ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠲᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠪᠢᠴᠢᠭ ᠤᠨ ᠬᠡᠯᠪᠡᠷᠢ︶
ᠨᠡᠶᠢᠲᠡᠯᠡᠭᠰᠡᠨ ᠴᠠᠭ᠄
2022/1/18
     ︵ᠠᠷᠪᠠᠨ ᠲᠠᠪᠤ︶ ᠸᠠᠨ ᠾᠧ ᠶᠦᠩ ᠡᠷᠡᠭᠦᠯ ᠬᠠᠮᠠᠭᠠᠯᠠᠯ ᠤᠨ ᠬᠤᠷᠢᠶ᠎ᠠ ᠪᠣᠯᠤᠨ ᠯᠢᠦ ᠯᠢᠨ ᠡᠷᠡᠭᠦᠯ ᠬᠠᠮᠠᠭᠠᠯᠠᠯ ᠤᠨ ᠬᠤᠷᠢᠶᠠᠨ ᠳᠤ ᠪᠠᠴᠢᠮ ᠠᠪᠤᠷᠠᠯᠲᠠ ᠶᠢᠨ ᠲᠡᠷᠭᠡ ᠲᠣᠬᠢᠷᠠᠭᠤᠯᠬᠤ ᠴᠢᠬᠤᠯᠠᠲᠠᠶ ᠪᠠᠶᠢᠬᠤ ᠲᠤᠬᠠᠶ ᠰᠠᠨᠠᠭᠤᠯᠭ᠎ᠠ᠃ ᠸᠠᠨ ᠾᠧ ᠶᠦᠩ ᠪᠠᠯᠭᠠᠰᠤᠨ ᠤ ᠬᠥᠩ ᠹᠧᠩ ᠯᠢ ᠲᠥᠯᠥᠭᠡᠯᠡᠭᠴᠢ ᠸᠠᠨ ᠾᠧ ᠶᠦᠩ ᠪᠠᠯᠭᠠᠰᠤᠨ ᠤ ᠬᠤᠶᠠᠷ ᠡᠷᠡᠭᠦᠯ ᠬᠠᠮᠠᠭᠠᠯᠠᠯ ᠤᠨ ᠬᠤᠷᠢᠶᠠᠨ ᠳᠤ ᠪᠠᠴᠢᠮ ᠠᠪᠤᠷᠠᠯᠳᠠ ᠶᠢᠨ ᠲᠡᠷᠭᠡ ᠲᠣᠬᠢᠷᠠᠭᠤᠯᠵᠤ ᠥᠭᠬᠦ ᠰᠠᠨᠠᠭᠤᠯᠭ᠎ᠠ ᠳᠤᠷᠠᠳᠪᠠ᠃      ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠰᠤᠳᠤᠯᠤᠨ ᠬᠠᠷᠭᠤᠭᠤᠯᠤᠭᠰᠠᠨ ᠢᠶᠠᠷ᠂ ᠸᠠᠨ ᠾᠧ ᠶᠦᠩ ᠪᠠᠯᠭᠠᠰᠤᠨ ᠤ ᠯᠢᠦ ᠯᠢᠨ ᠡᠷᠡᠭᠦᠯ ᠬᠠᠮᠠᠭᠠᠯᠠᠯ ᠤᠨ ᠬᠤᠷᠢᠶᠠᠨ ᠳᠤ 2018 ᠣᠨ ᠳᠤ ᠨᠢᠭᠡ ᠪᠠᠴᠢᠮ ᠠᠪᠤᠷᠠᠯᠳᠠ ᠶᠢᠨ ᠲᠡᠷᠭᠡ ᠲᠣᠬᠢᠷᠠᠭᠤᠯᠵᠤ᠂ ᠲᠡᠷᠭᠡᠨ ᠨᠣᠮᠧᠷ ᠨᠢ DQS126᠂ ᠣᠳᠣᠬᠠᠨ ᠳᠤ ᠬᠡᠪ ᠤᠨ ᠪᠠᠶᠢᠳᠠᠯ ᠢᠶᠠᠷ ᠬᠡᠷᠡᠭᠯᠡᠭᠳᠡᠵᠦ ᠪᠠᠶᠢᠨ᠎ᠠ᠃ 2021 ᠣᠨ ᠤ 7 ᠰᠠᠷ᠎ᠠ ᠳᠤ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢᠭᠡᠨᠲᠡ ᠪᠤᠰᠤᠳ ᠡᠮᠴᠢᠯᠡᠭᠡᠨ ᠤ ᠪᠠᠶᠢᠭᠤᠯᠤᠮᠵᠢ ᠶᠢᠨ ᠨᠢᠭᠡᠨ ᠪᠠᠴᠢᠮ ᠠᠪᠤᠷᠠᠯᠳᠠ ᠶᠢᠨ ᠲᠡᠷᠭᠡ ᠶᠢ ᠸᠠᠨ ᠾᠧ ᠶᠦᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠳᠤ ᠬᠡᠷᠡᠭᠯᠡᠭᠦᠯᠬᠦ ᠪᠠᠷ ᠲᠣᠬᠢᠷᠠᠭᠤᠯᠪᠠ᠃
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号