ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠲᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠪᠢᠴᠢᠭ ᠤᠨ ᠬᠡᠯᠪᠡᠷᠢ︶
ᠨᠡᠶᠢᠲᠡᠯᠡᠭᠰᠡᠨ ᠴᠠᠭ᠄
2022/1/18
     ︵ᠬᠤᠷᠢ︶ ᠳᠠᠷᠬᠠᠬᠠᠭᠤᠯᠠ ᠰᠤᠮᠤ ᠶᠢᠨ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠬᠠᠤ ᠠᠰᠠᠭᠤᠳᠠᠯ ᠎ ᠤᠨ ᠲᠤᠬᠠᠶ ᠰᠠᠨᠠᠭᠤᠯᠭ᠎ᠠ᠃ ᠳᠠᠷᠬᠠᠬᠠᠭᠤᠯᠠ ᠰᠤᠮᠤᠨ ᠤ ᠰᠣᠶᠣᠯᠲᠤ ᠵᠡᠷᠭᠡ 8 ᠲᠥᠯᠥᠭᠡᠯᠡᠭᠴᠢ᠂ ᠵᠠᠰᠠᠭ ᠤᠨ ᠣᠷᠳᠣᠨ ᠠᠴᠠ ᠡᠪᠦᠯ ᠤᠨ ᠤᠯᠠᠷᠢᠯ ᠤᠨ ᠵᠤᠳ ᠭᠠᠮᠰᠢᠭ ᠲᠤ ᠬᠠᠨᠳᠤᠭᠤᠯᠤᠨ ᠲᠥᠷᠥ ᠶᠢᠨ ᠪᠣᠳᠣᠯᠭ᠎ᠠ ᠶᠢᠨ ᠲᠤᠰᠠᠯᠠᠮᠵᠢ ᠦᠵᠡᠭᠦᠯᠬᠦ ᠶᠢᠨ ᠬᠠᠮᠲᠤ ᠮᠠᠯᠵᠢᠬᠤ ᠣᠷᠣᠨ ᠤ ᠭᠠᠮᠰᠢᠭ ᠢ ᠡᠰᠡᠷᠭᠦᠴᠡᠬᠦ ᠲᠥᠬᠦᠭᠡᠷᠦᠮᠵᠢ ᠶᠢ ᠰᠠᠶᠢᠵᠢᠷᠠᠭᠤᠯᠬᠤ ᠶᠢ ᠰᠠᠨᠠᠭᠤᠯᠤᠭᠰᠠᠨ ᠪᠠᠶᠢᠨ᠎ᠠ᠃      ᠲᠥᠯᠥᠭᠡᠯᠡᠭᠴᠢᠳ ᠤᠨ ᠳᠤᠷᠠᠳᠤᠭᠰᠠᠨ ᠵᠠᠮ ᠬᠠᠷᠢᠯᠴᠠᠭ᠎ᠠ ᠳᠥᠭᠦᠮ ᠦᠭᠡᠢ᠂ ᠡᠪᠦᠯ ᠤᠨ ᠤᠯᠠᠷᠢᠯ ᠴᠠᠰᠤ ᠵᠤᠳ ᠪᠣᠯᠪᠠᠯ ᠴᠠᠭ ᠲᠤᠬᠠᠢ ᠳᠤᠨᠢ ᠵᠠᠮ ᠨᠡᠪᠲᠡᠷᠡᠭᠦᠯᠵᠦ ᠳᠡᠶᠢᠯᠬᠦ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠨᠢᠭᠡ ᠳᠤ ᠨᠠᠷᠠᠰᠤ ᠭᠠᠴᠠᠭᠠᠨ ᠳᠤ ᠬᠠᠶᠢᠷ ᠴᠢᠯᠠᠭᠤᠨ ᠵᠠᠮ ᠨᠡᠪᠲᠡᠷᠡᠭᠦᠯᠬᠦ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠶᠡᠷᠦᠩᠬᠡᠢ ᠤᠷᠳᠤ ᠨᠢ 18.798 ᠺᠢᠯᠤᠮᠧᠲᠷ᠂ 303.1279 ᠲᠦᠮᠡᠨ ᠲᠥᠭᠦᠷᠢᠭ ᠤᠨ ᠪᠡᠯᠡ ᠣᠷᠣᠭᠤᠯᠵᠤ᠂ 10 ᠰᠠᠷ᠎ᠠ ᠶᠢᠨ ᠰᠡᠭᠦᠯᠴᠢ ᠪᠠᠷ ᠪᠠᠷᠢᠯᠭ᠎ᠠ ᠶᠢᠨ ᠠᠵᠢᠯ ᠢ ᠳᠠᠭᠤᠰᠬᠠᠪᠠ︔ ᠬᠤᠶᠠᠷ ᠲᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠵᠢᠵᠢᠭ ᠬᠡᠯᠪᠡᠷᠢ ᠶᠢᠨ ᠦᠢᠯᠡᠳᠪᠦᠷᠢᠯᠡᠯ ᠠᠮᠢᠳᠤᠷᠠᠯ ᠤᠨ ᠲᠥᠬᠦᠭᠡᠷᠦᠮᠵᠢ ︵ᠴᠠᠰᠤ ᠬᠠᠯᠬᠠᠯᠠᠬᠤ ᠲᠣᠤᠷ ᠤᠨ ᠲᠥᠷᠥᠯ ᠵᠦᠢᠯ︶᠎ ᠶᠢ ᠲᠥᠯᠥᠪᠵᠢᠭᠦᠯᠦᠨ ᠬᠡᠷᠡᠭᠵᠢᠭᠦᠯᠵᠦ᠂ 58.2 ᠲᠦᠮᠡᠨ ᠲᠥᠭᠦᠷᠢᠭ ᠤᠨ ᠪᠠᠯᠠ ᠣᠷᠣᠭᠤᠯᠵᠤ᠂ 1.5 ᠮᠧᠲᠷ ᠤᠨ ᠥᠨᠳᠥᠷ ᠳᠣᠯᠠᠭᠠᠨᠳᠣ ᠴᠠᠶᠢᠷ ᠢᠶᠠᠷ ᠥᠩᠭᠡᠯᠡᠭᠰᠡᠨ ᠲᠡᠮᠦᠷᠯᠢᠭ ᠤᠨ ᠴᠠᠰᠤ ᠬᠠᠯᠬᠠᠯᠠᠬᠤ ᠲᠣᠤᠷ ᠢ 4500 ᠤᠷᠳᠤᠳᠬᠠᠯ ᠮᠧᠲᠷ ᠤᠭᠰᠠᠷᠠᠪᠠ ︔ ᠭᠤᠷᠪᠠ ᠳᠤ ᠤᠤᠯ ᠤᠨ ᠪᠠᠶᠢᠭᠰᠠᠨ 1 ᠠᠴᠢᠵᠤ ᠪᠠᠭᠤᠯᠭᠠᠬᠤ ᠲᠡᠷᠭᠡ ᠶᠢᠨ ᠰᠠᠭᠤᠷᠢᠨ ᠳᠡᠭᠡᠷ᠎ᠡ᠂ 2 ᠠᠴᠢᠵᠤ ᠪᠠᠭᠤᠯᠭᠠᠬᠤ ᠲᠡᠷᠭᠡ ᠲᠣᠬᠢᠷᠠᠭᠤᠯᠪᠠ᠃
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号