ᠡᠪᠤᠯ ᠤᠨ ᠠᠮᠠᠷᠠᠯᠳᠠ ᠶᠢᠨ ᠲᠤᠬᠠᠢ ᠰᠤᠷᠭᠠᠨ ᠬᠥᠮᠦᠵᠢᠯ ᠤᠨ ᠶᠠᠮᠤᠨ ᠤ ᠮᠡᠳᠡᠭᠳᠡᠯ
ᠨᠡᠶᠢᠲᠡᠯᠡᠭᠰᠡᠨ ᠴᠠᠭ᠄
2022/1/12
     ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠮᠡᠳᠡᠭᠳᠡᠯ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠡᠪᠦᠯ ᠤᠨ ᠠᠮᠠᠷᠠᠯᠲᠠ ᠶᠢᠨ ᠬᠤᠭᠤᠴᠠᠭᠠᠨ ᠳᠠᠬᠢ ︽ᠬᠠᠰᠤᠬᠤ ᠬᠦᠩᠭᠡᠷᠡᠬᠦᠯᠬᠦ︾ ᠠᠵᠢᠯ ᠢ ᠬᠢᠨᠠᠮᠠᠭᠠᠶ ᠰᠠᠶᠢᠲᠤᠷ ᠬᠢᠬᠦ ᠲᠤᠬᠠᠶ ᠪᠠᠶᠢᠷᠢᠯᠠᠭᠤᠯᠪᠠ᠃ ᠮᠡᠳᠡᠭᠳᠡᠯ ᠳᠤ᠂ ᠡᠯ᠎ᠡ ᠭᠠᠵᠠᠷ ᠤᠨ ᠬᠢᠨ ᠡᠪᠦᠯ ᠤᠨ ᠠᠮᠠᠷᠠᠯᠲᠠ ᠶᠢᠨ ︽ᠬᠠᠰᠤᠬᠤ ᠬᠦᠩᠭᠡᠷᠡᠬᠦᠯᠬᠦ︾ ᠠᠵᠢᠯ ᠳᠤ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠶᠢ ᠴᠢᠩᠭ᠎ᠠ ᠬᠡᠷᠡᠭᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠦᠯᠵᠢᠶᠡᠨ ᠭᠠᠳᠠᠨᠠᠬᠢ ᠬᠢᠴᠢᠶᠡᠯ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠲᠣᠭᠲᠠᠭᠠᠯ ᠠᠴᠠ ᠵᠥᠷᠢᠴᠡᠨ ᠠᠩᠬᠢ ᠡᠷᠬᠢᠯᠡᠬᠦ ᠶᠢ ᠴᠢᠩᠭ᠎ᠠ ᠰᠡᠷᠭᠡᠶᠢᠯᠡᠬᠦ᠂ 3᠎ ᠠᠴᠠ 6 ᠨᠠᠰᠤᠨ ᠤ ᠬᠡᠦᠬᠡᠳ ᠲᠤ ᠴᠢᠭᠯᠡᠭᠦᠯᠦᠭᠰᠡᠨ ᠪᠣᠯᠪᠠᠰᠤᠷᠠᠭᠤᠯᠤᠯ ᠤᠨ ᠪᠠᠶᠢᠭᠤᠯᠤᠮᠵᠢ ᠲᠣᠭᠲᠠᠭᠠᠯ ᠠᠴᠠ ᠵᠥᠷᠢᠴᠡᠨ ᠰᠦᠯᠵᠢᠶᠡᠨ ᠭᠠᠳᠠᠨᠠᠬᠢ ᠬᠢᠴᠢᠶᠡᠯ ᠲᠥᠷᠥᠯ ︵ᠭᠠᠳᠠᠭᠠᠳᠤ ᠬᠡᠯᠡ ᠪᠠᠭᠲᠠᠨ᠎ᠠ︶᠎ ᠤᠨ ᠪᠣᠯᠪᠠᠰᠤᠷᠠᠭᠤᠯᠤᠯ ᠦᠷᠨᠢᠭᠦᠯᠬᠦ᠂ ᠬᠢᠴᠢᠶᠡᠯ ᠲᠥᠷᠥᠯ ᠤᠨ ᠪᠤᠰᠤ ᠪᠣᠯᠪᠠᠰᠤᠷᠠᠭᠤᠯᠤᠯ ᠤᠨ ᠪᠠᠶᠢᠭᠤᠯᠤᠮᠵᠢ ︽ᠬᠡᠪ ᠴᠢᠨᠠᠷ ᠢ ᠭᠦᠭᠵᠢᠭᠦᠯᠬᠦ︾ ︽ᠰᠡᠳᠬᠢᠬᠦᠶ ᠶᠢᠨ ᠪᠣᠯᠪᠠᠰᠤᠷᠠᠭᠤᠯᠤᠯ︾ ᠵᠡᠷᠭᠡ ᠨᠡᠷ᠎ᠡ ᠪᠠᠷ ᠬᠡᠪᠴᠢᠶᠡᠨ ᠠᠴᠠ ᠬᠡᠲᠦᠷᠡᠭᠦᠯᠦᠨ ᠬᠢᠴᠢᠶᠡᠯ ᠲᠥᠷᠥᠯ ᠤᠨ ᠪᠣᠯᠪᠠᠰᠤᠷᠠᠭᠤᠯᠤᠯ ᠥᠷᠨᠢᠭᠦᠯᠬᠦ ᠵᠡᠷᠭᠡ ᠠᠰᠠᠭᠤᠳᠠᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠳᠠᠯᠳᠠ ᠪᠠᠷ ᠣᠨᠳᠤᠤᠰᠢᠭᠤᠯᠬᠤ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ︽ᠬᠡᠷ ᠠᠬᠤᠶ ᠶᠢᠨ ᠦᠢᠯᠡᠴᠢᠯᠡᠭᠡ︾᠂ ︽ᠣᠯᠠᠨ ᠢᠶᠠᠷ ᠢᠶᠠᠨ ᠴᠤᠭᠯᠠᠵᠤ ᠬᠤᠪᠢ ᠪᠠᠷ ᠢᠶᠠᠨ ᠵᠢᠭᠠᠬᠤ︾᠂ ︽ᠰᠤᠳᠤᠯᠤᠨ ᠰᠤᠷᠤᠯᠴᠠᠬᠤ︾ ᠵᠡᠷᠭᠡ ᠨᠡᠷ᠎ᠡ ᠪᠠᠷ ᠬᠡᠯᠪᠡᠷᠢ ᠶᠢ ᠨᠢ ᠥᠭᠡᠷᠡᠲᠦᠭᠦᠯᠦᠨ ᠲᠣᠭᠲᠠᠭᠠᠯ ᠠᠴᠠ ᠵᠥᠷᠢᠴᠡᠭᠰᠡᠨ ᠪᠣᠯᠪᠠᠰᠤᠷᠠᠭᠤᠯᠤᠯ ᠳᠤ ᠴᠢᠩᠭ᠎ᠠ ᠴᠣᠬᠢᠯᠲᠠ ᠦᠭᠬᠦ ᠬᠡᠷᠡᠭᠲᠡᠢ᠃ ᠪᠥᠬᠦ ᠰᠦᠯᠵᠢᠶ᠎ᠡ ᠪᠠᠷ ᠲᠣᠭᠤᠷᠢᠨ ᠪᠠᠶᠢᠴᠠᠭᠠᠬᠤ᠂ ᠪᠥᠬᠦ ᠴᠠᠭ ᠢᠶᠠᠷ ᠲᠣᠭᠤᠷᠢᠨ ᠪᠠᠶᠢᠴᠠᠭᠠᠬᠤ ᠪᠠ ᠭᠤᠤᠯᠳᠠᠯᠭ᠎ᠠ ᠲᠠᠢ ᠬᠢᠨᠠᠨ ᠠᠵᠢᠭᠯᠠᠬᠤ ᠶᠢ ᠬᠠᠷᠢᠯᠴᠠᠨ ᠤᠶᠠᠯᠳᠤᠭᠤᠯᠤᠭᠰᠠᠨ ᠬᠢᠨᠠᠨ ᠪᠠᠶᠢᠴᠠᠭᠠᠬᠤ ᠲᠣᠭᠲᠠᠴᠠ ᠪᠠᠷ ᠳᠠᠮᠵᠢᠭᠤᠯᠤᠨ᠂ ᠲᠣᠭᠲᠠᠭᠠᠯ ᠠᠴᠠ ᠵᠥᠷᠢᠴᠡᠨ ᠬᠢᠴᠢᠶᠡᠯ ᠲᠥᠷᠥᠯ ᠤᠨ ᠪᠣᠯᠪᠠᠰᠤᠷᠠᠭᠤᠯᠤᠯ ᠥᠷᠨᠢᠭᠦᠯᠬᠦ ᠪᠠ ᠰᠤᠷᠭᠠᠭᠤᠯᠢ ᠶᠢᠨ ᠨᠠᠰᠤᠨ ᠠᠴᠠ ᠡᠮᠦᠨᠡᠬᠢ ᠱᠠᠲᠤ ᠦᠶ᠎ᠡ ᠶᠢᠨ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠬᠡᠷᠡᠭᠲᠡᠢ ᠭᠡᠵᠦ ᠱᠠᠭᠠᠷᠳᠠᠪᠠ᠃      ᠮᠡᠳᠡᠭᠳᠡᠯ ᠳᠤ᠂ ᠴᠢᠩᠭ᠎ᠠ ᠰᠢᠳᠭᠡᠵᠦ᠂ ᠬᠦᠨᠳᠦ ᠪᠠᠷ ᠰᠢᠳᠭᠡᠬᠦ ᠶᠢ ᠡᠷᠡᠰ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠪᠣᠯᠪᠠᠰᠤᠷᠠᠭᠤᠯᠤᠯ ᠤᠨ ᠦᠢᠯᠡ ᠠᠵᠢᠯᠯᠠᠭ᠎ᠠ ᠶᠢ ᠴᠢᠩᠭ᠎ᠠ ᠰᠢᠳᠭᠡᠵᠦ ᠬᠦᠨᠳᠦ ᠪᠠᠷ ᠰᠢᠳᠭᠡᠨ᠂ ᠲᠣᠭᠲᠠᠭᠠᠯ ᠠᠴᠠ ᠵᠥᠷᠢᠴᠡᠭᠰᠡᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠠᠷ᠎ᠠ ᠲᠠᠩᠰᠠ ᠳᠤ ᠣᠷᠣᠭᠤᠯᠵᠤ᠂ ᠲᠣᠭᠲᠠᠭᠠᠯ ᠠᠴᠠ ᠵᠥᠷᠢᠴᠡᠭᠰᠡᠳ ᠢ ︽ᠨᠢᠭᠡ ᠤᠳᠠᠭ᠎ᠠ ᠢᠲᠡᠭᠡᠯ ᠠᠯᠳᠠᠪᠠᠯ᠂ ᠭᠠᠵᠠᠷ ᠪᠤᠯᠭᠠᠨ ᠳᠤ ᠬᠢᠵᠠᠭᠠᠷᠯᠠᠭᠳᠠᠬᠤ ᠪᠣᠯᠭᠠᠨ᠎ᠠ︾ ᠭᠡᠵᠦ ᠴᠢᠬᠤᠯᠠᠴᠢᠯᠠᠪᠠ᠃      ᠮᠡᠳᠡᠭᠳᠡᠯ ᠳᠤ᠂ ᠰᠤᠷᠤᠭᠴᠢᠳ ᠤᠨ ᠠᠮᠠᠷᠠᠯᠲᠠ ᠶᠢᠨ ᠬᠤᠭᠤᠴᠠᠭᠠᠨ ᠤ ᠲᠣᠬᠢᠷᠠᠭᠤᠯᠤᠯᠲᠠ ᠶᠢ ᠰᠠᠶᠢᠲᠤᠷ ᠬᠢᠵᠦ ᠂ ᠡᠯ᠎ᠡ ᠭᠠᠵᠠᠷ ᠤᠨ ᠬᠢᠨ ᠰᠤᠷᠭᠠᠭᠤᠯᠢ ᠶᠢ ᠵᠢᠯᠣᠭᠤᠳᠤᠨ ᠡᠪᠦᠯ ᠤᠨ ᠠᠮᠠᠷᠠᠯᠲᠠ ᠶᠢᠨ ᠪᠢᠴᠢᠭ ᠤᠨ ᠬᠡᠯᠪᠡᠷᠢ ᠶᠢᠨ ᠳᠠᠰᠬᠠᠯ ᠳᠠᠭᠠᠭᠠᠯᠭᠠᠪᠤᠷᠢ ᠶᠢᠨ ᠶᠡᠷᠦᠩᠬᠡᠶ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠰᠤᠷᠤᠯᠭ᠎ᠠ ᠠᠮᠢᠳᠤᠷᠠᠯ ᠢ ᠨᠢ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠶ᠃ ᠨᠥᠬᠦᠴᠡᠯ ᠲᠠᠢ ᠭᠠᠵᠠᠷ ᠣᠷᠣᠨ ᠨᠢ ᠪᠣᠳᠠᠲᠠᠶ ᠬᠡᠷᠡᠭᠴᠡᠭᠡ ᠪᠠᠨ ᠦᠨᠳᠦᠰᠦᠯᠡᠨ᠂ ᠡᠪᠦᠯ ᠤᠨ ᠠᠮᠠᠷᠠᠯᠲᠠ ᠶᠢᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠶᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠢᠳᠡᠪᠬᠢᠲᠡᠶ ᠰᠦᠪᠡᠭᠴᠢᠯᠡᠵᠦ᠂ ᠰᠤᠷᠤᠭᠴᠢᠳ ᠰᠠᠶᠢᠨ ᠳᠤᠷ᠎ᠠ ᠠᠴᠠ ᠪᠠᠨ ᠣᠷᠣᠯᠴᠠᠬᠤ ᠶᠢ ᠪᠠᠷᠢᠮᠲᠠᠯᠠᠨ᠂ ᠬᠡᠷ ᠤᠨ ᠠᠬᠠᠮᠠᠳ ᠢ ᠬᠠᠪᠰᠤᠷᠤᠨ ᠡᠪᠦᠯ ᠤᠨ ᠠᠮᠠᠷᠠᠯᠲᠠ ᠶᠢᠨ ᠬᠠᠷᠠᠵᠤ ᠬᠠᠷᠠᠭᠠᠯᠵᠠᠬᠤ ᠳᠤ ᠬᠦᠴᠢᠷ ᠠᠰᠠᠭᠤᠳᠠᠯ ᠢ ᠨᠢ ᠰᠢᠢᠳᠪᠤᠷᠢᠯᠡᠵᠦ ᠦᠭᠬᠦ ᠬᠡᠷᠡᠭᠲᠡᠢ᠃ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ ᠰᠤᠷᠭᠠᠭᠤᠯᠢ ᠨᠢ ᠬᠠᠮᠲᠤ ᠪᠠᠷ ᠬᠢᠴᠢᠶᠡᠯ ᠨᠥᠬᠦᠬᠦ᠂ ᠰᠢᠨ᠎ᠡ ᠬᠢᠴᠢᠶᠡᠯ ᠵᠢᠭᠠᠬᠤ ᠶᠢ ᠴᠢᠩᠭ᠎ᠠ ᠬᠤᠷᠢᠬᠯᠠᠬᠤ ᠬᠡᠷᠡᠭᠲᠡᠢ ᠭᠡᠵᠦ ᠲᠤᠷᠠᠳᠪᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号