ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠲᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠪᠢᠴᠢᠭ ᠤᠨ ᠬᠡᠯᠪᠡᠷᠢ︶
ᠨᠡᠶᠢᠲᠡᠯᠡᠭᠰᠡᠨ ᠴᠠᠭ᠄
2022/1/18
     ︵ᠠᠷᠪᠠᠨ ᠳᠥᠷᠪᠡ︶ ᠭᠠᠴᠠᠭᠠᠨ ᠤ ᠺᠠᠳ᠋ᠷ ᠤᠨ ᠬᠦᠯᠦᠰᠦ ᠣᠯᠭᠤᠮᠵᠢ ᠵᠢᠴᠢ ᠭᠠᠴᠠᠭᠠᠨ ᠤ ᠱᠠᠲᠤᠨ ᠤ ᠵᠠᠷᠤᠳᠠᠯ ᠢ ᠴᠠᠭ ᠲᠤᠬᠠᠶ ᠳᠤᠨᠢ ᠦᠭᠬᠦ ᠦᠭᠡᠢ ᠪᠠᠶᠢᠬᠤ ᠠᠰᠠᠭᠤᠳᠠᠯ ᠤᠨ ᠲᠤᠬᠠᠶ ᠰᠠᠨᠠᠯ᠃ ᠸᠠᠨ ᠾᠧ ᠶᠦᠩ ᠪᠠᠯᠭᠠᠰᠤᠨ ᠤ ᠸᠠᠩ ᠸᠧᠨ ᠴᠧᠨ ᠲᠥᠯᠥᠭᠡᠯᠡᠭᠴᠢ ᠠᠴᠠ ᠭᠠᠴᠠᠭᠠᠨ ᠤ ᠺᠠᠳ᠋ᠷ ᠤᠨ ᠴᠠᠯᠢᠩ ᠬᠦᠯᠦᠰᠦ ᠪᠣᠯᠤᠨ ᠭᠠᠴᠠᠭᠠᠨ ᠤ ᠱᠠᠲᠤᠨ ᠤ ᠵᠠᠷᠤᠳᠠᠯ ᠢ ᠴᠠᠭ ᠲᠤᠬᠠᠢ ᠳᠤᠨᠢ ᠥᠭᠬᠦ ᠰᠠᠨᠠᠭᠤᠯᠭ᠎ᠠ ᠳᠤᠷᠠᠳᠪᠠ᠃ ︵21᠂ 23 ᠳ᠋ᠤᠭᠠᠷ ᠲᠣᠭᠠᠲᠤ ᠰᠠᠨᠠᠭᠤᠯᠭ᠎ᠠ ᠶᠢ ᠨᠡᠶᠢᠯᠡᠭᠦᠯᠦᠨ ᠬᠠᠷᠢᠭᠤᠯᠳᠠ ᠦᠭᠪᠡ︶      ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠢ ᠰᠢᠢᠳᠪᠦᠷᠢᠯᠡᠬᠦ ᠶᠢᠨ ᠲᠥᠯᠥᠭᠡ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠪᠠᠯᠠ ᠮᠥᠩᠭᠦ ᠴᠤᠭᠯᠠᠭᠤᠯᠬᠤ ᠡᠷᠴᠢᠮ ᠢᠶᠠᠨ ᠴᠢᠩᠭᠠᠷᠠᠭᠤᠯᠵᠤ᠂ ᠭᠠᠴᠠᠭᠠᠨ ᠤ ᠺᠠᠳ᠋ᠷᠴᠤᠳ ᠤᠨ ᠴᠠᠯᠢᠩ ᠬᠥᠯᠥᠰᠥ ᠶᠢ ᠪᠠᠲᠤᠯᠠᠬᠤ ᠶᠢ ᠤᠷᠢᠳ ᠢᠶᠠᠷ ᠳᠣᠭᠢᠷᠠᠭᠤᠯᠤᠨ᠂ 2021 ᠣᠨ ᠤ 10 ᠰᠠᠷ᠎ᠠ ᠶᠢᠨ 8 ᠤ ᠡᠳᠦᠷ = 10 ᠰᠠᠷ᠎ᠠ ᠶᠢᠨ 9 ᠤ ᠡᠳᠦᠷ ᠪᠣᠯᠲᠠᠯ᠎ᠠ 2020 ᠣᠨ ᠤ ᠭᠠᠴᠠᠭ᠎ᠠ ᠲᠣᠰᠬᠤᠨ ᠤ ᠺᠠᠳ᠋ᠷᠴᠤᠳ ᠤᠨ ᠴᠠᠯᠢᠩ 1603.52 ᠲᠦᠮᠡᠨ ᠲᠥᠭᠦᠷᠢᠭ ᠢ ᠪᠦᠬᠦᠨ ᠢ ᠲᠠᠷᠬᠠᠭᠠᠵᠤ᠂ ᠡᠭᠦᠨ ᠤ ᠬᠠᠮᠲᠤ 2020 ᠣᠨ ᠤ ᠭᠠᠴᠠᠭᠠᠨ ᠤ ᠱᠠᠲᠤᠨ ᠤ ᠵᠠᠷᠤᠳᠠᠯ ᠢ ᠪᠠᠯᠠ ᠮᠥᠩᠭᠦ ᠶᠢᠨ ᠲᠥᠯᠥᠪᠯᠡᠭᠡ ᠳᠤ ᠣᠷᠣᠭᠤᠯᠵᠤ᠂ ᠭᠠᠴᠠᠭᠠᠨ ᠤ ᠱᠠᠲᠤᠨ ᠤ ᠵᠠᠷᠤᠳᠠᠯ ᠢ ᠴᠠᠭ ᠲᠤᠬᠠᠶ ᠳᠤᠨᠢ ᠲᠤᠭ᠎ᠠ ᠶᠣᠰᠣᠭᠠᠷ ᠰᠢᠯᠵᠢᠭᠦᠯᠦᠨ ᠥᠭᠬᠦ ᠶᠢ ᠪᠠᠲᠤᠯᠠᠪᠠ᠃ 2021 ᠣᠨ ᠤ ᠭᠠᠴᠠᠭ᠎ᠠ ᠲᠤᠰᠬᠤᠨ ᠤ ᠺᠠᠳ᠋ᠷᠴᠤᠳ ᠤᠨ ᠬᠥᠯᠥᠰᠥ ᠣᠯᠭᠤᠮᠵᠢ ᠶᠢᠨ ᠲᠤᠬᠠᠢ᠂ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠠᠴᠠ ᠭᠠᠴᠠᠭ᠎ᠠ ᠳᠤᠭᠤᠶᠢᠯᠠᠩ ᠤᠨ ᠺᠠᠳ᠋ᠷ ᠤᠨ ᠣᠨ ᠤ ᠰᠢᠯᠭᠠᠨ ᠦᠨᠡᠯᠡᠯᠲᠡ ᠶᠢ ᠶᠠᠪᠤᠭᠳᠠᠭᠤᠯᠬᠤ᠂ ᠪᠦᠷᠢᠨ ᠴᠢᠳᠠᠮᠵᠢᠲᠤ ᠺᠠᠷᠲ ᠤᠨ ᠰᠢᠰᠲ᠋ᠧᠮ ᠤᠨ ᠲᠠᠩᠰᠠᠨ ᠳᠤ ᠣᠷᠣᠭᠤᠯᠬᠤ᠂ ᠵᠠᠷᠯᠠᠨ ᠨᠡᠶᠢᠲᠡᠯᠡᠬᠦ ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠬᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠪᠡᠯᠡ ᠮᠥᠩᠭᠦ ᠲᠠᠷᠬᠠᠭᠠᠨ ᠦᠭᠬᠦ ᠵᠡᠷᠭᠡ ᠬᠤᠯᠪᠣᠭᠳᠠᠯ ᠪᠦᠬᠦᠢ ᠠᠯᠬᠤᠮ ᠳᠠᠷᠠᠭᠠᠯᠠᠯ ᠢ ᠶᠠᠭ ᠭᠦᠢᠴᠡᠳᠬᠡᠵᠦ᠂ ᠠᠯᠬᠤᠮ ᠳᠠᠷᠠᠭᠠᠯᠠᠯ ᠢ ᠭᠦᠢᠴᠡᠳᠬᠡᠵᠦ ᠳᠠᠭᠤᠰᠤᠭᠰᠠᠨ ᠤ ᠳᠠᠷᠠᠭ᠎ᠠ ᠴᠠᠭ ᠲᠤᠬᠠᠶ ᠳᠤᠨᠢ ᠲᠠᠷᠬᠠᠭᠠᠬᠤ ᠪᠣᠯᠣᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号