ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠲᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠪᠢᠴᠢᠭ ᠤᠨ ᠬᠡᠯᠪᠡᠷᠢ︶
ᠨᠡᠶᠢᠲᠡᠯᠡᠭᠰᠡᠨ ᠴᠠᠭ᠄
2022/1/18
     ︵ᠲᠤᠯᠤᠭ᠎ᠠ︶ ᠨᠠᠰᠤᠲᠠᠨ ᠢ ᠠᠰᠠᠷᠠᠬᠤ ᠲᠥᠪᠯᠡᠷᠡᠩᠭᠦᠢ ᠨᠡᠶᠢᠲᠡ ᠶᠢᠨ ᠪᠠᠶᠢᠷᠢ ᠪᠠᠶᠢᠭᠤᠯᠬᠤ ᠲᠤᠬᠠᠢ ᠰᠠᠨᠠᠭᠤᠯᠭ᠎ᠠ᠃ ᠰᠢᠷᠠᠮᠥ᠋ᠷᠡᠨ ᠵᠡᠭᠡᠯᠢ ᠭᠤᠳᠤᠮᠵᠢ ᠶᠢᠨ ᠯᠢᠦ ᠰᠢᠶᠠᠩ ᠳ᠋ᠦᠩ ᠲᠥᠯᠥᠭᠡᠯᠡᠭᠴᠢ ᠵᠠᠰᠠᠭ ᠤᠨ ᠣᠷᠳᠣᠨ  ᠠᠴᠠ ᠭᠠᠵᠠᠷ ᠰᠢᠷᠣᠶ ᠬᠤᠪᠢᠶᠠᠷᠢᠯᠠᠨ ᠥᠭᠴᠦ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠶᠢ ᠰᠠᠨᠠᠭᠤᠯᠪᠠ᠃      ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠣᠳᠣᠬᠠᠨ ᠳᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠠᠭ ᠬᠡᠰᠢᠭᠲᠡᠨ ᠬᠤᠰᠢᠭᠤᠨ ᠤ ᠨᠠᠰᠤᠲᠠᠨ ᠢ ᠠᠰᠠᠷᠠᠬᠤ ᠭᠤᠤᠯ ᠬᠦᠷᠢᠶᠡᠯᠡᠩ  ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠢᠳᠡᠪᠬᠢᠲᠡᠶ ᠭᠤᠶᠤᠴᠢᠯᠠᠨ ᠮᠡᠳᠡᠭᠦᠯᠵᠦ ᠪᠠᠶᠢᠨ᠎ᠠ᠂ ᠪᠠᠷᠢᠯᠭ᠎ᠠ  ᠶᠢᠨ ᠲᠠᠯᠠᠪᠠᠶ ᠨᠢ 10320.58 ᠲᠡᠭᠰᠢ ᠳᠥᠷᠪᠡᠯᠵᠢᠨ ᠮᠧᠲᠷ᠂ ᠣᠷᠣ ᠶᠢᠨ ᠲᠤᠭ᠎ᠠ ᠨᠢ 240 ᠪᠠᠶᠢᠵᠤ᠂ ᠪᠡᠶ᠎ᠡ  ᠪᠠᠨ ᠳᠠᠭᠠᠭᠠᠭᠰᠠᠨ ᠨᠠᠰᠤᠲᠠᠶᠢᠴᠤᠳ ᠤᠨ ᠠᠮᠢᠳᠤᠷᠠᠯ ᠳᠤ ᠬᠡᠷᠡᠭᠯᠡᠬᠦ ᠬᠡᠷ ᠪᠠᠶᠢᠰᠢᠩ᠂ ᠠᠰᠠᠷᠠᠭᠤᠯᠬᠤ ᠴᠢᠬᠤᠯᠠᠲᠠᠢ ᠨᠠᠰᠤᠲᠠᠶᠢᠴᠤᠳ ᠤᠨ ᠠᠮᠢᠳᠤᠷᠠᠯ ᠳᠤ ᠬᠡᠷᠡᠭᠯᠡᠬᠦ ᠬᠡᠷ ᠪᠠᠶᠢᠰᠢᠩ᠂ ᠶᠡᠷᠦᠩᠬᠡᠶᠢᠯᠡᠭᠰᠡᠨ ᠦᠶᠯᠡᠴᠢᠯᠡᠭᠡᠨ ᠤ ᠬᠡᠷ ᠪᠠᠶᠢᠰᠢᠩ ᠵᠡᠷᠭᠡ ᠭᠤᠷᠪᠠᠨ ᠬᠡᠰᠡᠭ ᠢᠶᠠᠷ ᠪᠦᠷᠢᠯᠳᠦᠵᠦ᠂ ᠣᠲᠣ ᠨᠢᠭᠡᠨᠲᠡ ᠲᠥᠷᠥᠯ ᠵᠦᠶᠯ ᠲᠣᠭᠲᠠᠭᠠᠨ ᠬᠢᠨᠠᠨ ᠵᠦᠪᠰᠢᠶᠡᠷᠡᠭᠦᠯᠵᠦ᠂ ᠲᠥᠷᠥᠯ ᠵᠦᠶᠯ ᠢ ᠬᠡᠷᠡᠭᠵᠢᠭᠦᠯᠦᠭᠰᠡᠨ ᠤ ᠳᠠᠷᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠦᠶᠯᠡᠴᠢᠯᠡᠭᠡᠨ ᠤ ᠲᠦᠭᠦᠭᠡᠷᠦᠮᠵᠢ ︵ᠨᠠᠰᠤᠲᠠᠨ ᠢ ᠠᠰᠠᠷᠠᠬᠤ ᠬᠦᠷᠢᠶᠡᠯᠡᠩ︶ ᠶᠢᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠬᠦ ᠪᠣᠯᠤᠨ᠎ᠠ᠃ ᠡᠭᠦᠨ ᠠᠴᠠ ᠭᠠᠳᠠᠨ᠎ᠠ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠬᠡᠰᠢᠭᠲᠡᠨ ᠬᠤᠰᠢᠭᠤᠨ ᠤ ᠡᠮᠦᠨᠡᠲᠦ ᠬᠡᠰᠡᠭ ᠤᠨ ᠨᠠᠰᠤᠲᠠᠨ ᠢ ᠠᠰᠠᠷᠠᠬᠤ ᠭᠤᠤᠯ ᠬᠦᠷᠢᠶᠡᠯᠡᠩ᠂ ᠵᠡᠭᠦᠨ ᠬᠡᠰᠡᠭ ᠤᠨ ᠨᠠᠰᠤᠲᠠᠨ ᠢ ᠠᠰᠠᠷᠠᠬᠤ ᠭᠤᠤᠯ ᠬᠦᠷᠢᠶᠡᠯᠡᠩ᠂ ᠪᠠᠷᠠᠭᠤᠨ ᠬᠡᠰᠡᠭ ᠤᠨ ᠨᠠᠰᠤᠲᠠᠨ  ᠢ ᠠᠰᠠᠷᠠᠬᠤ ᠭᠤᠤᠯ ᠬᠦᠷᠢᠶᠡᠯᠡᠩ ᠪᠠ ᠤᠮᠠᠷᠠᠲᠤ ᠬᠡᠰᠡᠭ ᠤᠨ ᠨᠠᠰᠤᠲᠠᠨ ᠢ ᠠᠰᠠᠷᠠᠬᠤ ᠭᠤᠤᠯ ᠬᠦᠷᠢᠶᠡᠯᠡᠩ ᠤᠨ ᠰᠢᠨ᠎ᠡ ᠪᠠᠷ ᠪᠠᠶᠢᠭᠤᠯᠬᠤ ᠵᠢᠴᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠦᠶᠯ ᠢ ᠢᠳᠡᠪᠬᠢᠲᠡᠶ ᠮᠡᠳᠡᠭᠦᠯᠵᠦ᠂ ᠠᠯᠪᠠᠨ ᠠᠴᠠ ᠡᠷᠭᠢᠯᠡᠭᠰᠡᠨ ᠨᠠᠰᠤᠲᠠᠨ ᠢ ᠠᠰᠠᠷᠠᠬᠤ ᠬᠦᠷᠢᠶᠡᠯᠡᠩ ᠨᠢ ᠣᠨᠴᠠ ᠬᠦᠴᠢᠷᠳᠡᠯᠲᠡᠶ ᠬᠥᠮᠦᠰ  ᠢ ᠲᠥᠪᠯᠡᠷᠡᠭᠦᠯᠦᠨ ᠠᠰᠠᠷᠠᠨ ᠲᠡᠵᠢᠭᠡᠬᠦ ᠣᠷᠣᠨ ᠰᠠᠭᠤᠴᠠ ᠶᠢ ᠬᠠᠩᠭᠠᠭᠰᠠᠨ ᠨᠥᠬᠦᠴᠡᠯ ᠳᠣᠤᠷ᠎ᠠ᠂ ᠨᠡᠶᠢᠭᠡᠮ ᠳᠤ ᠬᠠᠨᠳᠤᠭᠤᠯᠤᠨ ᠣᠷᠣᠯᠠᠨ ᠠᠰᠠᠷᠠᠬᠤ ᠦᠶᠯᠡᠴᠢᠯᠡᠭᠡ ᠥᠷᠨᠢᠭᠦᠯᠵᠦ ᠪᠣᠯᠤᠨ᠎ᠠ᠃      ᠡᠭᠦᠨ ᠤ ᠬᠠᠮᠲᠤ᠂ ᠮᠠᠨ ᠤ ᠬᠤᠰᠢᠭᠤ ᠠᠷᠠᠳ ᠤᠨ ᠬᠥᠷᠥᠩᠭᠡ ᠶᠢᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠡᠷᠭᠢᠯᠡᠬᠦ ᠳᠤ ᠣᠷᠣᠯᠴᠠᠬᠤ ᠶᠢ ᠢᠳᠡᠪᠬᠢᠲᠡᠶ ᠵᠣᠷᠢᠭᠵᠢᠭᠤᠯᠪᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠠᠷᠠᠳ ᠤᠨ ᠬᠥᠷᠥᠩᠭᠡ ᠶᠢᠨ ᠣᠷᠣᠭᠤᠯᠤᠯᠲᠠ ᠪᠠᠷ ᠭᠤᠤᠯ ᠪᠣᠯᠭᠠᠵᠤ᠂ ᠬᠠᠮᠢᠶ᠎ᠠ ᠪᠥᠬᠦᠶ ᠲᠡᠳᠬᠦᠨ ᠳᠡᠮᠵᠢᠬᠦ ᠪᠠ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠭᠠᠵᠠᠷ ᠰᠢᠷᠣᠶ ᠰᠢᠯᠵᠢᠭᠦᠯᠦᠨ ᠥᠭᠬᠦ ︵ᠬᠢᠮᠳᠠ ᠦᠨ᠎ᠡ ᠪᠠᠷ ᠬᠤᠳᠠᠯᠳᠤᠬᠤ︶᠂ ᠪᠥᠲᠥᠭᠡᠨ ᠪᠠᠶᠢᠭᠤᠯᠬᠤ ︵ᠡᠵᠡᠩᠨᠡᠬᠦ︶ ᠨᠥᠬᠦᠪᠥᠷᠢ᠂ ᠭᠠᠶᠢᠯᠢ ᠲᠠᠲᠠᠪᠤᠷᠢ ᠵᠡᠷᠭᠡ ᠲᠠᠯ᠎ᠠ ᠪᠠᠷ ᠤᠷᠢᠳ ᠢᠶᠠᠷ ᠪᠠᠲᠤᠯᠠᠬᠤ ᠶᠢ ᠪᠡᠶᠡᠯᠡᠭᠦᠯᠦᠨ᠎ᠡ᠃ ᠣᠳᠣᠬᠠᠨ ᠳᠤ᠂ ᠪᠥᠬᠦ ᠬᠤᠰᠢᠭᠤᠨ ᠤ ᠴᠣᠷ ᠤᠨ ᠭᠠᠭᠴᠠ ᠬᠡᠪᠴᠢᠶ᠎ᠡ ᠲᠠᠢ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠠᠷᠠᠳ ᠠᠴᠠ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠪᠣᠯᠬᠤ ᠨᠤᠸᠠᠨ ᠶᠢ ᠶᠠᠩ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠶᠢᠨ ᠬᠤᠶᠠᠳᠤᠭᠠᠷ ᠬᠤᠭᠤᠴᠠᠭᠠᠨ ᠤ ᠥᠷᠭᠡᠳᠬᠡᠨ ᠪᠠᠶᠢᠭᠤᠯᠬᠤ ᠲᠥᠷᠥᠯ ᠵᠦᠶᠯ ᠢ ᠶᠠᠭ ᠬᠡᠷᠡᠭᠵᠢᠭᠦᠯᠵᠦ ᠪᠣᠶ᠂ ᠤᠷᠢᠳ ᠢᠶᠠᠷ ᠭᠠᠵᠠᠷ ᠬᠠᠩᠭᠠᠬᠤ᠂ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠬᠦ ᠵᠡᠷᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠲᠥᠷᠥᠯ ᠵᠦᠶᠯ ᠢ ᠲᠦᠷᠭᠡᠬᠡᠨ ᠪᠡᠶᠡᠯᠡᠭᠦᠯᠬᠦ ᠶᠢ ᠠᠬᠢᠭᠤᠯᠵᠤ᠂ ᠨᠤᠸᠠᠨ ᠶᠢ ᠶᠠᠩ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠶᠢᠨ ᠪᠠᠶᠢᠭᠤᠯᠤᠮᠵᠢ ᠶᠢ ᠨᠡᠶᠢᠭᠡᠮ ᠲᠣᠭᠤᠷᠢᠭ ᠬᠠᠷᠢᠯᠴᠠᠨ ᠵᠣᠬᠢᠴᠠᠯᠳᠤᠭᠰᠠᠨ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢ ᠤᠶᠠᠯᠳᠤᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠪᠠᠶᠢᠭᠤᠯᠤᠮᠵᠢ ᠪᠤᠯᠭᠠᠨ ᠪᠠᠶᠢᠭᠤᠯᠬᠤ ᠶᠢ ᠤᠯᠠᠮ ᠨᠢᠭᠡ ᠠᠯᠬᠤᠮ ᠠᠬᠢᠭᠤᠯᠤᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号