ᠡᠨᠡ ᠵᠢᠯ ᠡᠨᠡ ᠲᠥᠷᠥᠯ ᠤᠨ ᠲᠡᠭᠦᠰᠬᠦ ᠰᠤᠷᠤᠭᠴᠢ ᠶᠢ ᠪᠦᠬᠦᠨ ᠢ ᠳᠤᠮᠳᠠᠳᠤ ᠪᠠᠭ᠎ᠠ ᠰᠤᠷᠭᠠᠭᠤᠯᠢ ᠳᠤ ᠪᠠᠭᠰᠢᠯᠠᠭᠤᠯᠤᠨ᠎ᠠ
ᠨᠡᠶᠢᠲᠡᠯᠡᠭᠰᠡᠨ ᠴᠠᠭ᠄
2022/1/12
     ᠰᠤᠷᠭᠠᠨ ᠬᠥᠮᠦᠵᠢᠯ ᠤᠨ ᠶᠠᠮᠤᠨ 10᠎ ᠤ ᠡᠳᠦᠷ ︽2022 ᠣᠨ ᠤ ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠠᠯᠪᠠᠨ ᠵᠠᠷᠤᠳᠠᠯ ᠢᠶᠠᠷ ᠪᠠᠭᠰᠢ ᠶᠢᠨ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠨᠡᠶᠢᠲᠡᠯᠡᠵᠦ᠂ 2022 ᠣᠨ ᠤ ᠶᠠᠮᠤᠨ ᠤ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠠᠯᠪᠠᠨ ᠤ ᠵᠠᠷᠤᠳᠠᠯ ᠢᠶᠠᠷ ᠪᠠᠭᠰᠢ ᠶᠢᠨ ᠰᠤᠷᠭᠠᠭᠤᠯᠢ ᠲᠡᠭᠦᠰᠦᠭᠰᠡᠳ ᠢ ᠪᠦᠬᠦᠨ ᠢ ᠳᠤᠮᠳᠠᠳᠤ ᠪᠠᠭ᠎ᠠ ᠰᠤᠷᠭᠠᠭᠤᠯᠢ ᠳᠤ ᠲᠤᠬᠢᠷᠠᠭᠤᠯᠵᠦ ᠪᠠᠭᠰᠢᠯᠠᠭᠤᠯᠬᠤ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠮᠡᠳᠡᠭᠳᠡᠯ ᠳᠤ ᠱᠠᠭᠠᠷᠳᠠᠭᠰᠠᠨ ᠨᠢ᠂ ᠡᠯ᠎ᠡ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠯᠪᠠᠨ ᠵᠠᠷᠤᠳᠠᠯ ᠢᠶᠠᠷ ᠪᠠᠭᠰᠢ ᠶᠢᠨ ᠮᠡᠷᠭᠡᠵᠢᠯ ᠲᠡᠭᠦᠰᠦᠭᠰᠡᠨ ᠤᠶᠤᠲᠠᠳ ᠤᠨ ᠲᠤᠰᠬᠠᠶ ᠡᠯᠰᠡᠯᠲᠡ ᠶᠢᠨ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠵᠤ᠂ ᠬᠤᠭᠤᠰᠣᠨ ᠣᠷᠣᠨ ᠲᠤᠭ᠎ᠠ ᠶᠢ ᠤᠷᠢᠳ ᠢᠶᠠᠷ ᠠᠰᠢᠭᠯᠠᠨ ᠭᠥᠯᠢᠶᠡᠨ ᠠᠪᠬᠤ ᠵᠡᠷᠭᠡ ᠠᠷᠭ᠎ᠠ ᠪᠠᠷ ᠳᠠᠮᠵᠢᠭᠤᠯᠤᠨ᠂ ᠠᠵᠢᠯ ᠣᠯᠭᠤᠬᠤ ᠨᠥᠬᠦᠴᠡᠯ ᠳᠤ ᠨᠡᠶᠢᠴᠡᠬᠦ ᠠᠯᠪᠠᠨ ᠵᠠᠷᠤᠳᠠᠯ ᠢᠶᠠᠷ ᠪᠠᠭᠰᠢ ᠶᠢᠨ ᠮᠡᠷᠭᠡᠵᠢᠯ ᠲᠡᠭᠦᠰᠦᠭᠰᠡᠨ ᠤᠶᠤᠲᠠᠳ ᠣᠷᠣᠨ ᠲᠤᠭ᠎ᠠ ᠲᠠᠢ ᠠᠵᠢᠯ ᠤᠨ ᠪᠠᠶᠢᠷᠢ ᠲᠠᠢ ᠪᠠᠶᠢᠬᠤ ᠶᠢ ᠪᠠᠲᠤᠯᠠᠵᠤ᠂ ︽ᠣᠷᠣᠨ ᠲᠤᠭ᠎ᠠ ᠪᠠᠶᠢᠭᠠᠳ ᠨᠥᠬᠦᠪᠥᠷᠢᠯᠡᠬᠦ ᠥᠬᠡᠶ︾᠎ ᠶᠢ ᠴᠢᠩᠭ᠎ᠠ ᠬᠤᠷᠢᠬᠯᠠᠵᠤ᠂ ᠪᠠᠭᠰᠢᠯᠠᠬᠤ ᠰᠤᠷᠭᠠᠭᠤᠯᠢ ᠶᠢ ᠪᠦᠬᠦᠨ ᠢ ᠨᠠᠶᠢᠳᠠᠪᠤᠷᠢᠵᠢᠭᠤᠯᠬᠤ ᠬᠡᠷᠡᠭᠲᠡᠶ᠃ 2022 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠠᠯᠪᠠᠨ ᠵᠠᠷᠤᠳᠠᠯ ᠢᠶᠠᠷ ᠪᠠᠭᠰᠢ ᠶᠢᠨ ᠮᠡᠷᠭᠡᠵᠢᠯ ᠲᠡᠭᠦᠰᠦᠭᠰᠡᠨ ᠤᠶᠤᠲᠠᠳ ᠤᠨ 90 %᠎ ᠶᠢ ᠨᠢ ᠬᠤᠤᠰ ᠴᠢᠭᠯᠡᠯ ᠢᠶᠠᠷ ᠰᠣᠩᠭᠤᠨ ᠪᠠᠭᠰᠢᠯᠠᠬᠤ ᠰᠤᠷᠭᠠᠭᠤᠯᠢ ᠶᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ 2022 ᠣᠨ ᠤ 6 ᠳ᠋ᠤᠭᠠᠷ ᠰᠠᠷ᠎ᠠ ᠶᠢᠨ ᠰᠡᠭᠦᠯᠴᠢ ᠳᠤ ᠮᠥᠨ ᠬᠦ ᠭᠡᠷ᠎ᠡ ᠲᠣᠭᠲᠠᠭᠠᠳᠤᠶ ᠠᠯᠪᠠᠨ ᠵᠠᠷᠤᠳᠠᠯ ᠢᠶᠠᠷ ᠪᠠᠭᠰᠢ ᠶᠢᠨ ᠮᠡᠷᠭᠡᠵᠢᠯ ᠲᠡᠭᠦᠰᠦᠭᠰᠡᠨ ᠤᠶᠤᠲᠠᠳ ᠤᠨ ᠲᠠᠩᠰᠠ ᠡᠪᠬᠡᠮᠡᠯ᠂ ᠡᠷᠦᠬᠡ ᠠᠮᠠ ᠵᠡᠷᠭᠡ ᠶᠢ ᠰᠣᠷᠣᠭᠴᠢ ᠶᠢᠨ ᠢᠷᠡᠯᠲᠡ ᠶᠢᠨ ᠪᠠᠶᠢᠭ᠎ᠠ ᠭᠠᠵᠠᠷ ᠤᠨ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠰᠢᠯᠵᠢᠭᠦᠯᠵᠦ᠂ ᠡᠯ᠎ᠡ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠠᠭᠰᠢ ᠳᠤᠲᠠᠭᠳᠠᠵᠤ ᠪᠠᠶᠢᠭ᠎ᠠ ᠭᠠᠵᠠᠷ ᠣᠷᠣᠨ ᠤ ᠳᠤᠮᠳᠠᠳᠤ ᠪᠠᠭ᠎ᠠ ᠰᠤᠷᠭᠠᠭᠤᠯᠢ ᠳᠤ ᠨᠢᠭᠡᠳᠦᠯᠲᠡᠶ ᠲᠣᠬᠢᠷᠠᠭᠤᠯᠤᠨ ᠪᠠᠭᠰᠢᠯᠠᠭᠤᠯᠵᠤ᠂ ᠠᠯᠪᠠᠨ ᠵᠠᠷᠤᠳᠠᠯ ᠢᠶᠠᠷ ᠪᠠᠭᠰᠢ ᠶᠢᠨ ᠮᠡᠷᠭᠡᠵᠢᠯ ᠲᠡᠭᠦᠰᠦᠭᠰᠡᠨ ᠤᠶᠤᠲᠠᠳ ᠰᠤᠷᠭᠠᠭᠤᠯᠢ ᠠᠴᠠ ᠪᠠᠨ ᠰᠠᠯᠬᠤ ᠠᠴᠠ ᠡᠮᠦᠨ᠎ᠡ ᠡᠷᠬᠡᠪᠰᠢ ᠪᠠᠭᠰᠢᠯᠠᠬᠤ ᠰᠤᠷᠭᠠᠭᠤᠯᠢ ᠶᠢ ᠨᠢ ᠪᠦᠬᠦᠨ ᠢ ᠨᠠᠶᠢᠳᠠᠪᠤᠷᠢᠵᠢᠭᠤᠯᠬᠤ ᠬᠡᠷᠡᠭᠲᠡᠶ᠃      ᠪᠢᠴᠢᠭ ᠮᠠᠲ᠋ᠧᠷᠢᠶᠠᠯ ᠳᠤ ᠪᠠᠰᠠ ᠱᠠᠭᠠᠷᠳᠠᠭᠰᠠᠨ ᠨᠢ᠂ ᠡᠯ᠎ᠡ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠡᠯ᠎ᠡ ᠬᠤᠯᠪᠣᠭᠳᠠᠯ ᠪᠥᠬᠦᠶ ᠳᠤᠮᠳᠠᠳᠤ ᠪᠠᠭ᠎ᠠ ᠰᠤᠷᠭᠠᠭᠤᠯᠢ ᠨᠤᠭᠤᠳ ᠪᠠᠭᠰᠢ ᠶᠢ ᠣᠷᠣᠭᠤᠯᠤᠨ ᠠᠪᠴᠢᠷᠠᠬᠤ ᠤᠷᠮᠠᠰᠢᠭᠤᠯᠬᠤ ᠠᠷᠭ᠎ᠠ ᠬᠡᠮᠵᠢᠶ᠎ᠡ ᠶᠢ ᠦᠨᠡᠨ ᠬᠦ ᠲᠣᠭᠲᠠᠭᠠᠵᠤ᠂ ᠬᠠᠷᠠᠭᠠᠯᠵᠠᠯ ᠤᠨ ᠪᠠᠲᠤᠯᠠᠭ᠎ᠠ ᠶᠢ ᠲᠡᠭᠦᠯᠳᠡᠷᠵᠢᠭᠦᠯᠦᠨ᠂ ᠠᠯᠪᠠᠨ ᠵᠠᠷᠤᠳᠠᠯ ᠢᠶᠠᠷ ᠪᠠᠭᠰᠢ ᠶᠢᠨ ᠮᠡᠷᠭᠡᠵᠢᠯ ᠲᠡᠭᠦᠰᠦᠭᠰᠡᠨ ᠤᠶᠤᠲᠠᠳ ᠢ ᠲᠡᠳᠡᠨ ᠠᠪᠴᠢᠷᠠᠵᠤ ᠮᠤᠵᠢ ᠳᠠᠭᠠᠨ ᠪᠠᠭᠰᠢᠯᠠᠭᠤᠯᠵᠤ᠂ ᠨᠠᠰᠤᠨ ᠲᠤᠷᠰᠢᠳᠠ ᠪᠠᠭᠰᠢᠯᠠᠭᠤᠯᠬᠤ ᠬᠡᠷᠡᠭᠲᠡᠶ᠃ ᠣᠷᠣᠨ ᠲᠤᠭ᠎ᠠ ᠪᠠ ᠠᠵᠢᠯ ᠤᠨ ᠪᠠᠶᠢᠷᠢ ᠳᠤ ᠣᠷᠣᠭᠤᠯᠬᠤ᠂ ᠴᠠᠯᠢᠩ ᠣᠯᠭᠤᠬᠤ᠂ ᠣᠯᠭᠤᠮᠵᠢ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠪᠠᠲᠤᠯᠠᠭ᠎ᠠ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠠᠯᠪᠠᠨ ᠵᠠᠷᠤᠳᠠᠯ ᠢᠶᠠᠷ ᠪᠠᠭᠰᠢ ᠶᠢᠨ ᠮᠡᠷᠭᠡᠵᠢᠯ ᠲᠡᠭᠦᠰᠦᠭᠰᠡᠨ ᠤᠶᠤᠲᠠᠳ ᠤᠨ ᠤᠷᠤᠭᠰᠢᠲᠠᠶ ᠪᠠᠷ ᠠᠵᠢᠯ ᠤᠯᠬᠤ᠂ ᠰᠠᠨᠠᠭ᠎ᠠ ᠠᠮᠤᠷ ᠪᠠᠭᠰᠢᠯᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠮᠤᠵᠢ ᠶᠢᠨ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠠᠯᠪᠠᠨ ᠵᠠᠷᠤᠳᠠᠯ ᠢᠶᠠᠷ ᠪᠠᠭᠰᠢ ᠶᠢᠨ ᠮᠡᠷᠭᠡᠵᠢᠯ ᠲᠡᠭᠦᠰᠦᠭᠰᠡᠨ ᠤᠶᠤᠲᠠᠳ ᠭᠡᠷ᠎ᠡ ᠭᠦᠢᠴᠡᠳᠭᠡᠨ ᠪᠠᠭᠰᠢᠯᠠᠭᠰᠠᠨ ᠤ ᠳᠠᠷᠠᠭᠠᠬᠢ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠢ ︽ᠤᠯᠤᠰ ᠤᠨ ᠪᠣᠯᠪᠠᠰᠤᠷᠠᠭᠤᠯᠤᠯ ᠤᠨ ᠲᠥᠯᠥᠪᠯᠡᠭᠡ︾ ︽ᠮᠤᠵᠢ ᠶᠢᠨ ᠪᠣᠯᠪᠠᠰᠤᠷᠠᠭᠤᠯᠤᠯ ᠤᠨ ᠲᠥᠯᠥᠪᠯᠡᠭᠡ︾᠎ ᠳᠤ ᠣᠷᠣᠭᠤᠯᠵᠤ᠂ ᠠᠯᠪᠠᠨ ᠵᠠᠷᠤᠳᠠᠯ ᠢᠶᠠᠷ ᠪᠠᠭᠰᠢ ᠶᠢᠨ ᠮᠡᠷᠭᠡᠵᠢᠯ ᠲᠡᠭᠦᠰᠦᠭᠰᠡᠨ ᠤᠶᠤᠲᠠᠳ ᠤᠨ ᠰᠢᠨ᠎ᠡ ᠪᠠᠷ ᠠᠵᠢᠯ ᠳᠤ ᠣᠷᠣᠬᠤ ᠪᠣᠯᠪᠠᠰᠤᠷᠠᠭᠤᠯᠤᠯ᠂ ᠠᠵᠢᠯ ᠤᠨ ᠪᠠᠶᠢᠷᠢ ᠶᠢᠨ ᠡᠭᠦᠷᠭᠡᠯᠡᠵᠦ ᠳᠡᠶᠢᠯᠬᠦ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠨ᠂ ᠠᠯᠪᠠᠨ ᠵᠠᠷᠤᠳᠠᠯ ᠢᠶᠠᠷ ᠪᠠᠭᠰᠢ ᠶᠢᠨ ᠮᠡᠷᠭᠡᠵᠢᠯ ᠲᠡᠭᠦᠰᠦᠭᠰᠡᠨ ᠤᠶᠤᠲᠠᠳ ᠤᠨ ᠲᠤᠰᠬᠠᠶ ᠮᠡᠷᠭᠡᠵᠢᠯ ᠤᠨ ᠬᠥᠭᠵᠢᠯᠲᠡ ᠪᠠ ᠨᠠᠰᠤᠨ ᠲᠤᠷᠰᠢᠳᠠ ᠦᠰᠦᠨ ᠪᠤᠶᠢᠵᠢᠬᠤ ᠶᠢ ᠦᠷᠭᠦᠯᠵᠢᠯᠡᠨ ᠳᠡᠮᠵᠢᠬᠦ ᠬᠡᠷᠡᠭᠲᠡᠶ᠃ ᠡᠯ᠎ᠡ ᠭᠠᠵᠠᠷ ᠨᠢ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠥᠷᠢ᠂ ᠬᠠᠲᠠᠭᠤ ᠪᠡᠷᠬᠡᠰᠢᠶᠡᠯᠲᠡᠶ ᠪᠤᠶᠢᠳᠠ ᠪᠦᠭᠯᠡᠭᠦᠦ ᠭᠠᠵᠠᠷ ᠣᠷᠣᠨ ᠤ ᠨᠡᠮᠡᠭᠦᠷᠢ ᠵᠣᠭᠤᠰ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠯᠪᠠᠨ ᠵᠠᠷᠤᠳᠠᠯ ᠢᠶᠠᠷ ᠪᠠᠭᠰᠢ ᠶᠢᠨ ᠮᠡᠷᠭᠡᠵᠢᠯ ᠲᠡᠭᠦᠰᠦᠭᠰᠡᠨ ᠤᠶᠤᠲᠠᠳ ᠤᠨ ᠬᠥᠳᠡᠭᠡ ᠲᠣᠰᠬᠤᠨ ᠳᠤ ᠣᠴᠢᠵᠤ ᠪᠠᠭᠰᠢᠯᠠᠬᠤ ᠳᠤ ᠠᠵᠢᠯᠯᠠᠬᠤ ᠲᠠᠯᠠᠪᠤᠷ᠂ ᠲᠦᠷ ᠰᠠᠭᠤᠬᠤ ᠪᠠᠶᠢᠷᠢ ᠵᠡᠷᠭᠡ ᠴᠢᠬᠤᠯᠠ ᠪᠥᠬᠦᠶ ᠠᠵᠢᠯ ᠠᠮᠢᠳᠤᠷᠠᠯ ᠤᠨ ᠨᠥᠬᠦᠴᠡᠯ ᠢ ᠬᠠᠩᠭᠠᠵᠤ᠂ ᠠᠯᠪᠠᠨ ᠵᠠᠷᠤᠳᠠᠯ ᠢᠶᠠᠷ ᠤᠨ ᠪᠠᠭᠰᠢ ᠶᠢᠨ ᠮᠡᠷᠭᠡᠵᠢᠯ ᠲᠡᠭᠦᠰᠦᠭᠰᠡᠨ ᠤᠶᠤᠲᠠᠳ ᠢ ᠲᠠᠲᠠᠵᠦ᠂ ᠲᠡᠭᠦᠰᠦᠭᠰᠡᠨ ᠤ ᠳᠠᠷᠠᠭ᠎ᠠ ᠬᠥᠳᠡᠭᠡ ᠲᠣᠰᠬᠤᠨ ᠤ ᠳᠤᠮᠳᠠᠳᠤ ᠪᠠᠭ᠎ᠠ ᠰᠤᠷᠭᠠᠭᠤᠯᠢ ᠳᠤ ᠣᠴᠢᠵᠤ ᠪᠠᠭᠰᠢᠯᠠᠬᠤ ᠶᠢ ᠤᠷᠮᠠᠰᠢᠭᠤᠯᠬᠤ ᠬᠡᠷᠡᠭᠲᠡᠶ᠃ ᠠᠯᠪᠠᠨ ᠵᠠᠷᠤᠳᠠᠯ ᠢᠶᠠᠷ ᠪᠠᠭᠰᠢ ᠶᠢᠨ ᠮᠡᠷᠭᠡᠵᠢᠯ ᠲᠡᠭᠦᠰᠦᠭᠰᠡᠨ ᠤᠶᠤᠲᠠᠳ ᠤᠨ ᠠᠵᠢᠯ ᠣᠯᠭᠤᠯᠲᠠ ᠶᠢᠨ ᠠᠵᠢᠯ ᠢ ᠰᠠᠶᠢᠲᠤᠷ ᠨᠠᠶᠢᠳᠠᠪᠤᠷᠢᠵᠢᠭᠤᠯᠤᠭᠰᠠᠨ ᠥᠬᠡᠶ ᠭᠠᠵᠠᠷ ᠣᠷᠣᠨ ᠳᠤ᠂ ᠰᠤᠷᠭᠠᠨ ᠬᠥᠮᠦᠵᠢᠯ ᠤᠨ ᠶᠠᠮᠤᠨ ᠠᠴᠠ ᠪᠠᠶᠢᠳᠠᠯ ᠢ ᠦᠵᠡᠵᠦ ᠪᠠᠶᠢᠭᠠᠳ ᠶᠠᠮᠤᠨ ᠤ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠲᠤᠬᠠᠶ ᠶᠢᠨ ᠭᠠᠵᠠᠷ ᠠᠴᠠ ᠰᠣᠷᠣᠭᠴᠢ ᠡᠯᠰᠡᠬᠦ ᠲᠤᠭ᠎ᠠ ᠶᠢ ᠪᠠᠭᠠᠰᠬᠠᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号