ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠲᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠪᠢᠴᠢᠭ ᠤᠨ ᠬᠡᠯᠪᠡᠷᠢ︶
ᠨᠡᠶᠢᠲᠡᠯᠡᠭᠰᠡᠨ ᠴᠠᠭ᠄
2022/1/18
     ︵ᠨᠠᠶᠮᠠ︶ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠰᠠᠶᠢᠲᠤᠷ ᠬᠢᠬᠦ ᠲᠤᠬᠠᠶ ᠰᠠᠨᠠᠯ ᠰᠠᠨᠠᠭᠤᠯᠭ᠎ᠠ᠃ ᠳᠠᠯᠠᠶᠢᠨᠠᠭᠤᠷ ᠪᠠᠯᠭᠠᠰᠤᠨ ᠤ ᠭᠠᠯᠪᠠ ᠵᠡᠷᠭᠡ 6 ᠲᠥᠯᠥᠭᠡᠯᠡᠭᠴᠢ᠂ ᠳᠠᠷᠬᠠᠬᠠᠭᠤᠯᠠ ᠰᠤᠮᠤ ᠶᠢᠨ ᠨᠠᠰᠤᠨᠪᠠᠭᠠᠲᠤᠷ ᠵᠡᠷᠭᠡ 8 ᠲᠦᠯᠦᠭᠡᠯᠡᠭᠴᠢ᠂ ᠪᠠᠶᠠᠨᠴᠠᠭᠠᠨ ᠰᠤᠮᠤ ᠶᠢᠨ ᠰᠢᠨᠡᠪᠢᠯᠢᠭ ᠵᠡᠷᠭᠡ 4 ᠲᠦᠯᠦᠭᠡᠯᠡᠭᠴᠢ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠮᠡᠷᠭᠡᠵᠢᠯ ᠢ ᠳᠡᠯᠭᠡᠷᠡᠭᠦᠯᠬᠦ ᠪᠠ ᠬᠡᠷᠡᠭᠯᠡᠬᠦ ᠶᠢ ᠦᠨᠡᠨ ᠬᠦ ᠳᠡᠭᠡᠭᠰᠢᠯᠡᠭᠦᠯᠬᠦ︔ ᠠᠮᠢᠲᠠᠨ ᠤ ᠬᠢᠵᠢᠭ ᠤᠨ ᠪᠠᠶᠢᠳᠠᠯ ᠢ ᠰᠡᠷᠭᠡᠶᠢᠯᠡᠬᠦ ᠴᠢᠳᠠᠪᠤᠷᠢ ᠶᠢ ᠴᠢᠩᠭᠠᠳᠬᠠᠬᠤ ᠪᠡᠯᠡ ᠣᠷᠣᠭᠤᠯᠤᠯᠲᠠ ᠪᠠᠨ ᠨᠡᠮᠡᠭᠳᠡᠭᠦᠯᠬᠦ︔ ᠮᠠᠯ ᠤᠨ ᠠᠰᠢᠭ ᠰᠢᠮ᠎ᠡ ᠶᠢ ᠨᠠᠷᠢᠯᠢᠭ ᠪᠣᠯᠪᠠᠰᠤᠷᠠᠭᠤᠯᠬᠤ ᠶᠢ ᠭᠦᠭᠵᠢᠭᠦᠯᠬᠦ︔ ᠡᠪᠡᠰᠦᠨ ᠤ ᠦᠶᠯᠡᠰ ᠤᠨ ᠰᠠᠭᠤᠷᠢᠨ ᠭᠠᠵᠠᠷ ᠪᠠᠶᠢᠭᠤᠯᠵᠤ ᠮᠠᠯᠵᠢᠬᠤ ᠡᠷᠦᠬᠡ ᠶᠢᠨ ᠡᠪᠡᠰᠦ ᠪᠣᠷᠳᠤᠭ᠎ᠠ ᠳᠤᠲᠠᠭᠳᠠᠬᠤ ᠠᠰᠠᠭᠤᠳᠠᠯ ᠢ ᠰᠢᠢᠳᠪᠦᠷᠢᠯᠡᠬᠦ︔ ᠮᠠᠯᠵᠢᠬᠤ ᠣᠷᠣᠨ ᠤ ᠮᠠᠯ ᠤᠨ ᠳᠤᠯᠠᠭᠠᠨ ᠰᠠᠷᠠᠪᠴᠢ᠂ ᠡᠪᠡᠰᠦ ᠬᠠᠳᠠᠭᠠᠯᠠᠬᠤ ᠰᠠᠷᠠᠪᠴᠢ ᠶᠢᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠨᠡᠮᠡᠭᠳᠡᠭᠦᠯᠬᠦ ᠶᠢ ᠰᠠᠨᠠᠭᠤᠯᠪᠠ᠃ ︵13᠂ 35᠂ 46᠂ 48 ᠳ᠋ᠤᠭᠠᠷ ᠰᠠᠨᠠᠭᠤᠯᠭ᠎ᠠ ᠶᠢ ᠨᠡᠶᠢᠯᠡᠭᠦᠯᠦᠨ ᠬᠠᠷᠢᠭᠤᠯᠪᠠ︶      ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠡᠰᠢᠭᠲᠡᠨ ᠬᠤᠰᠢᠭᠤᠨ ᠤ ᠬᠤᠷᠢᠶ᠎ᠠ᠂ ᠬᠡᠰᠢᠭᠲᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ︽ᠬᠡᠰᠢᠭᠲᠡᠨ ᠬᠤᠰᠢᠭᠤᠨ ᠤ ︵2021 — 2025︶ ᠣᠲᠣ ᠦᠶ᠎ᠡ ᠶᠢᠨ ᠮᠢᠬᠠᠨ ᠤ ᠦᠬᠡᠷ ᠤᠨ ᠠᠵᠤ ᠦᠶᠯᠡᠰ  ᠤᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠵᠢᠭᠦᠯᠬᠦ ᠰᠠᠨᠠᠯ︾ ᠪᠠ ︽ᠬᠡᠰᠢᠭᠲᠡᠨ ᠬᠤᠰᠢᠭᠤᠨ ᠤ ︵2021 — 2025︶ ᠣᠲᠣ ᠦᠶ᠎ᠡ ᠶᠢᠨ ᠮᠢᠬᠠᠨ ᠤ ᠬᠤᠨᠢᠨ ᠤ ᠠᠵᠤ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠬᠡᠷᠡᠭᠵᠢᠭᠦᠯᠬᠦ ᠰᠠᠨᠠᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠮᠠᠨ ᠤ ᠬᠤᠰᠢᠭᠤᠨ ᠤ ᠮᠠᠯ ᠠᠵᠦ ᠠᠬᠤᠢ ᠶᠢᠨ ᠴᠢᠨᠠᠷ ᠰᠠᠶᠢᠲᠠᠢ ᠭᠦᠭᠵᠢᠯᠳᠡ ᠶᠢ ᠪᠦᠬᠦ ᠲᠠᠯ᠎ᠠ ᠪᠠᠷ ᠬᠦᠨᠵᠡᠭᠡᠢ ᠲᠦᠯᠭᠢᠨ ᠠᠭᠢᠭᠤᠯᠵᠦ᠂ ᠮᠥᠩᠭᠦᠨ ᠭᠦᠶᠯᠭᠡᠭᠡ ᠪᠠᠷ ᠲᠡᠳᠬᠦᠨ ᠳᠡᠮᠵᠢᠬᠦ᠂ ᠭᠢᠵᠢᠭ ᠢ ᠰᠡᠷᠭᠡᠶᠢᠯᠡᠨ ᠡᠭᠦᠯᠳᠡᠷ ᠰᠠᠶᠢᠵᠢᠷᠠᠭᠤᠯᠬᠤ᠂ ᠡᠪᠡᠰᠦ ᠪᠣᠷᠳᠤᠭ᠎ᠠ ᠶᠢ ᠪᠠᠲᠤᠯᠠᠬᠤ᠂ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ᠂ ᠵᠠᠬ᠎ᠠ ᠳᠡᠯᠭᠡᠭᠦᠷ ᠤᠨ ᠪᠤᠷᠤᠯᠠᠭᠤᠯᠤᠯᠳᠠ ᠵᠡᠷᠭᠡ ︽ᠳᠠᠪᠤᠨ ᠶᠡᠭᠡ ᠲᠤᠭᠲᠠᠯᠴᠠᠭ᠎ᠠ︾ ᠶᠢ ᠵᠡᠷᠭᠡ ᠪᠠᠷ ᠠᠬᠢᠭᠤᠯᠤᠨ᠎ᠠ᠃      ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠪᠠ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ᠃ ᠨᠢᠭᠡ ᠳᠤ ᠵᠢᠱᠢᠶ᠎ᠡ ᠦᠵᠡᠭᠦᠯᠦᠨ ᠬᠥᠲᠥᠯᠦᠨ ᠳᠠᠭᠠᠭᠤᠯᠵᠤ᠂ ᠲᠡᠵᠢᠭᠡᠨ ᠦᠷᠡᠵᠢᠭᠦᠯᠬᠦ ᠲᠤᠰᠬᠠᠶ ᠡᠷᠦᠬᠡ ᠵᠢᠴᠢ ᠬᠡᠷ ᠪᠦᠯᠢ ᠶᠢᠨ ᠮᠠᠯᠵᠢᠯ ᠤᠨ ᠲᠠᠯᠠᠪᠠᠶ᠂ ᠲᠤᠰᠬᠠᠶ ᠳᠤᠭᠤᠶᠢᠯᠠᠩ᠂ ᠲᠤᠰᠬᠠᠶ ᠲᠣᠰᠬᠤᠨ᠂ ᠲᠤᠰᠬᠠᠶ ᠪᠠᠯᠭᠠᠰᠤᠨ ᠤ ᠪᠥᠲᠥᠭᠡᠨ ᠪᠠᠶᠢᠭᠤᠯᠤᠯᠲᠠ ᠶᠢ ᠲᠣᠪᠣᠶᠢᠮ᠎ᠠ ᠰᠠᠶᠢᠲᠤᠷ ᠠᠳᠬᠤᠨ᠎ᠠ᠃ ᠵᠢᠱᠢᠯᠲᠡ ᠪᠠᠷ 2025 ᠣᠨ ᠪᠣᠯᠬᠤ ᠳᠤ᠂ ᠲᠠᠷᠢᠶᠠᠯᠠᠬᠤ ᠣᠷᠣᠨ ᠳᠤ ᠮᠢᠬᠠᠨ ᠤ ᠦᠬᠡᠷ ᠲᠡᠵᠢᠭᠡᠨ ᠦᠷᠡᠵᠢᠭᠦᠯᠬᠦ ᠲᠤᠰᠬᠠᠶ ᠡᠷᠦᠬᠡ ᠶᠢ 4000᠂ ᠲᠤᠰᠬᠠᠶ ᠳᠤᠭᠤᠶᠢᠯᠠᠩ ᠶᠢ 400᠂ ᠲᠤᠰᠬᠠᠶ ᠲᠣᠰᠬᠤᠨ ᠢ 40᠂ ᠲᠤᠰᠬᠠᠶ ᠪᠠᠯᠭᠠᠰᠤ ᠶᠢ 3 ︵ᠪᠢᠷᠠᠭᠤ ᠪᠠᠯᠭᠠᠰᠤ᠂ ᠲᠤ ᠴᠧᠩᠽᠢ ᠪᠠᠯᠭᠠᠰᠤ᠂ ᠲᠦᠩ ᠰᠢᠩ ᠪᠠᠯᠭᠠᠰᠤ︶ ᠰᠢᠨ᠎ᠡ ᠪᠠᠷ ᠨᠡᠮᠡᠭᠳᠡᠭᠦᠯᠵᠦ᠂ ᠪᠥᠬᠦ ᠬᠤᠰᠢᠭᠤᠨ ᠳᠤ ᠮᠢᠬᠠᠨ ᠤ ᠬᠤᠨᠢ ᠲᠡᠵᠢᠭᠡᠨ ᠦᠷᠡᠵᠢᠭᠦᠯᠬᠦ ᠬᠡᠷ ᠪᠦᠯᠢ ᠶᠢᠨ ᠮᠠᠯᠵᠢᠯ ᠤᠨ ᠲᠠᠯᠠᠪᠠᠶ ᠶᠢ 1300 ᠰᠢᠨ᠎ᠡ ᠪᠠᠷ ᠨᠡᠮᠡᠭᠳᠡᠭᠦᠯᠵᠦ᠂ ᠮᠠᠯᠵᠢᠬᠤ ᠣᠷᠣᠨ ᠳᠤ ᠮᠢᠬᠠᠨ ᠤ ᠦᠬᠡᠷ ᠲᠡᠵᠢᠭᠡᠨ ᠦᠷᠡᠵᠢᠭᠦᠯᠬᠦ ᠬᠡᠷ ᠪᠦᠯᠢ ᠶᠢᠨ ᠮᠠᠯᠵᠢᠯ ᠤᠨ ᠲᠠᠯᠠᠪᠠᠶ ᠶᠢ 500 ᠰᠢᠨ᠎ᠡ ᠪᠠᠷ ᠨᠡᠮᠡᠭᠳᠡᠭᠦᠯᠬᠦ ᠪᠣᠯᠤᠨ᠎ᠠ᠃ ᠬᠤᠶᠠᠷ ᠲᠤ ᠡᠭᠦᠯᠳᠡᠷ ᠰᠠᠶᠢᠵᠢᠷᠠᠭᠤᠯᠬᠤ ᠬᠢᠵᠢᠭ ᠢ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠷ ᠳᠠᠮᠵᠢᠭᠤᠯᠤᠨ᠂ ᠪᠥᠬᠦ ᠬᠤᠰᠢᠭᠤᠨ ᠤ ᠮᠢᠬᠠᠨ ᠤ ᠦᠬᠡᠷ ᠢ ᠡᠭᠦᠯᠳᠡᠷ ᠰᠠᠶᠢᠵᠢᠷᠠᠭᠤᠯᠬᠤ ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠡᠭᠦᠯᠳᠡᠷ ᠰᠠᠶᠢᠵᠢᠷᠠᠭᠤᠯᠬᠤ ᠥᠷᠲᠡᠭᠡ ᠴᠢᠬ ᠤᠨ ᠪᠥᠲᠥᠭᠡᠨ ᠪᠠᠶᠢᠭᠤᠯᠤᠯᠲᠠ ᠶᠢ ᠬᠢᠨᠠᠮᠠᠭᠠᠶ ᠰᠠᠶᠢᠲᠤᠷ ᠠᠳᠬᠤᠵᠤ᠂ 2025 ᠣᠨ ᠪᠣᠯᠬᠤ ᠳᠤ᠂ 13 ᠳᠠᠳᠤᠯᠭ᠎ᠠ ᠪᠣᠯᠪᠠᠰᠤᠷᠠᠭᠤᠯᠤᠯ ᠤᠨ ᠰᠠᠭᠤᠷᠢᠨ ᠭᠠᠵᠠᠷ᠂ 1000 ᠡᠭᠦᠯᠳᠡᠷ ᠰᠠᠶᠢᠵᠢᠷᠠᠭᠤᠯᠬᠤ ᠥᠷᠲᠡᠭᠡ ᠴᠢᠬ ᠢ ᠪᠥᠲᠥᠭᠡᠨ ᠪᠠᠶᠢᠭᠤᠯᠤᠨ᠎ᠠ︔ ᠲᠤᠰ ᠭᠠᠵᠠᠷ ᠤᠨ ᠡᠭᠦᠯᠳᠡᠷ ᠰᠠᠶᠢᠵᠢᠷᠠᠭᠤᠯᠤᠭᠴᠢ ᠂ ᠬᠢᠵᠢᠭ ᠰᠡᠷᠭᠡᠶᠢᠯᠡᠭᠴᠢ ᠪᠠᠷ ᠭᠤᠣᠯ ᠪᠣᠯᠭᠠᠵᠤ᠂ ᠨᠡᠶᠢᠭᠡᠮᠴᠢᠯᠡᠭᠰᠡᠨ ᠦᠢᠯᠡᠴᠢᠯᠡᠭᠡ ᠪᠠᠷ ᠬᠠᠪᠰᠤᠷᠤᠮᠵᠢ ᠪᠣᠯᠭᠠᠭᠰᠠᠨ ᠬᠢᠵᠢᠭ ᠰᠡᠷᠭᠡᠶᠢᠯᠡᠬᠦ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ᠎ᠠ᠃ ᠮᠡᠷᠭᠡᠵᠢᠯ ᠤᠨ ᠬᠦᠴᠦᠨ ᠲᠡᠭᠦᠯᠳᠡᠷ᠂ ᠲᠥᠬᠦᠭᠡᠷᠦᠮᠵᠢ ᠪᠦᠷᠢᠨ ᠭᠦᠶᠴᠡᠳ ᠪᠦᠬᠦᠢ 3 —7 ᠬᠢᠵᠢᠭ ᠰᠡᠷᠭᠡᠶᠢᠯᠡᠬᠦ ᠠᠵᠤ ᠠᠬᠤᠶᠢᠯᠠᠯ ᠢ ᠬᠥᠭᠵᠢᠭᠦᠯᠵᠦ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠦᠨᠡᠨᠬᠦ ᠰᠠᠶᠢᠲᠤᠷ ᠬᠢᠵᠦ᠂ ︽ᠬᠢᠵᠢᠭ ᠤᠨ ᠲᠠᠷᠢᠯᠭ᠎ᠠ ᠬᠢᠪᠡᠰᠦ ᠵᠤᠬᠢᠬᠤ ᠶᠢ ᠪᠦᠭᠦᠳᠡ ᠶᠢ ᠲᠠᠷᠢᠵᠦ᠂ ᠤᠭᠲᠤ ᠭᠡᠭᠡᠭᠳᠡᠭᠦᠯᠬᠦ ᠦᠬᠡᠢ︾ ᠪᠠᠶᠢᠬᠤ ᠶᠢ ᠦᠨᠡᠨᠬᠦ ᠪᠠᠲᠤᠯᠠᠵᠤ᠂ ᠮᠢᠬᠠᠨ ᠤ ᠦᠬᠡᠷ ᠤᠨ ᠠᠵᠤ ᠦᠶᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠨ᠎ᠠ᠃      ᠮᠠᠯ ᠤᠨ ᠠᠰᠢᠭ ᠰᠢᠮ᠎ᠡ ᠶᠢ ᠨᠠᠷᠢᠯᠢᠭ ᠪᠣᠯᠪᠠᠰᠤᠷᠠᠭᠤᠯᠬᠤ ᠲᠠᠯ᠎ᠠ ᠪᠠᠷ᠃ ᠠᠵᠤ ᠠᠬᠤᠶᠢᠯᠠᠯ ᠢ ᠳᠡᠮᠵᠢᠵᠦ ᠣᠳᠣ ᠦᠶ᠎ᠡ ᠶᠢᠨ ᠬᠦᠢᠲᠡᠨ ᠰᠣᠷᠭᠤᠭ ᠡᠳ᠋ᠰᠢᠭᠦᠯᠬᠦ ᠤᠷ᠎ᠠ ᠮᠡᠷᠭᠡᠵᠢᠯ ᠲᠥᠬᠦᠭᠡᠷᠦᠮᠵᠢ ᠶᠢ ᠣᠷᠣᠭᠤᠯᠵᠤ ᠠᠪᠴᠢᠷᠠᠨ᠂ ᠱᠠᠲᠤ ᠬᠤᠪᠢᠶᠠᠨ ᠡᠳ᠋ᠰᠢᠭᠦᠯᠬᠦ᠂ ᠬᠡᠰᠡᠭᠯᠡᠨ ᠪᠣᠭᠤᠳᠠᠯᠯᠠᠬᠤ ᠬᠤᠪᠢ ᠶᠢᠨ ᠵᠢᠩ ᠢ ᠳᠡᠭᠡᠭᠰᠢᠯᠡᠭᠦᠯᠵᠦ᠂ ᠨᠠᠷᠢᠯᠢᠭ ᠭᠦᠨᠵᠡᠭᠡᠶ ᠡᠳ᠋ᠰᠢᠭᠦᠯᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ 2025 ᠣᠨ ᠤ ᠰᠡᠭᠦᠯᠴᠢ ᠪᠣᠯᠲᠠᠯ᠎ᠠ᠂ ᠮᠢᠬᠠᠨ ᠤ ᠦᠬᠡᠷ ᠨᠢᠲᠤᠯᠵᠤ ᠡᠳ᠋ᠰᠢᠭᠦᠯᠬᠦ ᠦᠶᠯᠡᠳᠪᠦᠷᠢᠯᠡᠯ ᠤᠨ ᠴᠢᠳᠠᠪᠤᠷᠢ ᠶᠢ 5 ᠲᠦᠮᠡᠨ ᠲᠣᠯᠣᠭᠠᠶ᠂ ᠮᠢᠬᠠᠨ ᠤ ᠬᠤᠨᠢ ᠶᠢ 100 ᠲᠦᠮᠡᠨ ᠲᠣᠯᠣᠭᠠᠶ ᠳᠤ ᠬᠦᠷᠦᠭᠦᠯᠵᠦ᠂ ᠨᠠᠷᠢᠯᠢᠭ ᠡᠳ᠋ᠰᠢᠭᠦᠯᠬᠦ ᠬᠠᠷᠢᠴᠠᠯ ᠢ 70% ᠠᠴᠠ ᠳᠡᠭᠡᠭᠰᠢ ᠳᠤ ᠬᠦᠷᠦᠭᠦᠯᠵᠦ᠂ ᠪᠢᠷᠠᠭᠤ ᠪᠠᠯᠭᠠᠰᠤ ᠪᠠ ᠬᠠᠭᠤᠷᠠᠢ ᠬᠦᠷᠢᠶ᠎ᠡ ᠰᠤᠮᠤᠨ ᠳᠤ ᠬᠦᠶᠲᠡᠨ ᠬᠡᠯᠬᠢᠶᠡᠲᠦ ᠡᠳ᠋ᠰᠢᠭᠦᠯᠵᠦ ᠳᠣᠭᠢᠷᠠᠭᠤᠯᠤᠨ ᠬᠦᠷᠭᠡᠬᠦ ᠲᠥᠪ ᠢ 4 ︵ᠡᠭᠦᠨ ᠳᠤ ᠪᠢᠷᠠᠭᠤ ᠪᠠᠯᠭᠠᠰᠤ 3᠂ ᠬᠠᠭᠤᠷᠠᠢ ᠬᠦᠷᠢᠶ᠎ᠡ ᠰᠤᠮᠤ 1︶ ᠪᠠᠶᠢᠭᠤᠯᠬᠤ ᠪᠠᠷ ᠲᠥᠯᠥᠪᠵᠢᠭᠦᠯᠦᠨ᠎ᠡ᠃      ᠲᠡᠵᠢᠭᠡᠯ ᠡᠪᠡᠰᠦ ᠶᠢᠨ ᠪᠠᠲᠤᠯᠠᠭ᠎ᠠ ᠶᠢᠨ ᠰᠢᠰᠲ᠋ᠧᠮ ᠢ ᠴᠢᠩᠭᠠᠳᠬᠠᠬᠤ ᠲᠠᠯ᠎ᠠ ᠪᠠᠷ᠃ ᠵᠢᠱᠢᠯᠲᠡ ᠪᠠᠷ 2025 ᠣᠨ ᠪᠣᠯᠬᠤ ᠳᠤ᠂ ᠪᠠᠴᠢᠮ ᠪᠠᠶᠢᠳᠠᠯ ᠢ ᠠᠷᠭᠠᠴᠠᠭᠠᠬᠤ ᠡᠪᠡᠰᠦ ᠬᠠᠳᠠᠭᠠᠯᠠᠬᠤ ᠥᠷᠲᠡᠭᠡ 4 ᠶᠢ ᠪᠠᠶᠢᠭᠤᠯᠵᠦ᠂ ᠪᠢᠷᠠᠭᠤ ᠪᠠᠯᠭᠠᠰᠤ᠂ ᠸᠠᠨ ᠾᠧ ᠶᠦᠩ ᠪᠠᠯᠭᠠᠰᠤ ᠪᠣᠯᠤᠨ ᠲᠤ ᠴᠧᠩᠽᠢ ᠪᠠᠯᠭᠠᠰᠤ ᠶᠢᠨ ᠡᠪᠡᠰᠦ ᠬᠠᠳᠠᠭᠠᠯᠠᠬᠤ ᠥᠷᠲᠡᠭᠡ ᠵᠢᠯ ᠪᠦᠷᠢ 1 ᠲᠦᠮᠡᠨ ᠲᠣᠨ ᠡᠪᠡᠰᠦ ᠨᠥᠭᠡᠴᠡᠯᠡᠵᠦ᠂ ᠳᠠᠯᠠᠶᠢᠨᠠᠭᠤᠷ ᠪᠠᠯᠭᠠᠰᠤ ᠶᠢᠨ ᠡᠪᠡᠰᠦ ᠬᠠᠳᠠᠭᠠᠯᠠᠬᠤ ᠥᠷᠲᠡᠭᠡ ᠨᠢ ᠵᠢᠯ ᠪᠦᠷᠢ 5 ᠲᠦᠮᠡᠨ ᠲᠣᠨ ᠡᠪᠡᠰᠦ ᠨᠥᠭᠡᠴᠡᠯᠡᠵᠦ᠂ ᠲᠣᠨ ᠪᠦᠷᠢ ᠡᠪᠡᠰᠦ ᠨᠥᠭᠡᠴᠡᠯᠡᠬᠦ ᠳᠤ 50 ᠲᠥᠭᠦᠷᠢᠭ ᠤᠨ ᠨᠥᠬᠦᠪᠥᠷᠢ ᠥᠭᠭᠦᠨ᠎ᠡ᠃ ᠡᠳ᠋ᠰᠢᠭᠦᠯᠬᠦ ᠴᠢᠳᠠᠪᠤᠷᠢ ᠪᠠᠷ ᠴᠢᠩᠭ᠎ᠠ᠂ ᠮᠡᠷᠭᠡᠵᠢᠯ ᠤᠨ ᠬᠢᠷᠢ ᠬᠡᠮᠵᠢᠶ᠎ᠡ  ᠪᠠᠷ ᠲᠡᠷᠢᠭᠦᠨ ᠤ᠂ ᠦᠶᠯᠡᠴᠢᠯᠡᠭᠡ ᠪᠠᠷ ᠥᠨᠳᠥᠷ ᠦᠷ᠎ᠡ ᠪᠦᠲᠦᠮᠵᠢᠲᠡᠶ ᠣᠳᠣᠬᠢᠴᠢᠯᠠᠭᠰᠠᠨ ᠪᠣᠷᠳᠤᠭ᠎ᠠ ᠡᠳ᠋ᠰᠢᠭᠦᠯᠬᠦ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠪᠢᠷᠠᠭᠤ ᠪᠠᠯᠭᠠᠰᠤᠨ ᠳᠤ ᠪᠣᠷᠳᠤᠭ᠎ᠠ ᠡᠳ᠋ᠰᠢᠭᠦᠯᠬᠦ ᠦᠶᠯᠡᠳᠪᠦᠷᠢ 1  ᠶᠢ ᠪᠠᠶᠢᠭᠤᠯᠵᠤ᠂ ᠵᠢᠯ ᠳᠤ 5 ᠲᠦᠮᠡᠨ ᠲᠣᠨ ᠠᠴᠠ ᠳᠡᠭᠡᠭᠰᠢ ᠪᠣᠷᠳᠤᠭ᠎ᠠ ᠦᠶᠯᠡᠳᠪᠦᠷᠢᠯᠡᠨ᠎ᠡ︔ ᠡᠪᠡᠰᠦ ᠪᠡᠯᠴᠢᠭᠡᠷ ᠮᠠᠯ ᠠᠵᠤ ᠠᠬᠤᠢ ᠶᠢᠨ ᠲᠤᠷᠰᠢᠯᠲᠠ ᠶᠢᠨ ᠴᠢᠭ᠋ ᠤᠨ ᠲᠥᠷᠥᠯ ᠵᠦᠢᠯ ᠢ ᠢᠳᠡᠪᠬᠢᠯᠡᠨ ᠣᠯᠵᠤ᠂ ᠨᠣᠭᠤᠭᠠᠨ ᠳᠠᠷᠤᠰᠢ  ᠶᠢᠨ ᠵᠣᠭᠤᠷᠢ ︵90 ᠲᠦᠮᠡᠨ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠪᠠᠶᠢᠭᠤᠯᠬᠤ︶ ᠪᠠ ᠡᠰᠢ ᠰᠦᠷᠡᠯ ᠬᠠᠳᠠᠭᠠᠯᠠᠬᠤ ᠬᠥᠮᠥᠷᠭᠡ ︵72 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠪᠠᠶᠢᠭᠤᠯᠬᠤ︶ ᠵᠡᠷᠭᠡ ᠰᠠᠭᠤᠷᠢ ᠲᠦᠭᠦᠭᠡᠷᠦᠮᠵᠢ ᠶᠢᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠵᠤ᠂ ᠨᠣᠭᠤᠭᠠᠨ ᠳᠠᠷᠤᠰᠢ ᠶᠢᠨ ᠰᠢᠨ᠎ᠡ ᠮᠡᠷᠭᠡᠵᠢᠯ ᠳᠡᠯᠭᠡᠷᠡᠭᠦᠯᠬᠦ ᠠᠵᠢᠯ ᠢ ᠰᠠᠶᠢᠲᠤᠷ ᠬᠢᠵᠦ᠂ ᠡᠰᠢ ᠰᠦᠷᠡᠯ ᠬᠠᠲᠤᠵᠦ ᠪᠣᠭᠤᠳᠠᠯᠯᠠᠬᠤ ᠮᠠᠰᠢᠨ᠂ ᠪᠣᠭᠤᠳᠠᠯᠯᠠᠬᠤ ᠮᠠᠰᠢᠨ ᠪᠣᠯᠤᠨ ᠨᠣᠭᠤᠭᠠᠨ ᠳᠠᠷᠤᠰᠢ ᠬᠠᠳᠤᠵᠤ ᠬᠤᠷᠢᠶᠠᠬᠤ ᠮᠠᠰᠢᠨ ᠬᠤᠳᠠᠯᠳᠤᠨ ᠠᠪᠴᠤ᠂ ᠬᠤᠷᠰᠢᠶ᠎ᠠ᠂ ᠭᠡᠷ ᠪᠦᠯᠢ ᠶᠢᠨ ᠮᠠᠯᠵᠢᠯ ᠤᠨ ᠲᠠᠯᠠᠪᠠᠢ ᠪᠠᠷ ᠭᠤᠣᠯ ᠴᠣᠭᠴᠠ ᠪᠣᠯᠭᠠᠭᠰᠠᠨ᠂ ᠬᠠᠳᠤᠵᠤ ᠬᠤᠷᠢᠶᠠᠬᠤ᠂ ᠪᠣᠭᠤᠵᠢᠯᠠᠬᠤ᠂ ᠬᠡᠮᠬᠡᠯᠦᠨ ᠪᠣᠯᠪᠠᠰᠤᠷᠠᠭᠤᠯᠬᠤ᠂ ᠪᠤᠷᠤᠯᠠᠭᠤᠯᠬᠤ ᠶᠢ ᠨᠢᠭᠡ ᠴᠤᠭᠴᠠᠵᠢᠭᠤᠯᠤᠭᠰᠠᠨ ᠲᠡᠵᠢᠭᠡᠯ ᠡᠪᠡᠰᠦ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠤᠭᠲᠠᠯᠴᠠᠭ᠎ᠠ ᠶᠢ ᠪᠠᠶᠢᠭᠤᠯᠤᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号