ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠲᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠪᠢᠴᠢᠭ ᠤᠨ ᠬᠡᠯᠪᠡᠷᠢ︶
ᠨᠡᠶᠢᠲᠡᠯᠡᠭᠰᠡᠨ ᠴᠠᠭ᠄
2022/1/18
     ︵ᠠᠷᠪᠠᠨ ᠬᠤᠶᠠᠷ︶ ᠰᠦᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤᠮᠳᠠᠬᠢ ᠰᠦᠨ ᠤ ᠢᠷᠡᠯᠲᠡ  ᠶᠢᠨ ᠠᠰᠠᠭᠤᠳᠠᠯ ᠢ ᠰᠢᠶᠳᠪᠦᠷᠢᠯᠡᠬᠦ ᠲᠤᠬᠠᠶ ᠰᠠᠨᠠᠭᠤᠯᠭ᠎ᠠ᠃ ᠳᠠᠯᠠᠶᠢᠨᠠᠭᠤᠷ ᠪᠠᠯᠭᠠᠰᠤᠨ ᠤ ᠪᠤᠤ ᠢᠦᠢ ᠬᠤᠸᠠ ᠵᠡᠷᠭᠡ 6 ᠲᠦᠯᠦᠭᠡᠯᠡᠭᠴᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ ᠰᠠᠭᠠᠯᠢ ᠶᠢᠨ ᠦᠨᠢᠶ᠎ᠡ ᠬᠤᠳᠠᠯᠳᠤᠨ ᠠᠪᠬᠤ  ᠳᠤ ᠨᠥᠬᠦᠪᠥᠷᠢ ᠥᠭᠬᠦ᠂ ᠮᠠᠯᠵᠢᠬᠤ ᠡᠷᠦᠬᠡ ᠶᠢᠨ ᠰᠦᠨ ᠤ ᠦᠢᠯᠡᠰ ᠤᠨ ᠠᠵᠤ ᠦᠢᠯᠡᠰ ᠲᠤ ᠣᠷᠣᠯᠴᠠᠬᠤ ᠶᠢ ᠵᠣᠷᠢᠭᠵᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠰᠦᠨ ᠤ ᠦᠢᠯᠡᠰ ᠤᠨ ᠬᠥᠭᠵᠢᠯᠲᠡ ᠳᠤᠮᠳᠠᠬᠢ ᠰᠦᠨ  ᠤ ᠢᠷᠡᠯᠲᠡ ᠶᠢᠨ ᠠᠰᠠᠭᠤᠳᠠᠯ ᠢ ᠰᠢᠶᠳᠪᠦᠷᠢᠯᠡᠬᠦ ᠶᠢ ᠰᠠᠨᠠᠭᠤᠯᠪᠠ᠃      ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ︽ᠥᠪᠡᠷᠲᠡᠭᠡᠨ ᠵᠠᠰᠠᠬᠤ ᠣᠷᠣᠨ ᠤ ᠰᠦᠨ ᠤ ᠦᠶᠯᠡᠰ ᠢ ᠬᠥᠭᠵᠢᠭᠦᠯᠦᠨ ᠮᠠᠨᠳᠤᠭᠤᠯᠬᠤ ᠬᠡᠰᠡᠭ ᠲᠥᠷᠥᠯ ᠵᠦᠶᠯ ᠪᠠ ᠠᠳᠤᠭᠤᠨ ᠤ ᠦᠶᠯᠡᠰ ᠤᠨ ᠬᠥᠭᠵᠢᠯᠲᠡ ᠶᠢᠨ ᠬᠡᠰᠡᠭ ᠲᠥᠷᠥᠯ ᠵᠦᠶᠯ ᠢ ᠬᠡᠷᠡᠭᠵᠢᠭᠦᠯᠬᠦ ᠲᠦᠰᠦᠪ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠮᠠᠯ ᠲᠠᠷᠢᠶᠠᠯᠠᠩ ᠲᠠᠷᠬᠠᠭᠠᠭᠰᠠᠨ ﹇2020﹈ 389 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ 2020 ᠣᠨ ᠳᠤ ᠬᠤᠰᠢᠭᠤᠨ ᠤ ᠮᠠᠯ ᠠᠵᠤ ᠠᠬᠤᠶ ᠲᠠᠷᠢᠶᠠᠯᠠᠩ ᠤᠨ ᠲᠣᠪᠴᠢᠶ᠎ᠠ ᠠᠴᠠ ᠰᠦᠨ ᠤ ᠦᠶᠯᠡᠰ ᠢ ᠬᠥᠭᠵᠢᠭᠦᠯᠦᠨ ᠮᠠᠨᠳᠤᠭᠤᠯᠬᠤ ᠪᠠ ᠴᠡᠭᠡ ᠪᠣᠯᠪᠠᠰᠤᠷᠠᠭᠤᠯᠬᠤ ᠤᠨᠴᠠᠯᠢᠭᠳᠤ ᠲᠤᠷᠰᠢᠯᠲᠠ ᠶᠢᠨ ᠲᠥᠷᠥᠯ ᠵᠦᠶᠯ ᠢ ᠪᠥᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠵᠦ᠂ ᠲᠥᠷᠥᠯ ᠵᠦᠶᠯ ᠤᠨ ᠨᠢᠭᠡᠴᠡ ᠠᠴᠠ ᠭᠤᠶᠤᠴᠢᠯᠠᠬᠤ ᠪᠠᠷ ᠳᠡᠮᠵᠢᠨ᠂ ᠬᠤᠰᠢᠭᠤᠨ ᠤ ᠮᠠᠯ ᠠᠵᠤ ᠠᠬᠤᠶ ᠲᠠᠷᠢᠶᠠᠯᠠᠩ ᠤᠨ ᠲᠣᠪᠴᠢᠶ᠎ᠠ ᠠᠴᠠ ᠳᠡᠭᠡᠭᠰᠢ ᠮᠡᠳᠡᠭᠦᠯᠦᠭᠰᠡᠨ 9 ᠲᠥᠷᠥᠯ ᠵᠦᠶᠯ ᠤᠨ ᠬᠡᠷᠡᠭᠵᠢᠭᠦᠯᠬᠦ ᠲᠦᠰᠦᠪ ᠢ ᠴᠥᠮ ᠬᠤᠲᠠ ᠶᠢᠨ ᠮᠠᠯ ᠠᠵᠤ ᠠᠬᠤᠶ ᠲᠠᠷᠢᠶᠠᠯᠠᠩ ᠤᠨ ᠲᠣᠪᠴᠢᠶ᠎ᠠ ᠶᠢᠨ ᠲᠤᠰᠬᠠᠶ ᠮᠡᠷᠭᠡᠵᠢᠯᠲᠡᠨ ᠢᠶᠠᠷ ᠬᠢᠨᠠᠨ ᠰᠢᠯᠭᠠᠷᠠᠭᠤᠯᠤᠭᠰᠠᠨ ᠪᠥᠭᠡᠳ ᠴᠣᠬᠤᠯᠠᠪᠤᠷᠢᠯᠠᠭᠤᠯᠵᠤ᠂ ᠨᠡᠶᠢᠲᠡ 266.5 ᠲᠦᠮᠡᠨ ᠲᠥᠭᠦᠷᠢᠭ ᠤᠨ ᠳᠡᠭᠡᠳᠦ ᠱᠠᠲᠤᠨ ᠤ ᠲᠤᠰᠬᠠᠶ ᠵᠦᠶᠯ ᠤᠨ ᠪᠠᠯᠠ ᠮᠥᠩᠭᠦ ᠣᠯᠵᠠᠶ᠃ ᠣᠳᠣᠬᠠᠨ ᠳᠤ᠂ 2021ᠣᠨ ᠤ ᠦᠨᠳᠦᠰᠦᠲᠡᠨ ᠤ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠪᠠᠷᠢᠮᠵᠢᠶᠠᠵᠢᠭᠤᠯᠤᠭᠰᠠᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠥᠷᠥᠯ ᠵᠦᠶᠯ ᠪᠠ ᠳᠤᠮᠳᠠ ᠪᠠᠭ᠎ᠠ ᠬᠡᠯᠪᠡᠷᠢ ᠶᠢᠨ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠶ ᠶᠢ ᠥᠭᠡᠷᠡᠴᠢᠯᠡᠨ ᠰᠠᠶᠢᠵᠢᠷᠠᠭᠤᠯᠬᠤ ᠲᠥᠷᠥᠯ ᠵᠦᠶᠯ ᠢ ᠤᠯᠬᠤ ᠪᠠᠷ ᠢᠳᠡᠪᠬᠢᠲᠡᠶ ᠴᠢᠷᠮᠠᠶᠢᠵᠤ ᠪᠠᠶᠢᠨ᠎ᠠ᠃ ᠡᠭᠦᠨ ᠤ ᠬᠠᠮᠲᠤ᠂ ︽ᠤᠯᠠᠭᠠᠨᠬᠠᠳᠠ ᠬᠤᠲᠠ  ᠶᠢᠨ 2020 ᠣᠨ ᠤ ᠲᠥᠪ ᠵᠢᠴᠢ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠶ ᠶᠢᠨ ᠦᠶᠯᠡᠳᠪᠦᠷᠢᠯᠡᠯ ᠤᠨ ᠬᠥᠭᠵᠢᠯᠲᠡ ᠶᠢᠨ ᠲᠥᠷᠥᠯ ᠵᠦᠶᠯ ᠢ ᠬᠡᠷᠡᠭᠵᠢᠭᠦᠯᠬᠦ ᠲᠦᠰᠦᠪ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠤᠯᠠᠭᠠᠨᠬᠠᠳᠠ ᠮᠠᠯ ᠲᠠᠷᠢᠶᠠᠯᠠᠩ ᠲᠠᠷᠬᠠᠭᠠᠭᠰᠠᠨ ﹇2020﹈ 16 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠮᠠᠯ ᠠᠵᠤ ᠠᠬᠤᠶ ᠲᠠᠷᠢᠶᠠᠯᠠᠩ ᠤᠨ ᠲᠣᠪᠴᠢᠶ᠎ᠠ ᠠᠴᠠ ᠰᠠᠶᠢᠨ ᠳᠤᠷ᠎ᠠ ᠠᠴᠠ ᠪᠠᠨ ᠮᠡᠳᠡᠭᠦᠯᠦᠭᠰᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠮᠠᠯᠴᠢᠨ ᠲᠠᠷᠢᠶᠠᠴᠢᠨ ᠤ ᠬᠤᠷᠰᠢᠶ᠎ᠠ ᠶᠢᠨ ᠬᠤᠰᠲ᠋ᠡᠶᠢᠨ ᠰᠠᠶᠢᠨ ᠡᠭᠦᠯᠳᠡᠷ ᠤᠨ ᠦᠨᠢᠶ᠎ᠡ ᠶᠢ ᠭᠠᠳᠠᠭᠠᠳᠤ  ᠠᠴᠠ ᠣᠷᠣᠭᠤᠯᠬᠤ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ︽ᠤᠷᠢᠳᠠᠪᠠᠷ ᠠᠪᠴᠦ ᠳᠠᠷᠠᠭ᠎ᠠ ᠨᠢ ᠨᠥᠬᠦᠪᠥᠷᠢᠯᠡᠬᠦ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠳᠠᠭᠠᠳᠤ ᠠᠴᠠ ᠣᠷᠣᠭᠤᠯᠤᠭᠰᠠᠨ ᠰᠠᠶᠢᠨ ᠡᠭᠦᠯᠳᠡᠷ ᠤᠨ ᠦᠨᠢᠶ᠎ᠡ ᠨᠢᠭᠡᠪᠦᠷᠢ ᠳᠤ 3000 ᠲᠥᠭᠦᠷᠢᠭ ᠨᠥᠬᠦᠪᠥᠷᠢᠯᠡᠨ᠎ᠡ᠃
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号