ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠲᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠪᠢᠴᠢᠭ ᠤᠨ ᠬᠡᠯᠪᠡᠷᠢ︶
ᠨᠡᠶᠢᠲᠡᠯᠡᠭᠰᠡᠨ ᠴᠠᠭ᠄
2022/1/15
     ︵ᠲᠠᠪᠤ︶ ᠱᠢ ᠵᠢᠶᠠᠩ ᠭᠧᠤ ᠶᠢᠨ ᠵᠠᠮ ᠤᠨ ᠭᠠᠳᠠᠷᠭᠤ ᠶᠢ ᠬᠠᠲᠠᠭᠤᠷᠠᠭᠤᠯᠬᠤ ᠪᠠᠷᠢᠯᠭ᠎ᠠ ᠶᠢᠨ ᠠᠵᠢᠯ ᠢ ᠲᠦᠷᠭᠡᠪᠴᠢᠯᠡᠨ ᠠᠬᠢᠭᠤᠯᠬᠤ ᠲᠤᠬᠠᠢ ᠰᠠᠨᠠᠭᠤᠯᠭ᠎ᠠ᠃ ᠰᠢᠨ ᠺᠠᠶ ᠳ᠋ᠢ ᠰᠢᠶᠠᠩ ᠤᠨ ᠮᠧᠦ ᠶᠦᠩ ᠭᠦᠸᠧ ᠵᠡᠷᠭᠡ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ 4 ᠲᠥᠯᠥᠭᠡᠯᠡᠭᠴᠢ ᠲᠥᠷᠥᠯ ᠵᠦᠶᠯ ᠤᠨ ᠬᠡᠷᠡᠭᠵᠢᠭᠦᠯᠦᠯᠲᠡ  ᠶᠢᠨ ᠠᠬᠢᠴᠠ ᠶᠢ ᠲᠦᠷᠭᠡᠳᠬᠡᠵᠦ᠂ ᠡᠨᠡ ᠬᠡᠰᠡᠭ ᠵᠠᠮ ᠢ ᠰᠡᠯᠪᠢᠨ ᠵᠠᠰᠠᠬᠤ ᠠᠵᠢᠯ ᠢ ᠲᠦᠷᠭᠡᠬᠡᠨ ᠰᠢᠶᠳᠪᠦᠷᠢᠯᠡᠬᠦ ᠶᠢ ᠱᠠᠭᠠᠷᠳᠠᠪᠠ᠃      ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠱᠢ ᠵᠢᠶᠠᠩ ᠭᠧᠦ ᠯᠢᠶᠠᠩ ᠤᠨ ᠵᠠᠮ ᠤᠨ ᠬᠡᠰᠡᠭ ᠢ ᠵᠠᠰᠠᠨ ᠰᠡᠷᠭᠦᠭᠡᠬᠦ ᠢᠨᠵᠧᠨᠧᠷᠢᠩ ᠢ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠤᠳᠤᠷᠢᠳᠬᠤ ᠪᠠᠭ ᠲᠤ ᠣᠷᠣᠭᠤᠯᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠳᠠᠭᠠᠭᠤᠯᠤᠨ ᠬᠢᠵᠦ᠂ ᠰᠢᠨ ᠺᠠᠢ ᠳ᠋ᠢ ᠰᠢᠶᠠᠩ ᠢᠳᠡᠪᠬᠢᠲᠡᠶ ᠬᠠᠪᠰᠤᠷᠤᠨ ᠪᠦᠲᠦᠭᠡᠨ ᠪᠠᠶᠢᠭᠤᠯᠬᠤ ᠪᠡᠯᠡ ᠮᠥᠩᠭᠦ ᠴᠤᠭᠯᠠᠭᠤᠯᠵᠤ᠂ 2021ᠣᠨ ᠤ 5 ᠰᠠᠷ᠎ᠠ ᠶᠢᠨ ᠰᠡᠭᠦᠯᠴᠢ ᠪᠠᠷ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠪᠡ᠃
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号