ᠬᠡᠰᠢᠭᠲᠡᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠠᠮᠵᠢᠯᠲᠠ ᠲᠠᠢ ᠬᠤᠷᠠᠯ ᠳᠠᠭᠤᠰᠪᠠ
ᠨᠡᠶᠢᠲᠡᠯᠡᠭᠰᠡᠨ ᠴᠠᠭ᠄
2022/1/11
     1 ᠰᠠᠷ᠎ᠠ ᠶᠢᠨ 8 ᠤ ᠡᠳᠦᠷ᠂ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠨᠢ ᠶᠡᠭᠡ ᠬᠤᠷᠠᠯ ᠤᠨ ᠡᠯ᠎ᠡ ᠵᠥᠪᠯᠡᠬᠦ ᠵᠦᠢᠯᠡᠰ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠮᠵᠢᠯᠲᠠ ᠲᠠᠢ ᠬᠤᠷᠠᠯ ᠳᠠᠭᠤᠰᠪᠠ᠃      ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠭᠰᠠᠨ ᠲᠥᠯᠥᠭᠡᠯᠡᠭᠴᠢ 194 ᠬᠥᠮᠦᠨ᠂ ᠲᠤᠰ ᠬᠤᠷᠠᠯ ᠳᠤ ᠣᠷᠣᠯᠴᠠᠭᠰᠠᠨ ᠲᠥᠯᠥᠭᠡᠯᠡᠭᠴᠢ 184 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠵᠦ ᠪᠤᠢ᠃
     ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠵᠧᠦ ᠵᠢᠩ ᠮᠢᠨ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠪᠠ᠃
     ᠬᠤᠷᠠᠯ ᠢ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠰᠦᠨ ᠴᠠᠩ ᠵᠢᠶᠠᠩ ᠡᠷᠬᠢᠯᠡᠪᠡ᠃
     ᠬᠤᠷᠠᠯ ᠠᠴᠠ ᠶᠡᠷᠦᠩᠬᠡᠢ ᠪᠢᠯᠧᠲ ᠬᠢᠨᠠᠭᠴᠢ᠂ ᠳᠡᠳ᠋ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠢ ᠪᠠᠲᠤᠯᠠᠪᠠ᠃
     ᠬᠤᠷᠠᠯ ᠠᠴᠠ ᠨᠡᠷ᠎ᠡ ᠲᠡᠮᠳᠡᠭᠯᠡᠬᠦ ᠦᠭᠡᠢ ᠰᠣᠩᠭᠤᠭᠤᠯᠢ ᠶᠢᠨ ᠠᠷᠭ᠎ᠠ ᠪᠠᠷ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ 1 ᠨᠡᠷ᠎ᠡ ᠂ ᠳᠡᠳ᠋ ᠡᠷᠭᠢᠯᠡᠭᠴᠢ 4 ᠨᠡᠷ᠎ᠡ᠂ ᠭᠡᠰᠢᠭᠦᠨ 25 ᠨᠡᠷ᠎ᠡ︔ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ 1 ᠨᠡᠷ᠎ᠡ᠂ ᠳᠡᠳ᠋ ᠳᠠᠷᠤᠭ᠎ᠠ 7 ᠨᠡᠷ᠎ᠡ︔ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ 1 ᠨᠡᠷ᠎ᠡ︔ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ 