ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠲᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠪᠢᠴᠢᠭ ᠤᠨ ᠬᠡᠯᠪᠡᠷᠢ︶
ᠨᠡᠶᠢᠲᠡᠯᠡᠭᠰᠡᠨ ᠴᠠᠭ᠄
2022/1/18
     ︵ᠠᠷᠪᠠᠨ ᠵᠢᠷᠭᠤᠭ᠎ᠠ︶ ᠬᠥᠳᠡᠭᠡ ᠲᠣᠰᠬᠤᠨ ᠤ ᠭᠤᠣᠯ ᠤᠨ ᠵᠠᠮ ᠢ ᠨᠡᠪᠲᠡᠷᠡᠭᠦᠯᠬᠦ ᠠᠵᠢᠯ ᠢ ᠴᠢᠬᠤᠯᠠᠴᠢᠯᠠᠬᠤ ᠲᠤᠬᠠᠶ ᠰᠠᠨᠠᠭᠤᠯᠭ᠎ᠠ᠃ ᠸᠠᠨ ᠾᠧ ᠶᠦᠩ ᠪᠠᠯᠭᠠᠰᠤᠨ ᠤ ᠸᠠᠩ ᠸᠧᠨ ᠴᠧᠨ ᠲᠥᠯᠥᠭᠡᠯᠡᠭᠴᠢ ᠠᠴᠠ ᠠᠷᠭ᠎ᠠ ᠬᠡᠮᠵᠢᠶ᠎ᠡ ᠠᠪᠴᠤ ᠪᠠᠶᠢᠭᠠᠳ ᠸᠠᠨ ᠾᠧ ᠶᠦᠩ ᠪᠠᠯᠭᠠᠰᠤᠨ ᠤ ᠯᠢᠦ ᠯᠢᠨ ᠲᠣᠰᠬᠤᠨ ᠤ ᠭᠤᠣᠯ ᠤᠨ ᠵᠠᠮ ᠳᠠᠬᠢ ᠬᠤᠭ ᠨᠣᠪᠰᠢ ᠪᠠ ᠯᠠᠭ ᠰᠢᠪᠠᠷ ᠤᠨ ᠠᠰᠠᠭᠤᠳᠠᠯ ᠢ ᠰᠢᠢᠳᠪᠦᠷᠢᠯᠡᠵᠦ᠂ ᠦᠶᠡᠷ ᠤᠰᠤᠲᠤᠯ ᠤᠨ ᠭᠠᠮᠰᠢᠭ ᠡᠭᠦᠰᠬᠦ ᠶᠢ ᠰᠡᠷᠭᠡᠶᠢᠯᠡᠬᠦ ᠬᠡᠷᠡᠭᠲᠡᠢ ᠭᠡᠵᠦ ᠰᠠᠨᠠᠭᠤᠯᠵᠠᠢ᠃      ᠲᠥᠯᠥᠭᠡᠯᠡᠭᠴᠢᠳ ᠤᠨ ᠳᠤᠷᠠᠳᠤᠭᠰᠠᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠨᠢᠭᠡ ᠳᠤ ᠭᠤᠣᠯ ᠮᠦᠷᠡᠨ ᠨᠠᠭᠤᠷ ᠴᠦᠭᠦᠷᠦᠮ ᠤᠨ ᠳᠠᠷᠤᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠪᠠ᠃ ᠡᠯ᠎ᠡ ᠱᠠᠲᠤᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠨᠠᠷ ᠭᠤᠤᠯ ᠮᠥᠷᠡᠨ ᠢ ᠲᠣᠭᠤᠷᠢᠨ ᠪᠠᠶᠢᠴᠠᠭᠠᠬᠤ᠂ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠵᠠᠮᠪᠠᠷᠠᠭ᠎ᠠ ᠥᠬᠡᠶ︾ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠵᠢᠯ ᠤᠨ ᠡᠭᠢᠨ ᠠᠴᠠ ᠨᠠᠭᠠᠰᠢ᠂ ᠪᠥᠬᠦ ᠬᠤᠰᠢᠭᠤᠨ ᠤ ᠰᠤᠮᠤ ᠰᠢᠶᠠᠩ ᠪᠠᠯᠭᠠᠰᠤ ᠶᠢᠨ ᠭᠠᠴᠠᠭ᠎ᠠ ᠲᠣᠰᠬᠤᠨ ᠤ ᠱᠠᠲᠤᠨ ᠤ ᠭᠤᠤᠯ ᠮᠦᠷᠡᠨ ᠨᠠᠭᠤᠷ ᠴᠦᠭᠦᠷᠦᠮ ᠤᠨ ᠳᠠᠷᠤᠭ᠎ᠠ ᠨᠠᠷ 2021 ᠣᠨ ᠳᠤ ᠨᠡᠶᠢᠲᠡ 1536 ᠤᠳᠠᠭ᠎ᠠ ᠭᠤᠤᠯ ᠮᠥᠷᠡᠨ ᠢ ᠲᠣᠭᠤᠷᠢᠨ ᠪᠠᠶᠢᠴᠠᠭᠠᠵᠤ᠂ ᠬᠤᠭ ᠨᠣᠪᠰᠢ ᠢᠯᠡᠷᠡᠭᠦᠯᠦᠭᠰᠡᠨ ᠪᠤᠶᠤ ᠭᠤᠤᠯ ᠤᠨ ᠵᠠᠮ ᠢ ᠪᠥᠭᠯᠡᠭᠰᠡᠨ ᠦᠵᠡᠭᠳᠡᠯ ᠢ ᠴᠠᠭ ᠲᠤᠬᠠᠶ ᠳᠤᠨᠢ ᠰᠢᠢᠳᠪᠦᠷᠢᠯᠡᠬᠦ ᠶᠢ ᠱᠠᠭᠠᠷᠳᠠᠪᠠ᠃ ᠬᠤᠶᠠᠷ ᠲᠤ ᠢᠳᠡᠪᠬᠢᠲᠡᠶ ᠪᠠᠷ ᠪᠡᠯᠡ ᠮᠥᠩᠭᠦ ᠣᠯᠵᠤ᠂ ᠬᠥᠳᠡᠭᠡ ᠲᠣᠰᠬᠤᠨ ᠤ ᠭᠤᠣᠯ ᠮᠥᠷᠡᠨ ᠤ ᠵᠠᠰᠠᠯᠲᠠ ᠶᠢ ᠠᠬᠢᠭᠤᠯᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠥᠬᠦᠪᠥᠷᠢ ᠶᠢᠨ ᠪᠠᠯᠠ ᠮᠥᠩᠭᠦ ᠳᠤ ᠲᠦᠰᠢᠭᠯᠡᠨ᠂ ᠡᠳ᠋ ᠤᠨ ᠵᠠᠰᠠᠭ ᠤᠨ ᠪᠠᠯᠠ ᠮᠥᠩᠭᠦ ᠶᠢ ᠨᠡᠶᠢᠲᠡ 186.34 ᠲᠦᠮᠡᠨ ᠲᠥᠭᠦᠷᠢᠭ ᠣᠷᠣᠭᠤᠯᠵᠤ᠂ ᠸᠠᠨ ᠾᠧ ᠶᠦᠩ ᠪᠠᠯᠭᠠᠰᠤ ᠶᠢᠨ ᠯᠢᠦ ᠯᠢᠨ ᠲᠣᠰᠬᠤᠨ ᠤ ᠯᠠᠮᠠ ᠶᠢᠨ ᠭᠠᠵᠠᠷ ᠳᠤᠭᠤᠶᠢᠯᠠᠩ᠂ ᠯᠢᠦ ᠲᠢᠶᠤᠤ ᠭᠧᠤ ᠳᠤᠭᠤᠶᠢᠯᠠᠩ᠂ ᠱᠠᠩ ᠮᠠ ᠴᠠᠩ᠂ ᠰᠢᠶᠠ ᠮᠠ ᠴᠠᠩ᠂ ᠰᠠ ᠾᠧ ᠭᠸᠦ᠂ ᠢᠦᠶ ᠯᠦᠩ ᠳ᠋ᠧ᠂ ᠵᠠᠩ ᠶᠢᠩᠽᠢ᠂ ᠳ᠋ᠦᠩ ᠶᠢᠩᠽᠢ᠂ ᠯᠠᠨ ᠶᠢᠩᠽᠢ᠂ ᠨᠠᠨ ᠲᠠᠢ ᠵᠢᠵᠢᠭ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠦᠢᠯᠡᠳᠪᠦᠷᠢᠯᠡᠯ ᠠᠮᠢᠳᠤᠷᠠᠯ ᠤᠨ ᠲᠥᠬᠦᠭᠡᠷᠦᠮᠵᠢ — ᠦᠶᠡᠷ ᠢ ᠰᠡᠷᠭᠡᠶᠢᠯᠡᠬᠦ ᠲᠥᠷᠥᠯ ᠵᠦᠢᠯ ᠢ ᠪᠥᠲᠥᠭᠡᠨ ᠪᠠᠶᠢᠭᠤᠯᠵᠤ᠂ ᠬᠥᠳᠡᠭᠡ ᠲᠣᠰᠬᠤᠨ ᠤ ᠭᠤᠤᠯ ᠤᠨ ᠵᠠᠮ ᠤᠨ ᠦᠶᠡᠷ ᠵᠠᠯᠠᠬᠤ ᠴᠢᠳᠠᠪᠤᠷᠢ ᠶᠢ ᠦᠨᠡᠨᠬᠦ ᠴᠢᠩᠭᠠᠳᠬᠠᠪᠠ᠃ ᠡᠭᠦᠨ ᠤ ᠬᠠᠮᠲᠤ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠨᠢ ᠬᠡᠰᠢᠭᠲᠡᠨ ᠬᠤᠰᠢᠭᠤᠨ ᠤ ᠵᠢᠤᠢ ᠰᠢᠨ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠳᠡ ᠶᠢᠨ ᠬᠢᠵᠠᠭᠠᠷᠲᠦ ᠺᠣᠮᠫᠠᠨᠢ ᠲᠠᠢ ᠬᠠᠮᠲᠤᠷᠠᠨ 60 ᠲᠦᠮᠡᠨ ᠲᠥᠭᠦᠷᠢᠭ ᠤᠨ ᠪᠠᠯᠠ ᠮᠥᠩᠭᠦ ᠣᠯᠵᠤ᠂ ᠸᠠᠨ ᠾᠧ ᠶᠦᠩ ᠪᠠᠯᠭᠠᠰᠤᠨ ᠤ ᠬᠠᠯᠠᠭᠠᠢ ᠭᠤᠤᠯ ᠤᠨ ᠭᠤᠤᠯ ᠤᠨ ᠵᠠᠮ ᠤᠨ ᠬᠤᠷᠠᠭᠰᠠᠨ ᠰᠢᠪᠠᠷ ᠢ ᠠᠷᠢᠯᠭᠠᠬᠤ ᠲᠤᠷᠰᠢᠯᠲᠠ ᠶᠢᠨ ᠢᠨᠵᠧᠨᠧᠷᠢᠩ ᠢ ᠥᠷᠨᠢᠭᠦᠯᠬᠦ ᠳᠤ ᠬᠡᠷᠡᠭᠯᠡᠬᠦ ᠳᠤ ᠪᠣᠯᠪᠠ᠂ ᠣᠳᠣᠬᠠᠨ ᠳᠤ ᠨᠢᠭᠡᠨᠲᠡ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠪᠡᠶᠡᠯᠡᠭᠦᠯᠪᠡ᠂ ᠲᠣᠰ ᠲᠤᠷᠰᠢᠯᠲᠠ ᠶᠢᠨ ᠲᠥᠷᠥᠯ ᠵᠦᠢᠯ ᠢ ᠪᠡᠶᠡᠯᠡᠭᠦᠯᠦᠭᠰᠡᠨ ᠤ ᠳᠠᠷᠠᠭ᠎ᠠ᠂ ᠪᠥᠬᠦ ᠬᠤᠰᠢᠭᠤᠨ ᠤ ᠬᠡᠪᠴᠢᠶᠡᠨ ᠳᠤ ᠭᠤᠤᠯ ᠤᠨ ᠵᠠᠮ ᠤᠨ ᠬᠤᠷᠠᠭᠰᠠᠨ ᠰᠢᠪᠠᠷ ᠢ ᠠᠷᠢᠯᠭᠠᠬᠤ ᠢᠨᠵᠧᠨᠧᠷᠢᠩ ᠢ ᠠᠯᠬᠤᠮ ᠠᠯᠬᠤᠮ ᠢᠶᠠᠷ ᠲᠦᠭᠡᠮᠡᠯᠵᠢᠭᠦᠯᠵᠦ᠂ ᠭᠤᠤᠯ ᠤᠨ ᠵᠠᠮ ᠤᠨ ᠰᠠᠭᠠᠳ ᠥᠬᠡᠶ ᠨᠡᠪᠲᠡᠷᠡᠬᠦ ᠶᠢ ᠤᠯᠠᠮ ᠨᠢᠭᠡ ᠠᠯᠬᠤᠮ ᠪᠠᠲᠤᠯᠠᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号