ᠤᠯᠤᠰ ᠲᠥᠷᠥ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯᠳᠤᠭᠠᠨ ᠠᠮᠵᠢᠯᠲᠠ ᠲᠠᠢ ᠳᠠᠭᠤᠰᠪᠠ
ᠨᠡᠶᠢᠲᠡᠯᠡᠭᠰᠡᠨ ᠴᠠᠭ᠄
2022/1/11
     ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠬᠡᠰᠢᠭᠲᠡᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯᠳᠤᠭᠠᠨ ᠨᠢ ᠡᠯ᠎ᠡ ᠵᠥᠪᠯᠡᠬᠦ ᠵᠦᠢᠯᠡᠰ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ 1 ᠰᠠᠷ᠎ᠠ ᠶᠢᠨ 7᠎ ᠤ ᠡᠳᠦᠷ ᠤᠨ ᠦᠳᠡ ᠶᠢᠨ ᠬᠤᠶᠢᠨ᠎ᠠ ᠪᠢᠷᠠᠭᠤ ᠪᠠᠯᠭᠠᠰᠤᠨ᠎ᠠ ᠠᠮᠵᠢᠯᠲᠠ ᠲᠠᠢ ᠳᠠᠭᠤᠰᠪᠠ᠃      ᠬᠤᠷᠠᠯ ᠳᠤ ᠣᠷᠣᠯᠴᠠᠬᠤ ᠶᠣᠰᠣᠲᠠᠶ ᠭᠡᠰᠢᠭᠦᠨ 191 ᠬᠥᠮᠦᠨ᠂ ᠬᠤᠷᠠᠯ ᠳᠤ ᠪᠣᠳᠠᠲᠠᠶ ᠣᠷᠣᠯᠴᠠᠭᠰᠠᠨ ᠭᠡᠰᠢᠭᠦᠨ 171 ᠬᠥᠮᠦᠨ ᠪᠠᠶᠢᠵᠤ᠂ ︽ᠤᠯᠤᠰ ᠲᠥᠷᠥ ᠶᠢᠨ ᠵᠥᠪᠯᠡᠯᠭᠡᠨ ᠤ ᠳᠦᠷᠢᠮ︾᠎ ᠤᠨ ᠲᠣᠭᠲᠠᠭᠠᠯ ᠳᠤ ᠨᠡᠶᠢᠴᠡᠵᠦ ᠪᠣᠢ᠃
     ᠬᠤᠷᠠᠯ ᠢ ᠨᠡᠷᠡᠨ ᠡᠷᠬᠢᠯᠡᠪᠡ᠃
     ᠬᠤᠷᠠᠯᠳᠤᠭᠠᠨ ᠠᠴᠠ ᠰᠣᠩᠭᠤᠭᠤᠯᠢ ᠶᠢᠨ ᠠᠷᠭ᠎ᠠ ︵ᠲᠥᠰᠦᠯ︶᠎ ᠶᠢ ᠪᠠᠲᠤᠯᠠᠪᠠ︔ ᠶᠡᠷᠦᠩᠬᠡᠶ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠰᠠᠨᠠᠭᠤᠯᠭ᠎ᠠ ᠶᠢᠨ ᠨᠡᠷᠡᠰ ᠢ ᠪᠠᠲᠤᠯᠠᠪᠠ᠃      ᠬᠤᠷᠠᠯ ᠠᠴᠠ ᠰᠣᠩᠭᠤᠭᠤᠯᠢ ᠶᠠᠪᠤᠭᠤᠯᠪᠠ᠃ ᠤᠯᠤᠰ ᠲᠥᠷᠥ ᠶᠢᠨ ᠵᠥᠪᠯᠡᠯᠭᠡᠨ ᠤ ᠲᠦᠷᠢᠮ ᠪᠠ ᠲᠣᠰ ᠤᠳᠠᠭᠠᠨ ᠤ ᠬᠤᠷᠠᠯᠳᠤᠭᠠᠨ ᠤ ︽ᠰᠣᠩᠭᠤᠭᠤᠯᠢ ᠶᠢᠨ ᠠᠷᠭ᠎ᠠ︾᠎ ᠶᠢᠨ ᠲᠣᠭᠲᠠᠭᠠᠯ ᠶᠣᠰᠣᠭᠠᠷ᠂ ᠪᠥᠬᠦ ᠭᠡᠰᠢᠭᠦᠳ ᠵᠥᠪᠯᠡᠬᠦ ᠪᠠ ᠲᠡᠷᠢᠭᠦᠯᠡᠭᠴᠢᠳ ᠤᠨ ᠪᠦᠯᠬᠦᠮ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠢᠶᠠᠷ ᠬᠢᠨᠠᠨ ᠵᠥᠪᠯᠡᠬᠦ ᠪᠠᠷ ᠳᠡᠮᠵᠢᠨ᠂ ᠶᠡᠭᠡ ᠬᠤᠷᠠᠯ ᠠᠴᠠ ᠨᠡᠷ᠎ᠡ ᠲᠡᠮᠳᠡᠭᠯᠡᠬᠦ ᠦᠭᠡᠢ ᠪᠠᠷ ᠪᠢᠯᠧᠲ ᠥᠭᠬᠦ ᠬᠡᠯᠪᠡᠷᠢ ᠪᠠᠷ ᠤᠯᠤᠰ ᠲᠥᠷᠥ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ᠂ ᠪᠠᠶᠢᠩᠭᠤ ᠶᠢᠨ ᠭᠡᠰᠢᠭᠦᠨ ᠢ ᠰᠣᠩᠭᠤᠪᠠ᠃
     ᠬᠤᠷᠠᠯ ᠳᠡᠭᠡᠷ᠎ᠡ ᠰᠢᠨ᠎ᠡ ᠪᠠᠷ ᠰᠣᠩᠭᠤᠭᠳᠠᠭᠰᠠᠨ ᠲᠡᠷᠢᠭᠦᠯᠡᠭᠴᠢ᠂ ᠳᠡᠳ᠋ ᠲᠡᠷᠢᠭᠦᠯᠡᠭᠴᠢ᠂ ᠨᠠᠷᠢᠨ ᠪᠢᠴᠢᠭ ᠤᠨ ᠳᠠᠷᠤᠭ᠎ᠠ᠂ ᠪᠠᠶᠢᠩᠭᠤ ᠶᠢᠨ ᠭᠡᠰᠢᠭᠦᠳ ᠪᠦᠬᠦ ᠭᠡᠰᠢᠭᠦᠳ ᠲᠠᠢ ᠠᠭᠤᠯᠵᠠᠪᠠ᠃
     ᠸᠠᠩ ᠶᠢ ᠵᠢᠶᠦ᠋ᠨ ᠲᠤᠰᠢᠶᠠᠯ ᠳᠤ ᠭᠠᠷᠬᠤ ᠶᠠᠷᠢᠶ᠎ᠠ ᠲᠠᠯᠪᠢᠪᠠ᠃
     ᠬᠤᠷᠠᠯ ᠠᠴᠠ ᠤᠯᠤᠰ ᠲᠥᠷᠥ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯᠳᠤᠭᠠᠨ ᠤ ᠰᠢᠢᠳᠪᠦᠷᠢ ︵ᠲᠥᠰᠦᠯ︶᠎ ᠶᠢ ᠪᠠᠲᠤᠯᠠᠪᠠ᠃
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号