ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠲᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠪᠢᠴᠢᠭ ᠤᠨ ᠬᠡᠯᠪᠡᠷᠢ︶
ᠨᠡᠶᠢᠲᠡᠯᠡᠭᠰᠡᠨ ᠴᠠᠭ᠄
2022/1/18
     ︵ᠵᠢᠷᠭᠤᠭ᠎ᠠ︶ ᠢᠳᠡᠰᠢᠨ ᠮᠥᠭᠦ ᠶᠢᠨ ᠠᠵᠤ ᠦᠶᠯᠡᠰ ᠢ ᠶᠡᠬᠡᠪᠡᠷ ᠬᠥᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠤᠤᠯᠯᠠᠨ ᠠᠬᠢᠭᠤᠯᠬᠤ ᠲᠤᠬᠠᠶ ᠰᠠᠨᠠᠭᠤᠯᠭ᠎ᠠ᠃ ᠰᠢᠨ ᠺᠠᠶ ᠳ᠋ᠢ ᠰᠢᠶᠠᠩ ᠤᠨ ᠮᠧᠦ ᠶᠦᠩ ᠭᠦᠸᠧ ᠵᠡᠷᠭᠡ 5 ᠠᠷᠠᠳ ᠤᠨ ᠲᠥᠯᠥᠭᠡᠯᠡᠭᠴᠢ ᠰᠢᠨ ᠺᠠᠢ ᠳ᠋ᠢ ᠰᠢᠶᠠᠩ ᠤᠨ ᠢᠳᠡᠰᠢᠨ ᠮᠥᠭᠦ ᠶᠢᠨ ᠠᠵᠤ ᠦᠶᠯᠡᠰ ᠢ ᠲᠥᠷᠥ ᠶᠢᠨ ᠪᠣᠳᠣᠯᠭ᠎ᠠ ᠪᠠᠷ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠨᠥᠬᠦᠪᠥᠷᠢ ᠥᠭᠬᠦ ᠡᠷᠴᠢᠮ ᠪᠠ ᠬᠡᠪᠴᠢᠶ᠎ᠡ ᠪᠠᠨ ᠴᠢᠩᠭᠠᠳᠬᠠᠵᠤ᠂ ᠶᠠᠳᠠᠭᠤ ᠬᠦᠴᠢᠷᠳᠡᠯᠲᠡᠶ ᠪᠤᠰᠤ ᠡᠷᠦᠬᠡ ᠪᠠ ᠭᠠᠳᠠᠨ᠎ᠠ ᠠᠴᠠ ᠢᠷᠡᠭᠰᠡᠨ ᠠᠵᠤ ᠠᠬᠤᠶᠢᠯᠠᠯ ᠢ ᠨᠥᠬᠦᠪᠥᠷᠢ ᠥᠭᠬᠦ ᠬᠡᠪᠴᠢᠶᠡᠨ ᠳᠤ ᠣᠷᠣᠭᠤᠯᠬᠤ ᠶᠢ ᠰᠠᠨᠠᠭᠤᠯᠪᠠ᠃      ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠮᠠᠯ ᠠᠵᠤ ᠠᠬᠤᠶ ᠲᠠᠷᠢᠶᠠᠯᠠᠩ ᠤᠨ ᠲᠣᠪᠴᠢᠶ᠎ᠠ ᠨᠠᠷᠢᠨ ᠬᠢᠨᠠᠮᠠᠭᠠᠶ ᠪᠠᠶᠢᠴᠠᠭᠠᠨ ᠰᠤᠳᠤᠯᠤᠯᠲᠠ ᠬᠢᠵᠦ᠂ 2021 ᠣᠨ ᠳᠤ ᠬᠢᠵᠢᠭ ᠤᠨ ᠨᠥᠯᠥᠭᠡ ᠪᠠ ᠴᠠᠭ ᠠᠭᠤᠷ ᠤᠨ ᠲᠤᠤᠷ᠎ᠠ ᠳᠤᠯᠠᠭᠠᠨ ᠦᠷᠭᠦᠯᠵᠢᠯᠡᠭᠰᠡᠨ ᠠᠴᠠ ᠪᠣᠯᠵᠣ᠂ ᠪᠥᠬᠦ ᠬᠤᠰᠢᠭᠤᠨ ᠤ ᠢᠳᠡᠰᠢᠨ ᠮᠥᠭᠦ ᠶᠢᠨ ᠠᠵᠤ ᠦᠶᠯᠡᠰ ᠮᠠᠭᠤᠳᠠᠵᠤ᠂ ᠤᠨᠠᠯᠲᠠ ᠳᠣᠤᠷ᠎ᠠ ᠮᠥᠷᠲᠡᠭᠡᠨ ᠶᠠᠰᠤ ᠴᠢᠨᠠᠷ ᠠᠨᠠᠢ ᠪᠠᠶᠢᠬᠤ ᠶᠢ ᠣᠯᠵᠤ ᠮᠡᠳᠡᠪᠡ᠃ ᠡᠭᠦᠨ ᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠣᠯᠠᠨ ᠵᠦᠶᠯ ᠤᠨ ᠠᠷᠭ᠎ᠠ ᠬᠡᠮᠵᠢᠶ᠎ᠡ ᠠᠪᠴᠤ᠂ ᠢᠳᠡᠰᠢᠨ ᠮᠥᠭᠦ ᠶᠢᠨ ᠠᠵᠤ ᠦᠶᠯᠡᠰ ᠢ ᠤᠯᠠᠮ ᠨᠢᠭᠡ ᠠᠯᠬᠤᠮ ᠲᠣᠭᠲᠠᠪᠤᠷᠢᠵᠢᠭᠤᠯᠤᠨ ᠬᠥᠭᠵᠢᠭᠦᠯᠪᠡ᠃ ᠨᠢᠭᠡ ᠳᠤ ᠢᠳᠡᠰᠢᠨ ᠮᠥᠭᠦ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠬᠤᠰᠢᠭᠤᠨ ᠤ ᠡᠳ᠋ ᠤᠨ ᠵᠠᠰᠠᠭ ᠤᠨ ᠪᠠᠯᠠ ᠮᠥᠩᠭᠦ ᠪᠠᠷ ᠳᠠᠮᠵᠢᠭᠤᠯᠤᠨ ᠪᠥᠬᠦ ᠬᠤᠰᠢᠭᠤᠨ ᠤ ᠪᠣᠶ ᠪᠥᠬᠦᠶ ᠢᠳᠡᠰᠢᠨ ᠮᠥᠭᠦ ᠲᠠᠷᠢᠭᠴᠢᠳ ᠲᠤ ᠬᠠᠪᠳᠠᠰᠦ ᠪᠦᠷᠢ ᠳᠡᠭᠡᠨ 0.18 ᠲᠥᠭᠦᠷᠢᠭ ᠤᠨ ᠨᠥᠬᠦᠪᠥᠷᠢ ᠤᠯᠭᠤᠵᠦ᠂ ᠣᠳᠣᠬᠠᠨ ᠳᠤ ᠲᠤᠭ᠎ᠠ ᠪᠠᠷᠢᠮᠲᠠ ᠶᠢᠨ ᠪᠦᠷᠢᠳᠬᠡᠯ ᠨᠢᠭᠡᠨᠲᠡ ᠳᠠᠭᠤᠰᠴᠤ᠂ ᠶᠠᠭ ᠵᠠᠷᠯᠠᠨ ᠨᠡᠶᠢᠲᠡᠯᠡᠵᠦ ᠪᠠᠶᠢᠨ᠎ᠠ᠂ ᠡᠭᠦᠨ ᠤ ᠬᠠᠮᠲᠤ ᠪᠥᠬᠦ ᠬᠤᠰᠢᠭᠤᠨ ᠤ ᠬᠡᠪᠴᠢᠶᠡᠨ ᠳᠤ ᠣᠶ ᠶᠢᠨ ᠳᠠᠭᠠᠯᠳᠠ ᠢᠳᠡᠰᠢᠨ ᠮᠥᠭᠦ ᠳᠠᠷᠢᠬᠤ ᠠᠵᠤ ᠠᠬᠤᠶᠢᠯᠠᠯ᠂ ᠮᠠᠯᠴᠢᠨ ᠲᠠᠷᠢᠶᠠᠴᠢᠨ ᠤ ᠲᠤᠰᠬᠠᠶ ᠬᠤᠷᠰᠢᠶ᠎ᠠ᠂ ᠬᠤᠪᠢ ᠶᠢᠨ ᠲᠠᠷᠢᠮᠠᠯ ᠤᠨ ᠡᠷᠦᠬᠡ ᠵᠡᠷᠭᠡ ᠡᠵᠡᠩᠨᠡᠯᠲᠡ ᠶᠢᠨ ᠪᠡᠶᠡᠴᠢ ᠴᠣᠭᠴᠠ ᠳᠤ 2000 ᠲᠥᠭᠦᠷᠢᠭ/ ᠮᠥ ᠶᠢᠨ ᠪᠠᠷᠢᠮᠵᠢᠶ᠎ᠠ ᠪᠠᠷ ᠨᠥᠬᠦᠪᠥᠷᠢ ᠦᠭᠴᠦ᠂ ᠵᠢᠱᠢᠯᠲᠡ ᠪᠠᠷ 2021 — 2023 ᠣᠨ ᠪᠣᠯᠲᠠᠯ᠎ᠠ᠂ ᠵᠢᠯ ᠪᠦᠷᠢ ᠣᠶ ᠶᠢᠨ ᠳᠠᠭᠠᠯᠳᠠ ᠢᠳᠡᠰᠢᠨ ᠮᠥᠭᠦ ᠳᠠᠷᠢᠬᠤ ᠲᠠᠯᠠᠪᠠᠶ ᠶᠢ 3000 ᠮᠥ ᠬᠥᠭᠵᠢᠭᠦᠯᠵᠦ᠂ 600 ᠲᠦᠮᠡᠨ ᠲᠥᠭᠦᠷᠢᠭ ᠤᠨ ᠨᠥᠬᠦᠪᠥᠷᠢ ᠮᠥᠩᠭᠦ ᠣᠯᠭᠤᠨ᠎ᠠ᠃ ᠬᠤᠶᠠᠷ ᠲᠤ᠂ ᠪᠦᠬᠦ ᠬᠤᠰᠢᠭᠤᠨ ᠤ ᠢᠳᠡᠰᠢᠨ ᠮᠦᠬᠦ ᠶᠢᠨ ᠬᠠᠪᠳᠠᠰᠦ ᠪᠣᠯᠪᠠᠰᠤᠷᠠᠭᠤᠯᠬᠤ ᠠᠵᠤ ᠠᠬᠤᠶᠢᠯᠠᠯ ᠢ ᠨᠢᠭᠡᠳᠬᠡᠵᠦ᠂ ᠠᠵᠤ ᠠᠬᠤᠶᠢᠯᠠᠯ ᠪᠠ ᠲᠠᠷᠢᠮᠠᠯ ᠤᠨ ᠡᠷᠦᠬᠡ ᠶᠢᠨ ᠬᠠᠮᠵᠢᠯᠴᠠᠭᠠᠨ ᠤ ᠬᠡᠯᠪᠡᠷᠢ ᠶᠢ ᠰᠦᠪᠡᠭᠴᠢᠯᠡᠵᠦ᠂ ᠲᠠᠷᠢᠮᠠᠯ ᠤᠨ ᠦᠷ᠎ᠡ ᠠᠰᠢᠭ ᠢ ᠳᠡᠭᠡᠭᠰᠢᠯᠡᠭᠦᠯᠪᠡ᠃ ᠭᠤᠷᠪᠠ ᠳᠤ ᠪᠢᠷᠠᠭᠤ ᠪᠠᠯᠭᠠᠰᠤ᠂ ᠰᠢᠨ ᠺᠠᠶ ᠳ᠋ᠢ ᠰᠢᠶᠠᠩ ᠳᠤ ᠬᠦᠷᠢᠶᠡᠯᠡᠩ ᠲᠣᠭᠤᠷᠢᠭ ᠢᠶᠠᠷ ᠬᠥᠲᠥᠯᠥᠨ ᠳᠠᠭᠠᠭᠤᠯᠬᠤ᠂ ᠠᠵᠤ ᠦᠶᠯᠡᠰ ᠢ ᠵᠠᠯᠭᠠᠯᠳᠤᠭᠤᠯᠬᠤ᠂ ᠡᠳ᠋ᠰᠢᠭᠦᠯᠬᠦ ᠶᠢ ᠲᠥᠪᠯᠡᠷᠡᠭᠦᠯᠬᠦ ᠠᠷᠭ᠎ᠠ ᠮᠠᠶ᠋ᠢᠭ ᠢ ᠠᠪᠴᠤ᠂ ᠢᠳᠡᠰᠢᠨ ᠮᠥᠭᠦ ᠬᠠᠳᠠᠭᠠᠯᠠᠬᠤ ᠪᠠᠷᠠᠭ᠎ᠠ ᠶᠢᠨ ᠭᠦᠶᠯᠭᠡᠭᠡ ᠪᠠ ᠬᠤᠪᠢᠶᠠᠨ ᠲᠡᠭᠦᠵᠦ ᠡᠳ᠋ᠰᠢᠭᠦᠯᠬᠦ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠵᠤ᠂ ᠢᠳᠡᠰᠢᠨ ᠮᠥᠭᠦ ᠶᠢ ᠳᠠᠪᠤᠰᠤᠯᠠᠬᠤ᠂ ᠬᠠᠳᠠᠭᠠᠬᠤ᠂ ᠵᠢᠶᠠᠩ ᠬᠢᠬᠦ ᠵᠡᠷᠭᠡ ᠰᠡᠭᠦᠯᠴᠢ ᠶᠢᠨ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠬᠤ ᠶᠢ ᠲᠦᠯᠬᠢᠨ ᠠᠬᠢᠭᠤᠯᠪᠠ᠃ ᠳᠥᠷᠪᠡ ᠳᠤ ᠲᠤᠰᠬᠠᠶ ᠮᠡᠷᠭᠡᠵᠢᠯ ᠤᠨ ᠠᠵᠢᠯᠲᠠᠨ ᠢ ᠤᠷᠢᠵᠤ ᠢᠳᠡᠰᠢᠨ ᠮᠥᠭᠦ ᠲᠠᠷᠢᠬᠤ ᠡᠷᠦᠬᠡ ᠳᠤ ᠰᠢᠰᠲ᠋ᠧᠮ ᠲᠠᠢ ᠲᠠᠷᠢᠬᠤ ᠮᠡᠷᠭᠡᠵᠢᠯ ᠤᠨ ᠪᠣᠯᠪᠠᠰᠤᠷᠠᠭᠤᠯᠤᠯ ᠬᠢᠵᠦ᠂ ᠵᠠᠩᠭᠢᠯᠠᠭ᠎ᠠ ᠶᠢᠨ ᠮᠡᠷᠭᠡᠵᠢᠯ ᠢ ᠲᠤᠰᠬᠠᠶ ᠮᠡᠷᠭᠡᠵᠢᠯ ᠤᠨ ᠠᠵᠢᠯᠲᠠᠨ ᠠᠴᠠ ᠲᠤᠬᠠᠶ ᠶᠢᠨ ᠭᠠᠵᠠᠷ ᠲᠤᠨᠢ ᠵᠢᠭᠠᠨ ᠵᠢᠯᠤᠭᠤᠳᠪᠠ᠃
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号