ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠲᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠪᠢᠴᠢᠭ ᠤᠨ ᠬᠡᠯᠪᠡᠷᠢ︶
ᠨᠡᠶᠢᠲᠡᠯᠡᠭᠰᠡᠨ ᠴᠠᠭ᠄
2022/1/18
     ︵ᠠᠷᠪᠠ ᠶᠢᠰᠦ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠲᠤᠬᠠᠢ ᠰᠠᠨᠠᠭᠤᠯᠭ᠎ᠠ᠃ ᠢᠦᠢ ᠵᠸᠤ ᠳ᠋ᠢ ᠪᠠᠯᠭᠠᠰᠤᠨ ᠤ ᠰᠦᠨ ᠢᠦᠢ ᠵᠢᠶᠦ᠋ᠨ ᠲᠥᠯᠥᠭᠡᠯᠡᠭᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠡᠷᠡᠭᠵᠢᠭᠦᠯᠬᠦ ᠲᠥᠰᠦᠯ ᠤᠨ ᠪᠣᠯᠤᠮᠵᠢᠲᠤ ᠨᠤᠲᠠᠯᠠᠯᠲᠠ᠂ ᠲᠥᠯᠥᠪᠵᠢᠭᠦᠯᠭᠡ ᠵᠢᠷᠤᠭ ᠲᠥᠯᠥᠪᠯᠡᠭᠡ ᠪᠣᠯᠤᠨ ᠰᠠᠨᠠᠯ ᠬᠤᠷᠢᠶᠠᠬᠤ ᠠᠵᠢᠯ ᠢ ᠰᠠᠶᠢᠲᠤᠷ ᠬᠢᠵᠦ᠂ ᠰᠠᠭᠤᠷᠢ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ ︵ᠣᠨᠴᠠᠭᠠᠶᠢᠯᠠᠨ ᠲᠣᠰᠬᠤᠨ ᠳᠤ ᠨᠡᠪᠲᠡᠷᠡᠬᠦ ᠬᠠᠶᠢᠷ ᠴᠢᠯᠠᠭᠤᠨ ᠵᠠᠮ ᠤᠨ ᠪᠦᠳᠦᠬᠡᠨ ᠪᠠᠶᠢᠭᠤᠯᠤᠯᠲᠠ︶᠎ ᠶᠢ ᠬᠡᠷᠡᠭᠵᠢᠭᠦᠯᠬᠦ ᠶᠢ ᠤᠷᠢᠳᠠᠪᠠᠷ ᠪᠣᠳᠣᠯᠬᠢᠯᠠᠬᠤ ᠶᠢᠨ ᠬᠠᠮᠲᠤ ᠬᠢᠵᠠᠭᠠᠷ ᠲᠠᠢ ᠪᠡᠯᠡ ᠮᠥᠩᠭᠦ ᠶᠢ ᠨᠢᠬᠡᠳᠬᠡᠵᠣ᠂ ᠪᠡᠯᠡ ᠮᠥᠩᠭᠦ ᠶᠢ ᠳᠠᠪᠳᠠᠨ ᠬᠡᠷᠡᠭᠯᠡᠬᠦ ᠪᠠ ᠪᠦᠷᠢᠯᠭᠡᠬᠦ ᠠᠴᠠ ᠵᠠᠶᠢᠯᠠᠰᠬᠢᠬᠤ ᠶᠢ ᠰᠠᠨᠠᠭᠤᠯᠪᠠ᠃      ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠬᠦ ᠶᠢᠨ ᠲᠥᠯᠥᠭᠡ ᠂ ᠮᠠᠨ ᠤ ᠬᠤᠰᠢᠭᠤ ︽1+2+N︾ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠡᠪ ᠵᠠᠭᠪᠤᠷ ᠢ ᠲᠤᠭᠲᠠᠭᠠᠵᠤ᠂ 2021 ᠣᠨ ᠳᠤ 24102.31 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠥᠷᠢ ᠶᠢᠨ ᠪᠠᠯᠠ ᠮᠥᠩᠭᠦ ᠶᠢᠨ ᠲᠥᠷᠥᠯ ᠵᠦᠢᠯ ᠢ ᠨᠡᠶᠢᠲᠡ 179 ᠨᠠᠶᠢᠳᠠᠪᠤᠷᠢᠵᠢᠭᠤᠯᠪᠠ᠃ ᠡᠭᠦᠨ ᠤ ᠬᠠᠮᠲᠦ᠂ 2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠭᠡ ᠶᠢᠨ ᠲᠥᠰᠦᠯ ᠢ ᠱᠠᠯᠠᠪᠳᠠᠨ ᠲᠣᠭᠲᠠᠭᠠᠵᠤ᠂ 8 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠪᠠ 6 ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠲᠣᠰᠬᠤᠨ ᠢ ᠲᠣᠭᠲᠠᠭᠠᠵᠤ᠂ ᠵᠢᠭᠤᠯᠴᠢᠯᠠᠯ ᠤᠨ ᠤᠨᠴᠠᠯᠢᠭᠳᠤ ᠲᠣᠰᠬᠤᠨ᠂ ᠢᠳᠡᠰᠢᠨ ᠨᠣᠭᠤᠭ᠎ᠠ ᠶᠢᠨ ᠲᠤᠰᠬᠠᠶ ᠲᠣᠰᠬᠤᠨ᠂ ᠮᠢᠬᠠᠨ ᠤ ᠦᠬᠡᠷ ᠲᠡᠵᠢᠭᠡᠨ ᠦᠷᠡᠵᠢᠭᠦᠯᠬᠦ ᠲᠣᠰᠬᠤᠨ᠂ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ ᠢ ᠭᠤᠤᠯᠳᠠᠯᠭ᠎ᠠ ᠲᠠᠢ ᠪᠠᠶᠢᠭᠤᠯᠵᠤ᠂ ᠡᠯ᠎ᠡ ᠲᠥᠷᠥᠯ ᠤᠨ ᠲᠣᠰᠬᠤᠨ ᠢ ᠴᠣᠭᠴᠠᠯᠠᠬᠤ ᠪᠠᠷ ᠳᠡᠮᠵᠢᠨ᠂ ᠠᠳᠠᠯᠢ ᠪᠤᠰᠤ ᠠᠵᠢᠯ ᠲᠥᠷᠥᠯ᠂ ᠬᠦᠷᠢᠶ᠎ᠡ ᠴᠠᠷᠠᠭ᠎ᠠ ᠪᠠ ᠠᠵᠤ ᠦᠢᠯᠡᠰ ᠤᠨ ᠵᠢᠱᠢᠶ᠎ᠡ ᠦᠵᠡᠭᠦᠯᠬᠦ ᠳᠠᠭᠠᠭᠤᠯᠤᠭᠴᠢ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠴᠢᠨᠠᠷ ᠰᠠᠶᠢᠲᠠᠶ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号