1 ᠨᠡᠷ᠎ᠡ︔ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠭᠴᠢ ᠳᠠᠷᠤᠭ᠎ᠠ 1 ᠨᠡᠷ᠎ᠡ︔ ᠤᠯᠠᠭᠠᠨᠬᠠᠳᠠ ᠬᠤᠳᠠ ᠶᠢᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠬᠤ ᠲᠥᠯᠥᠭᠡᠯᠡᠭᠴᠢ 25 ᠨᠡᠷ᠎ᠡ ᠰᠣᠩᠭᠤᠨ ᠭᠠᠷᠭᠠᠪᠠ᠃
     2022 ᠣᠨ ᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠢᠯᠧᠲ ᠥᠭᠴᠦ ᠪᠠᠲᠤᠯᠠᠪᠠ᠃      ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠶ ᠰᠢᠢᠳᠪᠦᠷᠢ ︵ᠲᠥᠰᠦᠯ︶ ᠶᠢ ᠪᠠᠲᠤᠯᠠᠪᠠ᠃      ᠤᠯᠤᠰ ᠠᠷᠠᠳ ᠤᠨ ᠠᠵᠤ ᠠᠬᠤᠢ ᠬᠢᠭᠡᠳ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠠᠵᠢᠯ ᠤᠨ ᠮᠡᠳᠡᠭᠦᠯᠦᠯᠲᠡ ᠶᠢᠨ ᠲᠤᠬᠠᠶ ᠰᠢᠢᠳᠪᠦᠷᠢ ︵ᠲᠥᠰᠦᠯ︶ ᠶᠢ ᠪᠠᠲᠤᠯᠠᠪᠠ᠃      ᠡᠳ᠋ ᠤᠨ ᠵᠠᠰᠠᠭ ᠤᠨ ᠠᠵᠢᠯ ᠤᠨ ᠮᠡᠳᠡᠭᠦᠯᠦᠯᠲᠡ ᠶᠢᠨ ᠲᠤᠬᠠᠶ ᠰᠢᠢᠳᠪᠦᠷᠢ ︵ᠲᠥᠰᠦᠯ︶ ᠶᠢ ᠪᠠᠲᠤᠯᠠᠪᠠ᠃      ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠶ ᠰᠢᠢᠳᠪᠦᠷᠢ ︵ᠲᠥᠰᠦᠯ︶ ᠶᠢ ᠪᠠᠲᠤᠯᠠᠪᠠ᠃      ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠶ ᠰᠢᠢᠳᠪᠦᠷᠢ ︵ᠲᠥᠰᠦᠯ ︶ ᠶᠢ ᠪᠠᠲᠤᠯᠠᠪᠠ᠃      ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠶ ᠰᠢᠢᠳᠪᠦᠷᠢ ︵ᠲᠥᠰᠦᠯ︶ ᠶᠢ ᠪᠠᠲᠤᠯᠠᠪᠠ᠃      2021 ᠣᠨ ᠤ ᠪᠥᠬᠦ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠡᠷᠢᠭᠦᠨ ᠤ ᠬᠠᠮᠲᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠯᠢᠳᠡᠭ ᠲᠡᠷᠢᠭᠦᠯᠡᠭᠴᠢ ︵ᠠᠵᠢᠯᠯᠠᠬᠤ ᠬᠤᠷᠢᠶ᠎ᠠ ᠶᠢᠨ ᠡᠷᠬᠢᠯᠡᠭᠴᠢ︶ ᠪᠣᠯᠤᠨ ᠰᠢᠯᠢᠳᠡᠭ ᠮᠡᠳᠡᠭᠡ ᠵᠠᠩᠭᠢᠴᠢᠳ ᠢ ᠬᠥᠬᠢᠭᠦᠯᠦᠨ ᠰᠠᠶᠢᠰᠢᠶᠠᠬᠤ ᠲᠤᠬᠠᠶ ᠲᠣᠭᠲᠠᠭᠠᠯ ᠢ ᠤᠩᠰᠢᠨ ᠨᠡᠶᠢᠲᠡᠯᠡᠪᠡ᠃
