ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠲᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠪᠢᠴᠢᠭ ᠤᠨ ᠬᠡᠯᠪᠡᠷᠢ︶
ᠨᠡᠶᠢᠲᠡᠯᠡᠭᠰᠡᠨ ᠴᠠᠭ᠄
2022/1/18
     ︵ᠠᠷᠪᠠᠨ ᠳᠣᠯᠤᠭ᠎ᠠ︶ ᠢᠦᠢ ᠵᠸᠤ ᠳ᠋ᠢ ᠪᠠᠯᠭᠠᠰᠤᠨ ᠤ ᠲᠠᠷᠢᠶᠠᠯᠠᠩ ᠤᠨ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠢ ᠬᠡᠷᠡᠭᠵᠢᠭᠦᠯᠬᠦ ᠲᠤᠬᠠᠶ ᠰᠠᠨᠠᠭᠤᠯᠭ᠎ᠠ᠃ ᠢᠦᠢ ᠵᠸᠤ ᠳ᠋ᠢ ᠪᠠᠯᠭᠠᠰᠤᠨ ᠤ ᠭᠠᠶ ᠵᠢᠶᠦ᠋ᠨ ᠺᠠᠶ ᠲᠥᠯᠥᠭᠡᠯᠡᠭᠴᠢ ᠠᠴᠠ ᠲᠥᠷᠥᠯ ᠵᠦᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠣᠷᠣᠨ ᠪᠦᠰᠡ ᠶᠢ ᠲᠦᠯᠦᠪᠵᠢᠭᠦᠯᠦᠨ ᠡᠪᠡᠰᠦᠨ ᠡᠮ ᠳᠠᠷᠢᠬᠤ᠂ ᠲᠠᠷᠢᠶᠠᠴᠢᠨ ᠠᠶᠢᠯ ᠤᠨ ᠵᠤᠭᠠᠴᠠᠯ ᠵᠢᠮᠢᠰ ᠨᠤᠭᠤᠭ᠎ᠠ ᠲᠡᠭᠦᠬᠦ᠂ ᠪᠠᠭ᠎ᠠ ᠰᠠᠪᠠ ᠭᠠᠵᠠᠷ ᠢ ᠶᠡᠷᠦᠩᠬᠡᠶᠢᠯᠡᠨ ᠵᠠᠰᠠᠬᠤ᠂ ᠠᠭᠤᠷᠬᠠᠶ ᠶᠢ ᠰᠡᠷᠭᠦᠭᠡᠨ ᠵᠠᠰᠠᠬᠤ᠂ ᠵᠠᠮ ᠤᠨ ᠪᠥᠲᠥᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠢ ᠶᠡᠷᠦᠩᠬᠡᠶᠢᠯᠡᠨ ᠬᠡᠷᠡᠭᠵᠢᠭᠦᠯᠵᠦ᠂ ᠢᠦᠢ ᠵᠸᠤ ᠳ᠋ᠢ ᠪᠠᠯᠭᠠᠰᠤᠨ ᠤ ᠲᠠᠷᠢᠶᠠᠯᠠᠩ ᠤᠨ ᠶᠡᠷᠦᠩᠬᠡᠶᠢᠯᠡᠭᠰᠡᠨ ᠴᠣᠭᠴᠠ ᠶᠢ ᠪᠥᠲᠥᠭᠡᠨ ᠪᠠᠶᠢᠭᠤᠯᠬᠤ ᠶᠢ ᠰᠠᠨᠠᠭᠤᠯᠪᠠ᠃      ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠢᠦᠢ ᠵᠸᠤ ᠳ᠋ᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠶ ᠪᠠᠷ ᠨᠡᠪᠲᠡᠷᠡᠯᠴᠡᠨ ᠵᠣᠬᠢᠴᠠᠭᠤᠯᠵᠤ᠂ ᠡᠬᠢ ᠪᠠᠶᠠᠯᠢᠭ ᠢ ᠠᠮᠢᠳᠤᠯᠢᠭ ᠪᠣᠯᠭᠠᠬᠤ ᠡᠷᠴᠢᠮ ᠢᠶᠠᠨ ᠴᠢᠩᠭᠠᠷᠠᠭᠤᠯᠵᠤ᠂ ᠢᠦᠢ ᠵᠸᠤ ᠳ᠋ᠢ ᠪᠠᠯᠭᠠᠰᠤᠨ ᠤ ᠲᠠᠷᠢᠶᠠᠯᠠᠩ ᠤᠨ ᠶᠡᠷᠦᠩᠬᠡᠶᠢᠯᠡᠭᠰᠡᠨ ᠴᠣᠭᠴᠠ ᠶᠢᠨ ᠵᠦᠢᠯᠡᠰ ᠤᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠪᠠ᠃ ᠣᠲᠣ ᠪᠣᠯᠲᠠᠯ᠎ᠠ᠂ ᠡᠯ᠎ᠡ ᠲᠥᠷᠥᠯ ᠤᠨ ᠪᠠᠯᠠ ᠮᠥᠩᠭᠦ ᠶᠢ ᠨᠡᠶᠢᠲᠡ 565.7178 ᠲᠦᠮᠡᠨ ᠲᠥᠭᠦᠷᠢᠭ ᠣᠷᠣᠭᠤᠯᠵᠤ᠂ ᠰᠠᠨ ᠳ᠋ᠢ ᠲᠣᠰᠬᠤᠨ ᠳᠤ ᠤᠷᠢᠳ ᠬᠤᠵᠢᠳ 5 ᠨᠡᠷᠡᠨ ᠤ ᠬᠡᠷᠡᠯ ᠲᠤᠰᠬᠤ ᠳᠤᠯᠠᠭᠠᠨ ᠬᠦᠯᠡᠮᠵᠢ᠂ ᠬᠠᠶᠢᠷ ᠴᠢᠯᠠᠭᠤᠨ ᠵᠠᠮ᠂ ᠵᠡᠷᠯᠢᠭ ᠱᠦᠭᠦᠷᠭᠡᠨ᠎ᠡ ᠲᠠᠷᠢᠬᠤ ᠰᠠᠭᠤᠷᠢᠨ ᠭᠠᠵᠠᠷ᠂ ᠣᠷᠣᠨ ᠪᠦᠰᠡ ᠶᠢᠨ ᠨᠣᠭᠤᠭᠠᠷᠠᠭᠤᠯᠤᠯᠲᠠ ᠵᠡᠷᠭᠡ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ︽ᠠᠮᠢ ᠠᠬᠤᠶ ᠶᠢ ᠣᠷᠢᠳ ᠢᠶᠠᠷ ᠪᠤᠳᠤᠯᠬᠢᠯᠠᠵᠤ᠂ ᠪᠣᠬᠢᠷᠲᠤᠯ ᠥᠬᠡᠶ ᠬᠥᠭᠵᠢᠭᠦᠯᠬᠦ︾ ᠣᠶᠢᠯᠠᠭᠠᠭᠳᠠᠬᠤᠨ ᠢ ᠭᠦᠨᠵᠡᠭᠡᠶ ᠲᠤᠤᠱᠯᠠᠭᠤᠯᠤᠨ᠂ ᠡᠬᠢ ᠪᠠᠶᠠᠯᠢᠭ ᠪᠠ ᠪᠠᠯᠠ ᠮᠥᠩᠭᠦ ᠶᠢ ᠡᠮᠬᠢᠯᠡᠨ ᠨᠡᠶᠢᠯᠡᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠢᠦᠢ ᠵᠸᠤ ᠳ᠋ᠢ ᠪᠠᠯᠭᠠᠰᠤᠨ ᠤ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢ ᠲᠦᠷᠭᠡᠳᠬᠡᠨ ᠠᠬᠢᠭᠤᠯᠤᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号