ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠲᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠪᠢᠴᠢᠭ ᠤᠨ ᠬᠡᠯᠪᠡᠷᠢ︶
ᠨᠡᠶᠢᠲᠡᠯᠡᠭᠰᠡᠨ ᠴᠠᠭ᠄
2022/1/18
     ︵ᠠᠷᠪᠠᠨ ᠭᠤᠷᠪᠠ︶ ᠮᠠᠯᠵᠢᠬᠤ ᠲᠠᠷᠢᠶᠠᠯᠠᠬᠤ ᠣᠷᠣᠨ ᠤ ᠦᠶᠯᠡᠳᠪᠦᠷᠢᠯᠡᠯ ᠠᠮᠢᠳᠤᠷᠠᠯ ᠤᠨ ᠬᠤᠭ ᠨᠣᠪᠰᠢ  ᠶᠢ ᠵᠠᠰᠠᠬᠤ ᠲᠤᠬᠠᠶ ᠰᠠᠨᠠᠭᠤᠯᠭ᠎ᠠ᠃ ᠳᠠᠯᠠᠶᠢᠨᠠᠭᠤᠷ ᠪᠠᠯᠭᠠᠰᠤᠨ ᠤ ᠬᠥᠭᠵᠢᠯᠲᠦ ᠵᠡᠷᠭᠡ 6 ᠲᠦᠯᠦᠭᠡᠯᠡᠭᠴᠢ᠂ ᠸᠠᠨ ᠾᠧ ᠶᠦᠩ ᠪᠠᠯᠭᠠᠰᠤᠨ ᠤ ᠲᠦᠯᠦᠭᠡᠯᠡᠭᠴᠢ ᠮᠧᠩ ᠴᠢᠩ ᠪᠢᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠮᠠᠯᠵᠢᠬᠤ ᠲᠠᠷᠢᠶᠠᠯᠠᠬᠤ ᠣᠷᠣᠨ ᠤ ᠦᠶᠯᠡᠳᠪᠦᠷᠢᠯᠡᠯ ᠠᠮᠢᠳᠤᠷᠠᠯ ᠤᠨ ᠬᠤᠭ ᠨᠣᠪᠰᠢ ᠶᠢ ᠠᠷᠢᠯᠭᠠᠬᠤ ᠠᠰᠠᠭᠤᠳᠠᠯ ᠢ ᠰᠢᠶᠳᠪᠦᠷᠢᠯᠡᠬᠦ ᠶᠢ ᠰᠠᠨᠠᠭᠤᠯᠪᠠ᠃ ︵19 ᠳ᠋ᠦ᠋ᠭᠡᠷ᠂ 24 ᠳ᠋ᠦ᠋ᠭᠡᠷ ᠲᠤᠭᠠᠲᠦ ᠲᠥᠯᠥᠭᠡᠯᠡᠭᠴᠢᠳ ᠤᠨ ᠰᠠᠨᠠᠭᠤᠯᠭ᠎ᠠ ᠶᠢ ᠨᠡᠶᠢᠯᠡᠭᠦᠯᠦᠨ ᠬᠠᠷᠢᠭᠤᠯᠪᠠ︶      ᠲᠥᠯᠥᠭᠡᠯᠡᠭᠴᠢᠳ ᠤᠨ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂ ᠬᠤᠰᠢᠭᠤᠨ ᠤ ᠣᠷᠣᠨ ᠰᠠᠭᠤᠴᠠ ᠬᠢᠭᠡᠳ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠮᠠᠯ ᠠᠵᠤ ᠠᠬᠤᠶ ᠲᠠᠷᠢᠶᠠᠯᠠᠩ ᠤᠨ ᠲᠣᠪᠴᠢᠶ᠎ᠠ ᠪᠣᠯᠤᠨ ᠡᠯ᠎ᠡ ᠰᠤᠮᠤ ᠰᠢᠶᠠᠩ ᠪᠠᠯᠭᠠᠰᠦ ᠣᠯᠠᠨ ᠠᠷᠭ᠎ᠠ ᠬᠡᠮᠵᠢᠶ᠎ᠡ ᠠᠪᠴᠤ᠂ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠴᠡᠪᠡᠷᠯᠡᠨ ᠴᠡᠭᠴᠡᠯᠡᠬᠦ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠪᠡ᠃ ᠨᠢᠭᠡ ᠳᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠶᠳᠪᠦᠷᠢᠯᠡᠬᠦ ᠠᠵᠢᠯ ᠢ ᠢᠳᠡᠪᠬᠢᠲᠡᠶ ᠦᠷᠨᠢᠭᠦᠯᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠦᠰᠦᠪ︾ ᠤᠨ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠣᠷᠣᠨ ᠰᠠᠭᠤᠴᠠ ᠬᠢᠭᠡᠳ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠨᠢ ᠵᠠᠰᠠᠭ ᠤᠨ ᠣᠷᠳᠣᠨ ᠦᠶᠯᠡᠴᠢᠯᠡᠭᠡ ᠬᠤᠳᠠᠯᠳᠤᠨ ᠠᠪᠬᠤ ᠪᠠᠷ ᠳᠡᠮᠵᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ  ᠤᠨ ᠲᠤᠰᠬᠠᠶ ᠺᠣᠮᠫᠠᠨᠢ ᠶᠢ ᠣᠷᠣᠭᠤᠯᠤᠨ ᠠᠪᠴᠢᠷᠠᠵᠤ᠂ ᠬᠡᠷᠡᠭᠵᠢᠭᠦᠯᠬᠦ ᠬᠡᠪᠴᠢᠶᠡᠨ ᠳᠣᠲᠣᠷᠠᠬᠢ ᠪᠣᠶ ᠪᠥᠬᠦᠶ ᠠᠶᠢᠯ ᠲᠣᠰᠬᠤᠨ ᠤ ᠳᠣᠲᠣᠷᠠᠬᠢ ᠵᠠᠮ᠂ ᠭᠤᠤᠯ ᠤᠨ ᠵᠠᠮ᠂ ᠭᠤᠤ ᠰᠤᠪᠠᠭ᠂ ᠣᠯᠠᠨ ᠨᠡᠶᠢᠲᠡ ᠶᠢᠨ ᠠᠵᠢᠯᠯᠠᠭᠠᠨ ᠤ ᠲᠠᠯᠠᠪᠤᠷ᠂ ᠬᠤᠭᠤᠰᠣᠨ ᠭᠠᠵᠠᠷ᠂ ᠬᠤᠭ ᠨᠣᠪᠰᠢ ᠴᠤᠭᠯᠠᠭᠤᠯᠬᠤ ᠭᠠᠵᠠᠷ ᠢ ᠴᠡᠪᠡᠷᠯᠡᠵᠦ᠂ ᠠᠮᠢᠳᠤᠷᠠᠯ ᠤᠨ ᠬᠤᠭ ᠨᠣᠪᠰᠢ ᠶᠢ ᠠᠷᠢᠯᠭᠠᠨ ᠴᠡᠪᠡᠷᠯᠡᠬᠦ᠂ ᠴᠡᠪᠡᠷᠯᠡᠨ ᠲᠡᠭᠡᠭᠡᠪᠦᠷᠢᠯᠡᠬᠦ᠂ ᠲᠥᠷᠥᠯ ᠬᠤᠪᠢᠶᠠᠬᠤ ᠠᠵᠢᠯ ᠢ ᠰᠠᠶᠢᠲᠤᠷ ᠬᠢᠬᠦ ᠵᠢᠴᠢ ᠡᠯ᠎ᠡ ᠰᠤᠮᠤ ᠰᠢᠶᠠᠩ ᠪᠠᠯᠭᠠᠰᠤᠨ ᠤ ᠪᠠᠶᠢᠩᠭᠤ ᠶᠢᠨ ᠪᠤᠰᠤ ᠬᠤᠭ ᠨᠣᠪᠰᠢ ᠣᠪᠣᠭᠠᠯᠠᠬᠤ ᠴᠡᠭ ᠢ ᠴᠡᠭᠴᠡᠯᠡᠨ ᠰᠠᠶᠢᠵᠢᠷᠠᠭᠤᠯᠵᠤ ᠲᠡᠭᠦᠯᠳᠡᠷᠵᠢᠭᠦᠯᠬᠦ ᠠᠵᠢᠯ ᠢ ᠰᠠᠶᠢᠲᠤᠷ ᠬᠢᠵᠦ᠂ ᠬᠤᠭ ᠨᠣᠪᠰᠢ ᠶᠢ ᠢᠯᠡ ᠳᠠᠯᠪᠢᠬᠤ ᠦᠬᠡᠢ᠂ ᠠᠷᠢᠭᠤᠨ ᠴᠡᠪᠡᠷ ᠪᠠᠶᠢᠯᠭᠠᠬᠤ᠂ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ ᠥᠬᠡᠶ ᠪᠠᠶᠢᠬᠤ ᠶᠢ ᠦᠨᠡᠨ ᠬᠦ ᠪᠠᠲᠤᠯᠠᠪᠠ ᠃ ᠣᠳᠣᠬᠠᠨ ᠳᠤ᠂ ᠭᠤᠣᠯᠳᠠᠯᠭ᠎ᠠ ᠲᠠᠢ ᠵᠠᠮ ᠬᠠᠷᠢᠯᠴᠠᠭᠠᠨ ᠤ ᠭᠤᠣᠯ ᠱᠤᠭᠤᠮ ᠤᠨ ᠡᠷᠭᠢᠨ ᠲᠣᠭᠤᠷᠢᠨ ᠤ ᠠᠶᠢᠯ ᠲᠣᠰᠬᠤᠨ ᠵᠢᠴᠢ ᠭᠤᠣᠯᠳᠠᠯᠭ᠎ᠠ ᠲᠠᠢ ᠵᠢᠭᠤᠯᠴᠢᠯᠠᠯ ᠤᠨ ᠣᠷᠣᠨ ᠤ ᠡᠷᠭᠢᠨ ᠲᠣᠭᠤᠷᠢᠨ ᠤ ᠠᠶᠢᠯ ᠲᠣᠰᠬᠤᠨ ᠳᠤ ᠳᠤᠮᠳᠠᠴᠢ ᠪᠠᠷ 2 ᠡᠳᠦᠷ ᠪᠦᠷᠢ ᠨᠢᠭᠡ ᠤᠳᠠᠭ᠎ᠠ ᠴᠡᠪᠡᠷᠯᠡᠨ ᠲᠡᠭᠡᠭᠡᠪᠦᠷᠢᠯᠡᠬᠦ ᠶᠢ ᠪᠡᠶᠡᠯᠡᠭᠦᠯᠵᠦ ᠪᠠᠶᠢᠨ᠎ᠠ᠂ ᠬᠥᠮᠦᠨ ᠠᠮᠠ ᠨᠡᠯᠢᠶᠡᠳ ᠴᠥᠭᠡᠨ ᠮᠥᠷᠲᠡᠭᠡᠨ ᠵᠠᠮ ᠬᠠᠷᠢᠯᠴᠠᠭᠠᠨ ᠤ ᠭᠤᠣᠯ ᠱᠤᠭᠤᠮ ᠠᠴᠠ ᠨᠡᠯᠢᠶᠡᠳ ᠬᠤᠯᠠ ᠭᠠᠵᠠᠷ ᠣᠷᠣᠨ ᠳᠤ ᠳᠤᠮᠳᠠᠴᠢ ᠪᠠᠷ 5 ᠡᠳᠦᠷ ᠪᠦᠷᠢ ᠨᠢᠭᠡ ᠤᠳᠠᠭ᠎ᠠ ᠴᠡᠪᠡᠷᠯᠡᠨ ᠲᠡᠭᠡᠭᠡᠪᠦᠷᠢᠯᠡᠵᠦ᠂ ᠬᠥᠮᠦᠨ ᠠᠮᠠ᠂ ᠡᠷᠦᠬᠡ  ᠶᠢᠨ ᠲᠤᠭ᠎ᠠ ᠴᠥᠭᠡᠨ ᠮᠥᠷᠲᠡᠭᠡᠨ ᠨᠡᠯᠢᠶᠡᠳ ᠪᠤᠶᠢᠳᠠ ᠪᠥᠭᠯᠡᠭᠦᠦ ᠠᠶᠢᠯ ᠲᠣᠰᠬᠤᠨ ᠳᠤ ᠳᠤᠮᠳᠠᠴᠢ ᠪᠠᠷ 7 ᠡᠳᠦᠷ ᠪᠦᠷᠢ ᠨᠢᠭᠡ ᠤᠳᠠᠭ᠎ᠠ ᠴᠡᠪᠡᠷᠯᠡᠨ ᠳᠡᠭᠡᠭᠡᠪᠦᠷᠢᠯᠡᠵᠦ ᠪᠤᠢ᠃ ᠬᠤᠶᠠᠷ ᠲᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠭᠠᠷᠲᠠᠨ ᠠᠬᠢᠭᠤᠯᠪᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠴᠡᠪᠡᠷᠯᠡᠨ ᠴᠡᠭᠴᠡᠯᠡᠵᠦ ᠲᠡᠭᠡᠭᠡᠪᠦᠷᠢᠯᠡᠨ ᠬᠠᠮᠠᠭᠠᠯᠠᠬᠤ ᠦᠶᠯᠡᠴᠢᠯᠡᠭᠡᠨ ᠤ ᠲᠥᠷᠥᠯ ᠵᠦᠶᠯ ᠤᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠵᠠᠰᠠᠭ ᠤᠨ ᠣᠷᠳᠣᠨ ᠦᠶᠯᠡᠴᠢᠯᠡᠭᠡ ᠬᠤᠳᠠᠯᠳᠤᠨ ᠠᠪᠬᠤ ᠪᠠᠷ ᠳᠠᠮᠵᠢᠭᠤᠯᠤᠨ ᠪᠢᠷᠠᠭᠤ ᠪᠠᠯᠭᠠᠰᠤᠨ ᠤ ᠭᠤᠤᠯ ᠬᠤᠲᠠ ᠶᠢᠨ ᠲᠣᠭᠤᠷᠢᠭ᠂ ᠤᠯᠠᠭᠠᠠᠪᠤᠲᠤᠩ ᠰᠤᠮᠤ᠂ ᠭᠠᠯᠳᠠᠰᠦᠲᠠᠢ ᠷᠠᠰᠢᠶᠠᠨ ᠵᠡᠭᠡᠯᠢ ᠭᠤᠳᠤᠮᠵᠢ ᠠᠴᠠ ᠪᠤᠰᠤᠳ 12 ᠰᠤᠮᠤ ᠰᠢᠶᠠᠩ ᠪᠠᠯᠭᠠᠰᠤᠨ ᠳᠤ ᠬᠤᠭ ᠨᠣᠪᠰᠢ ᠶᠢ ᠴᠡᠪᠡᠷᠯᠡᠨ ᠴᠡᠭᠴᠡᠯᠡᠵᠦ ᠲᠡᠭᠡᠭᠡᠪᠦᠷᠢᠯᠡᠨ ᠬᠠᠮᠠᠭᠠᠯᠠᠬᠤ ᠦᠶᠯᠡᠴᠢᠯᠡᠭᠡ ᠬᠠᠩᠭᠠᠬᠤ ᠪᠠᠷ ᠲᠣᠭᠲᠠᠪᠠ︔ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠮᠠᠨ ᠤ ᠬᠤᠰᠢᠭᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠴᠡᠪᠡᠷᠯᠡᠨ ᠴᠡᠭᠴᠡᠯᠡᠬᠦ ᠲᠥᠷᠥᠯ ᠵᠦᠶᠯ ᠢ ᠬᠡᠷᠡᠭᠵᠢᠭᠦᠯᠬᠦ ᠪᠠᠷ ᠲᠥᠯᠥᠪᠯᠡᠵᠦ᠂ ᠬᠤᠭ ᠨᠣᠪᠰᠢ ᠶᠢ ᠳᠠᠮᠵᠢᠭᠤᠯᠬᠤ ᠥᠷᠲᠡᠭᠡ᠂ ᠠᠮᠢᠳᠤᠷᠠᠯ ᠤᠨ ᠬᠤᠭ ᠨᠣᠪᠰᠢ ᠶᠢ ᠪᠤᠯᠠᠬᠤ ᠲᠠᠯᠠᠪᠠᠶ ᠵᠡᠷᠭᠡ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠶᠳᠪᠦᠷᠢᠯᠡᠬᠦ ᠰᠠᠭᠤᠷᠢ ᠲᠥᠬᠦᠭᠡᠷᠦᠮᠵᠢ  ᠶᠢ ᠨᠡᠮᠡᠵᠦ ᠪᠠᠶᠢᠭᠤᠯᠬᠤ ᠪᠠᠷ ᠲᠥᠯᠥᠪᠯᠡᠵᠦ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠶᠳᠪᠦᠷᠢᠯᠡᠬᠦ ᠲᠤᠭᠲᠠᠯᠴᠠᠭ᠎ᠠ ᠶᠢ ᠲᠡᠭᠦᠯᠳᠡᠷᠵᠢᠭᠦᠯᠵᠦ᠂ ᠣᠳᠣᠬᠠᠨ ᠳᠤ ᠲᠣᠰ ᠲᠥᠷᠥᠯ ᠵᠦᠶᠯ ᠢ ᠶᠠᠭ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃ ᠭᠤᠷᠪᠠ ᠳᠤ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠤᠯᠠᠮ ᠨᠢᠭᠡ ᠠᠯᠬᠤᠮ ᠴᠢᠩᠭᠠᠳᠬᠠᠪᠠ᠃ 2019 ᠣᠨ ᠠᠴᠠ ᠨᠠᠰᠢ᠂ ᠮᠠᠨ ᠤ ᠬᠤᠰᠢᠭᠤ ᠨᠡᠶᠢᠲᠡ 4191.3 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠥᠬᠦ ᠬᠤᠰᠢᠭᠤᠨ ᠳᠤ ᠳᠥᠯᠭᠢᠨ ᠠᠬᠢᠭᠤᠯᠬᠤ ᠲᠥᠷᠥᠯ ᠵᠦᠶᠯ ᠳᠤ ᠬᠡᠷᠡᠭᠯᠡᠵᠦ᠂ ᠪᠥᠬᠦ ᠬᠤᠰᠢᠭᠤᠨ ᠤ ᠪᠣᠶ ᠪᠥᠬᠦᠶ ᠬᠡᠪᠴᠢᠶᠡᠵᠢᠭᠰᠡᠨ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠢᠯᠭᠠᠳᠠᠰᠤ ᠶᠢ ᠰᠢᠶᠳᠪᠦᠷᠢᠯᠡᠬᠦ ᠲᠥᠬᠦᠭᠡᠷᠦᠮᠵᠢ ᠳᠤ ᠴᠦᠮ ᠨᠦᠬᠦᠪᠦᠷᠢ ᠦᠭᠪᠡ᠃ ᠳᠥᠷᠪᠡ ᠳᠤ ᠲᠣᠰᠬᠤᠨ ᠤ ᠠᠷᠠᠳ ᠤᠨ ᠥᠪᠡᠷᠲᠡᠭᠡᠨ ᠵᠠᠰᠠᠬᠤ ᠢᠳᠡᠪᠬᠢᠵᠢᠯ ᠢ ᠭᠦᠢᠴᠡᠳ ᠲᠠᠶᠢᠴᠢᠯᠠᠪᠠ᠃ ᠬᠤᠰᠢᠭᠤᠨ ᠤ ᠮᠠᠯ ᠠᠵᠤ ᠠᠬᠤᠶ ᠲᠠᠷᠢᠶᠠᠯᠠᠩ ᠤᠨ ᠲᠣᠪᠴᠢᠶ᠎ᠠ ︽ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠥᠬᠦ ᠲᠠᠯ᠎ᠠ ᠪᠠᠷ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠮᠡᠳᠡᠭᠳᠡᠯ︾ ︵ᠬᠡᠰᠢᠭᠲᠡᠨ ᠨᠠᠮ ᠮᠠᠯ ᠲᠠᠷᠢᠶᠠᠯᠠᠩ ᠳᠤᠭᠤᠶᠢᠯᠠᠩ ᠲᠠᠷᠬᠠᠭᠠᠭᠰᠠᠨ ﹇2020﹈ 11 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠪᠠ ᠭᠠᠴᠠᠭ᠎ᠠ ᠲᠣᠰᠬᠤᠨ ᠢ ᠵᠢᠯᠣᠭᠤᠳᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠬᠠᠮᠢᠶᠠᠷᠤᠯᠲᠠ ᠶᠢᠨ ᠲᠦᠷᠢᠮ ᠢ ᠪᠠᠶᠢᠭᠤᠯᠵᠤ᠂ ᠲᠣᠰᠬᠤᠨ ᠤ ᠠᠷᠠᠳ ᠲᠠᠢ ︽ᠡᠭᠦᠳᠡᠨ ᠡᠮᠦᠨᠡᠬᠢ ᠭᠤᠷᠪᠠ  ᠶᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠪᠢᠴᠢᠭ ᠲᠣᠭᠲᠠᠪᠠ︔ ᠡᠷᠡᠭᠦᠯ ᠬᠠᠮᠠᠭᠠᠯᠠᠯ ᠤᠨ ᠵᠢᠱᠢᠶ᠎ᠡ ᠦᠵᠡᠭᠦᠯᠬᠦ ᠲᠣᠰᠬᠤᠨ ᠪᠠ ᠵᠢᠱᠢᠶ᠎ᠡ ᠦᠵᠡᠭᠦᠯᠬᠦ ᠡᠷᠦᠬᠡ ᠶᠢ ᠰᠢᠯᠭᠠᠷᠠᠭᠤᠯᠬᠤ ᠠᠵᠢᠯᠯᠠᠭ᠎ᠠ᠂ ᠠᠶᠢᠯ ᠲᠣᠰᠬᠤᠨ ᠢ ᠴᠡᠪᠡᠷᠰᠢᠭᠦᠯᠬᠦ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠨᠡᠶᠢᠲᠡᠯᠢᠭ ᠵᠢᠱᠢᠶ᠎ᠡ ᠦᠵᠡᠭᠦᠯᠬᠦ ᠶᠢᠨ ᠵᠥᠪ ᠲᠠᠯ᠎ᠠ ᠶᠢᠨ ᠤᠬᠠᠭᠤᠯᠤᠯ  ᠤᠨ ᠡᠷᠴᠢᠮ ᠢ ᠦᠷᠭᠦᠯᠵᠢᠯᠡᠨ ᠴᠢᠩᠭᠠᠳᠬᠠᠵᠤ᠂ ᠣᠯᠠᠨ ᠲᠦᠮᠡᠨ ᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠲᠠᠢ᠂ ᠨᠡᠶᠢᠭᠡᠮ ᠨᠡᠶᠢᠳᠡ ᠶᠢᠨ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠶᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠤᠯᠭᠠᠪᠠ᠃
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号