᠃ ᠡᠭᠦᠷᠭᠡ ᠪᠠᠨ ᠲᠣᠳᠣᠷᠬᠠᠶ ᠪᠣᠯᠭᠠᠵᠤ᠂ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ ᠵᠦᠢᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠶ ᠬᠢᠨᠠᠨ ᠵᠥᠪᠯᠡᠬᠦ ᠶᠢᠨ ᠬᠠᠮᠲᠤ ᠰᠢᠨ᠎ᠡ ᠨᠢᠭᠡ ᠬᠤᠭᠤᠴᠠᠭᠠᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠲᠤᠬᠠᠶ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠬᠡᠷᠡᠭᠲᠡᠶ᠃ ᠰᠣᠩᠭᠤᠭᠤᠯᠢ ᠶᠢᠨ ᠠᠵᠢᠯ ᠢ ᠳᠡᠭᠡᠳᠦ ᠬᠡᠮᠵᠢᠶ᠎ᠡ ᠪᠠᠷ ᠬᠠᠷᠢᠭᠤᠴᠠᠵᠤ ᠰᠠᠶᠢᠲᠤᠷ ᠬᠢᠬᠦ ᠬᠡᠷᠡᠭᠲᠡᠶ᠃ ᠭᠡᠰᠢᠭᠦᠳ ᠤᠨ ᠳᠣᠲᠣᠷᠠᠬᠢ ᠨᠠᠮ ᠤᠨ ᠭᠡᠰᠢᠭᠦᠳ ᠵᠢᠱᠢᠶᠡᠴᠢ ᠪᠠᠷ ᠳᠠᠶᠢᠴᠢᠯᠠᠬᠤ ᠦᠢᠯᠡᠳᠦᠯ ᠢᠶᠠᠨ ᠢᠳᠡᠪᠬᠢᠲᠡᠶ ᠪᠠᠷ ᠪᠠᠳᠠᠷᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠪᠦᠬᠦ ᠭᠡᠰᠢᠭᠦᠳ ᠢ ᠬᠥᠲᠥᠯᠥᠨ ᠵᠢᠯᠣᠭᠤᠳᠴᠤ ᠪᠠᠶᠢᠭᠠᠳ ᠡᠮᠬᠢ ᠵᠢᠷᠤᠮ ᠲᠠᠢ ᠡᠷᠡᠭᠦᠯ ᠲᠣᠭᠲᠠᠭᠤᠨ ᠪᠠᠶᠢᠬᠤ ᠪᠠᠷ ᠦᠨᠳᠦᠰᠦᠨ ᠱᠠᠭᠠᠷᠳᠠᠯᠭ᠎ᠠ ᠪᠣᠯᠭᠠᠵᠤ᠂ ᠬᠠᠤᠯᠢ ᠲᠣᠭᠲᠠᠭᠠᠯ ᠶᠣᠰᠣᠭᠠᠷ ᠡᠷᠬᠡ ᠪᠠᠨ ᠬᠡᠷᠡᠭᠵᠢᠭᠦᠯᠬᠦ ᠪᠠ ᠨᠠᠮ ᠤᠨ ᠵᠣᠬᠢᠶᠠᠨ ᠪᠠᠶᠢᠭᠤᠯᠤᠯᠲᠠ ᠶᠢᠨ ᠰᠠᠨᠠᠭ᠎ᠠ ᠵᠣᠷᠢᠯᠲᠠ ᠶᠢ ᠲᠤᠤᠱᠯᠠᠭᠤᠯᠬᠤ ᠶᠢ ᠨᠢᠭᠡᠳᠬᠡᠵᠦ᠂ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠰᠡᠳᠬᠢᠯ ᠬᠠᠨᠤᠮᠵᠢᠲᠠᠶ᠂ ᠤᠯᠠᠨ ᠲᠦᠮᠡᠨ ᠤ ᠬᠦᠷᠢᠶᠡᠯᠡᠯ ᠢ ᠣᠯᠤᠭᠰᠠᠨ ᠰᠠᠶᠢᠨ ᠪᠠᠭ ᠢ ᠰᠣᠩᠭᠤᠨ ᠭᠠᠷᠭᠠᠵᠤ᠂ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠨᠡᠭᠡᠭᠡᠨ ᠤᠷᠤᠭᠰᠢᠯᠠᠬᠤ ᠰᠢᠨ᠎ᠡ ᠳᠦᠷᠰᠦ ᠪᠠᠶᠢᠳᠠᠯ᠂ ᠰᠢᠨ᠎ᠡ ᠬᠥᠳᠡᠯᠭᠡᠬᠦ ᠬᠦᠴᠦᠨ᠂ ᠰᠢᠨ᠎ᠡ ᠵᠣᠷᠢᠭ ᠰᠠᠨᠠᠭ᠎ᠠ ᠶᠢ ᠪᠣᠢ ᠪᠣᠯᠭᠠᠬᠤ ᠬᠡᠷᠡᠭᠲᠡᠶ᠃ ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠳᠤᠮᠳᠠ ᠭᠠᠷᠴᠤ ᠮᠡᠳᠡᠬᠦ ᠲᠥᠪ ᠪᠤᠰᠤ ᠰᠤᠷᠲᠠᠯ ᠪᠠ ᠬᠠᠤᠯᠢ ᠶᠢ ᠵᠥᠷᠢᠴᠡᠨ ᠰᠠᠬᠢᠯᠭ᠎ᠠ ᠶᠢ ᠰᠠᠮᠠᠭᠤᠷᠠᠭᠤᠯᠬᠤ ᠠᠵᠢᠯᠯᠠᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠬᠤᠭᠤᠴᠠᠭ᠎ᠠ ᠰᠣᠯᠢᠬᠤ ᠠᠵᠢᠯ ᠤᠨ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠡᠷᠡᠰ ᠴᠢᠩᠭ᠎ᠠ ᠰᠠᠬᠢᠯᠭ᠎ᠠ ᠪᠠᠲᠤ ᠪᠠᠷ ᠪᠠᠲᠤᠯᠠᠬᠤ ᠬᠡᠷᠡᠭᠲᠡᠢ᠃ ᠬᠤᠷᠠᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠤᠯᠤᠰ ᠲᠦᠷᠦ ᠶᠢᠨ ᠵᠥᠪᠯᠡᠯᠭᠡᠨ ᠤ ᠪᠦᠬᠦ ᠭᠡᠰᠢᠭᠦᠳ ᠬᠤᠷᠠᠯ ᠤᠨ ᠠᠵᠢᠯᠯᠠᠵᠤ ᠠᠮᠠᠷᠠᠬᠤ ᠴᠠᠭ ᠪᠠ ᠡᠳᠦᠷ ᠤᠨ ᠳᠠᠷᠠᠭᠠᠯᠠᠯ ᠤᠨ ᠲᠤᠬᠢᠷᠠᠭᠤᠯᠤᠯᠳᠠ ᠶᠢ ᠴᠢᠩᠭ᠎ᠠ ᠵᠢᠷᠤᠮᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠰᠠᠶᠢᠨ ᠰᠠᠶᠢᠬᠠᠨ ᠲᠦᠷᠢ ᠲᠥᠷᠬᠦ ᠶᠢ ᠢᠯᠡᠷᠡᠭᠦᠯᠵᠦ᠂ ᠰᠠᠶᠢᠨ ᠰᠠᠶᠢᠬᠠᠨ ᠬᠤᠷᠠᠯ ᠤᠨ ᠰᠤᠷᠲᠠᠯ ᠢ ᠪᠤᠢ ᠪᠣᠯᠭᠠᠬᠤ ᠬᠡᠷᠡᠭᠲᠡᠢ᠃      ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠪᠠᠰᠠ ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠬᠤ ᠰᠡᠷᠡᠮᠵᠢ ᠶᠢᠨ ᠹᠢᠯᠢᠮ ︽ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ︾ ᠶᠢ ᠬᠠᠮᠲᠤᠪᠠᠷ ᠦᠵᠡᠭᠰᠡᠨ ᠪᠥᠭᠡᠳ ᠬᠤᠭᠤᠴᠠᠭ᠎ᠠ ᠰᠣᠯᠢᠬᠤ ᠠᠵᠢᠯ ᠤᠨ ᠬᠡᠪ ᠰᠤᠷᠲᠠᠯ ᠢ ᠰᠢᠯᠭᠠᠨ ᠦᠨᠡᠯᠡᠪᠡ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号