     ᠰᠢᠨ᠎ᠡ ᠪᠠᠷ ᠰᠣᠩᠭᠤᠭᠳᠠᠭᠰᠠᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ᠂ ᠳᠡᠳ᠋ ᠡᠷᠭᠢᠯᠡᠭᠴᠢ ᠲᠥᠯᠥᠭᠡᠯᠡᠭᠴᠢᠳ ᠲᠠᠢ ᠠᠭᠤᠯᠵᠠᠪᠠ᠃  
     ᠰᠢᠨ᠎ᠡ ᠪᠠᠷ ᠰᠣᠩᠭᠤᠭᠳᠠᠭᠰᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ᠂ ᠳᠡᠳ᠋ ᠳᠠᠷᠤᠭ᠎ᠠ ᠲᠥᠯᠥᠭᠡᠯᠡᠭᠴᠢᠳ ᠲᠠᠢ ᠠᠭᠤᠯᠵᠠᠪᠠ᠃
     ᠰᠢᠨ᠎ᠡ ᠪᠠᠷ ᠰᠣᠩᠭᠤᠭᠳᠠᠭᠰᠠᠨ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠭᠴᠢ ᠳᠠᠷᠤᠭ᠎ᠠ ᠲᠥᠯᠥᠭᠡᠯᠡᠭᠴᠢᠳ ᠲᠠᠢ ᠠᠭᠤᠯᠵᠠᠪᠠ᠃
     ᠰᠢᠨ᠎ᠡ ᠪᠠᠷ ᠰᠣᠩᠭᠤᠭᠳᠠᠭᠰᠠᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠳ ᠲᠥᠯᠥᠭᠡᠯᠡᠭᠴᠢᠳ ᠲᠠᠢ ᠠᠭᠤᠯᠵᠠᠪᠠ᠃
     ᠰᠢᠨ᠎ᠡ ᠪᠠᠷ ᠰᠣᠩᠭᠤᠭᠳᠠᠭᠰᠠᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠡᠰᠢᠭᠦᠳ ᠲᠥᠯᠥᠭᠡᠯᠡᠭᠴᠢᠳ ᠲᠠᠢ ᠠᠭᠤᠯᠵᠠᠪᠠ᠃
     ᠰᠢᠨ᠎ᠡ ᠪᠠᠷ ᠰᠣᠩᠭᠤᠭᠳᠠᠭᠰᠠᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠶ ᠶᠢᠨ ᠵᠥᠪᠯᠡᠯ ᠤᠨ ᠪᠦᠷᠢᠯᠳᠦᠬᠦᠨ ᠨᠠᠷ ᠲᠥᠯᠥᠭᠡᠯᠡᠭᠴᠢᠳ ᠲᠠᠢ ᠠᠭᠤᠯᠵᠠᠪᠠ᠃
     ᠰᠢᠨ᠎ᠡ ᠪᠠᠷ ᠰᠣᠩᠭᠤᠭᠳᠠᠭᠰᠠᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠲᠦᠷᠢᠮ ᠤᠨ ᠵᠥᠪᠯᠡᠯ ᠤᠨ ᠪᠦᠷᠢᠯᠳᠦᠬᠦᠨ ᠨᠠᠷ ᠲᠥᠯᠥᠭᠡᠯᠡᠭᠴᠢᠳ ᠲᠠᠢ ᠠᠭᠤᠯᠵᠠᠪᠠ᠃
     ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ᠃
     ᠰᠢᠨ᠎ᠡ ᠪᠠᠷ ᠰᠣᠩᠭᠤᠭᠳᠠᠭᠰᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠸᠠᠩ ᠶᠦᠩ ᠴᠦᠨ ᠲᠤᠰᠢᠶᠠᠯ ᠳᠤ ᠭᠠᠷᠬᠤ ᠶᠠᠷᠢᠶ᠎ᠠ ᠲᠠᠯᠪᠢᠪᠠ᠃
     ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠬᠤᠷᠴᠠ ᠲᠤᠰᠢᠶᠠᠯ ᠳᠤ ᠭᠠᠷᠬᠤ ᠶᠠᠷᠢᠶ᠎ᠠ ᠲᠠᠯᠪᠢᠪᠠ᠃
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号