ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠲᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠪᠢᠴᠢᠭ ᠤᠨ ᠬᠡᠯᠪᠡᠷᠢ︶
ᠨᠡᠶᠢᠲᠡᠯᠡᠭᠰᠡᠨ ᠴᠠᠭ᠄
2022/1/18
     ︵ᠠᠷᠪᠠ︶ ᠮᠠᠯ ᠠᠵᠤ ᠠᠬᠤᠶ ᠶᠢᠨ ᠲᠥᠷᠥᠯ ᠵᠦᠢᠯ ᠤᠨ ᠪᠡᠯᠡ ᠮᠥᠩᠭᠦ ᠶᠢ ᠴᠠᠭ ᠲᠤᠬᠠᠢ ᠳᠤ ᠨᠢ ᠪᠤᠲᠠᠲᠠᠶᠢᠵᠢᠭᠤᠯᠬᠤ ᠦᠬᠡᠢ ᠪᠠᠶᠢᠬᠤ ᠲᠤᠬᠠᠶ ᠰᠠᠨᠠᠭᠤᠯᠭ᠎ᠠ᠃ ᠳᠠᠯᠠᠶᠢᠨᠠᠭᠤᠷ ᠪᠠᠯᠭᠠᠰᠤᠨ ᠤ ᠪᠤᠤ ᠢᠦᠢ ᠬᠤᠸᠠ ᠵᠡᠷᠭᠡ 7 ᠲᠥᠯᠥᠭᠡᠯᠡᠭᠴᠢ ᠬᠤᠰᠢᠭᠤᠨ ᠤ ᠡᠳ᠋ ᠤᠨ ᠵᠠᠰᠠᠭ ᠪᠠ ᠲᠥᠷᠥᠯ ᠵᠦᠶᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠢ ᠲᠤᠰᠬᠠᠶ ᠪᠠᠯᠠ ᠮᠥᠩᠭᠦ ᠭᠤᠶᠤᠴᠢᠯᠠᠬᠤ ᠪᠠ ᠰᠠᠯᠭᠠᠨ ᠥᠭᠬᠦ ᠠᠴᠠ ᠡᠮᠦᠨᠡᠬᠢ ᠨᠥᠬᠦᠴᠡᠯ ᠪᠠ ᠰᠠᠯᠭᠠᠨ ᠥᠭᠬᠦ ᠭᠤᠭᠴᠤᠭ᠎ᠠ ᠶᠢ ᠳᠥᠭᠦᠮᠴᠢᠯᠡᠵᠦ᠂ ᠴᠠᠭ ᠲᠤᠬᠠᠶ ᠳᠤᠨᠢ ᠪᠠᠯᠠ ᠮᠥᠩᠭᠦ ᠰᠠᠯᠭᠠᠨ ᠥᠭᠬᠦ ᠶᠢ ᠰᠠᠨᠠᠭᠤᠯᠪᠠ᠃      ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠡᠳ᠋ ᠤᠨ ᠵᠠᠰᠠᠭ  ᠤᠨ ᠲᠣᠪᠴᠢᠶ᠎ᠠ ᠬᠠᠮᠢᠶ᠎ᠠ ᠪᠥᠬᠦᠶ ᠬᠥᠮᠦᠰ ᠢ ᠵᠣᠬᠢᠶᠠᠨ ᠪᠠᠶᠢᠭᠤᠯᠵᠤ᠂ ︽ᠰᠠᠨᠠᠭᠤᠯᠭ᠎ᠠ︾ ᠳᠤ ᠳᠤᠷᠠᠳᠤᠭᠰᠠᠨ ᠬᠠᠮᠢᠶ᠎ᠠ ᠪᠥᠬᠦᠶ ᠠᠰᠠᠭᠤᠳᠠᠯ ᠢ ᠦᠨᠳᠦᠰᠦᠯᠡᠨ ᠵᠠᠳᠠᠯᠤᠨ ᠰᠤᠳᠤᠯᠵᠤ᠂ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠭᠦᠶᠴᠡᠳᠬᠡᠭᠰᠡᠨ ᠰᠠᠭᠤᠷᠢᠨ ᠳᠡᠭᠡᠷ᠎ᠡ᠂ ᠳᠣᠤᠷᠠᠬᠢ ᠠᠷᠭ᠎ᠠ ᠬᠡᠮᠵᠢᠶ᠎ᠡ ᠶᠢ ᠠᠪᠴᠤ ᠪᠠᠯᠠ ᠮᠥᠩᠭᠦ ᠰᠠᠯᠭᠠᠨ ᠥᠭᠬᠦ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠨ᠎ᠡ᠄ ᠨᠢᠭᠡ ᠳᠤ ᠮᠠᠯ ᠠᠵᠤ ᠠᠬᠤᠶ ᠲᠠᠷᠢᠶᠠᠯᠠᠩ ᠤᠨ ᠲᠣᠪᠴᠢᠶ᠎ᠠ ᠪᠣᠯᠤᠨ ᠰᠤᠮᠤ ᠰᠢᠶᠠᠩ ᠪᠠᠯᠭᠠᠰᠤ ᠶᠢ ᠱᠠᠭᠠᠷᠳᠠᠵᠦ ᠮᠠᠯ ᠠᠵᠤ ᠠᠬᠤᠶ ᠶᠢᠨ ᠲᠥᠷᠥᠯ ᠵᠦᠶᠯ ᠤᠨ ᠪᠠᠯᠠ ᠮᠥᠩᠭᠦ ᠨᠢ ᠡᠷᠦᠬᠡ ᠳᠤ ᠨᠥᠬᠦᠪᠥᠷᠢ ᠥᠭᠬᠦ ᠳᠤ ᠬᠤᠯᠪᠣᠭᠳᠠᠭᠰᠠᠨ ᠪᠠᠶᠢᠪᠠᠯ᠂ ᠰᠢᠯᠭᠠᠨ ᠠᠪᠤᠭᠰᠠᠨ ᠤ ᠳᠠᠷᠠᠭ᠎ᠠ ᠴᠠᠭ ᠲᠤᠬᠠᠶ ᠳᠤ  ᠨᠢ ᠨᠠᠷᠢᠨ ᠲᠠᠩᠰᠠᠨ ᠳᠤ ᠣᠷᠣᠭᠤᠯᠤᠨ ᠢᠯᠡ ᠨᠡᠶᠢᠲᠡᠯᠡᠬᠦ ᠪᠠ ᠳᠡᠭᠡᠭᠰᠢ ᠮᠡᠳᠡᠭᠦᠯᠵᠦ᠂ ᠠᠵᠤ ᠠᠬᠤᠶᠢᠯᠠᠯ ᠳᠤ ᠨᠥᠬᠦᠪᠥᠷᠢ ᠥᠭᠬᠦ ᠳᠤ ᠬᠤᠯᠪᠣᠭᠳᠠᠭᠰᠠᠨ ᠪᠠᠶᠢᠪᠠᠯ᠂ ᠰᠢᠯᠭᠠᠨ ᠠᠪᠤᠭᠰᠠᠨ ᠤ ᠳᠠᠷᠠᠭ᠎ᠠ ᠲᠥᠷᠥᠯ ᠵᠦᠶᠯ ᠤᠨ ᠪᠠᠯᠠ ᠮᠥᠩᠭᠦ ᠭᠤᠶᠤᠴᠢᠯᠠᠬᠤ ᠬᠠᠭᠤᠳᠠᠰᠤ ᠶᠢ ᠴᠠᠭ ᠲᠤᠬᠠᠶ ᠳᠤ ᠨᠢ ᠲᠤᠰᠢᠶᠠᠨ᠎ᠠ︔ ᠬᠤᠶᠠᠷ ᠲᠤ᠂ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠲᠠᠰᠤᠭ ᠪᠠ ᠤᠯᠤᠰ ᠤᠨ ᠬᠥᠮᠥᠷᠭᠡ ᠶᠢᠨ ᠲᠣᠭᠠᠴᠠᠭ᠎ᠠ ᠬᠢᠬᠦ ᠲᠥᠪ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠬᠠᠮᠢᠶ᠎ᠠ ᠪᠥᠬᠦᠶ ᠪᠠᠯᠠ ᠮᠥᠩᠭᠦ ᠶᠢ ᠲᠤᠭ᠎ᠠ ᠶᠣᠰᠣᠭᠠᠷ ᠭᠦᠶᠴᠡᠳ ᠰᠢᠯᠵᠢᠭᠦᠯᠦᠨ ᠥᠭᠬᠦ ᠴᠠᠭ ᠤᠨ ᠬᠢᠵᠠᠭᠠᠷ ᠢ ᠪᠣᠭᠤᠨᠢᠰᠬᠠᠨ᠎ᠠ︔ ᠭᠤᠷᠪᠠ ᠳᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢᠨ ᠬᠤᠯᠪᠣᠭᠠᠨ ᠤ ᠲᠣᠭᠲᠠᠴᠠ ᠶᠢ ᠪᠠᠶᠢᠭᠤᠯᠵᠤ᠂ ᠪᠦᠷᠢᠨ ᠴᠢᠳᠠᠮᠵᠢᠲᠦ ᠺᠠᠷᠲ ᠤᠨ ᠰᠢᠰᠲ᠋ᠧᠮ᠂ ᠪᠠᠯᠠ ᠮᠥᠩᠭᠦ ᠶᠢᠨ ᠬᠠᠮᠢᠶᠠᠷᠤᠯᠲᠠ ᠶᠢᠨ ᠰᠢᠰᠲ᠋ᠧᠮ ᠵᠡᠷᠭᠡ ᠪᠠᠷ ᠳᠡᠮᠵᠢᠨ ᠲᠥᠷᠥᠯ ᠵᠦᠶᠯ ᠤᠨ ᠪᠠᠯᠠ ᠮᠥᠩᠭᠦ ᠭᠤᠶᠤᠴᠢᠯᠠᠬᠤ ᠡᠯ᠎ᠡ ᠭᠤᠭᠴᠤᠭ᠎ᠠ ᠶᠢ ᠴᠢᠩᠭ᠎ᠠ ᠠᠩᠬᠠᠷᠴᠤ᠂ ᠲᠤᠭ᠎ᠠ ᠪᠠᠷᠢᠮᠲᠠ ᠶᠢ ᠡᠯ᠎ᠡ ᠰᠠᠯᠠᠭ᠎ᠠ ᠮᠥᠴᠢᠷ ᠤᠨ ᠬᠤᠭᠤᠷᠣᠨᠳᠣ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ᠂ ᠰᠢᠯᠵᠢᠭᠦᠯᠦᠨ ᠥᠭᠬᠦ ᠶᠠᠪᠤᠴᠠ ᠳᠤ ᠲᠤᠭ᠎ᠠ ᠪᠠᠷᠢᠮᠲᠠ ᠶᠢ ᠮᠡᠳᠡᠭᠦᠯᠦᠨ ᠬᠦᠷᠭᠡᠬᠦ ᠶᠢ ᠤᠳᠠᠭᠠᠰᠢᠷᠠᠭᠤᠯᠬᠤ᠂ ᠬᠢᠨᠠᠨ ᠬᠠᠷᠭᠤᠭᠤᠯᠬᠤ ᠭᠤᠭᠴᠤᠭᠠᠨ ᠳᠤ ᠰᠠᠭᠠᠲᠠᠭᠠᠬᠤ ᠠᠴᠠ ᠵᠠᠶᠢᠯᠠᠰᠬᠢᠨ᠎ᠡ᠃
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号