ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠲᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠪᠢᠴᠢᠭ ᠤᠨ ᠬᠡᠯᠪᠡᠷᠢ︶
ᠨᠡᠶᠢᠲᠡᠯᠡᠭᠰᠡᠨ ᠴᠠᠭ᠄
2022/1/18
     ︵ᠠᠷᠪᠠᠨ ᠨᠠᠢᠮᠠ︶ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠰᠠᠶᠢᠲᠤᠷ ᠬᠢᠵᠦ ᠬᠠᠤᠯᠢ ᠬᠡᠷᠡᠭᠵᠢᠭᠦᠯᠬᠦ ᠠᠵᠢᠯ ᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠬᠤ ᠲᠤᠬᠠᠶ ᠰᠠᠨᠠᠭᠤᠯᠭ᠎ᠠ᠃ ᠢᠦᠢ ᠵᠸᠤ ᠳ᠋ᠢ ᠪᠠᠯᠭᠠᠰᠤᠨ ᠤ ᠼᠤᠤ ᠭᠧ ᠵᠡᠷᠭᠡ 7 ᠳᠦᠯᠦᠬᠡᠯᠡᠭᠴᠢ ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠰᠤᠮᠤ ᠰᠢᠶᠠᠩ ᠪᠠᠯᠭᠠᠰᠤᠨ ᠤ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠵᠤ᠂ ᠬᠠᠤᠯᠢ ᠬᠡᠷᠡᠭᠵᠢᠭᠦᠯᠬᠦ ᠦᠨᠡᠮᠯᠡᠯ ᠢ ᠴᠠᠭ ᠲᠤᠬᠠᠶ ᠳᠤᠨᠢ ᠣᠯᠭᠤᠬᠤ ᠶᠢ ᠰᠠᠨᠠᠭᠤᠯᠪᠠ᠃      ᠲᠥᠯᠥᠭᠡᠯᠡᠭᠴᠢᠳ ᠤᠨ ᠳᠤᠷᠠᠳᠤᠭᠰᠠᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠢᠳᠡᠪᠬᠢᠲᠡᠶ ᠪᠠᠷ ᠠᠷᠭ᠎ᠠ ᠬᠡᠮᠵᠢᠶ᠎ᠡ ᠠᠪᠴᠤ ᠬᠠᠮᠢᠶ᠎ᠠ ᠪᠦᠬᠦᠢ ᠠᠵᠢᠯ ᠢ ᠦᠷᠨᠢᠭᠦᠯᠪᠡ᠃ ᠨᠢᠭᠡ ᠳᠤ ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ᠂ ᠭᠠᠯᠳᠠᠰᠤᠳᠠᠢ ᠷᠠᠰᠢᠶᠠᠨ ᠵᠡᠭᠡᠯᠢ ᠭᠤᠳᠤᠮᠵᠢ ᠶᠢᠨ ᠠᠯᠪᠠᠨ ᠬᠡᠷ ᠤᠨ 14 ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠪᠠ ᠬᠤᠰᠢᠭᠤᠨ ᠤ ᠱᠠᠲᠤᠨ ᠤ 8 ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢ ᠵᠤᠭᠢᠶᠠᠨ ᠪᠠᠶᠢᠭᠤᠯᠵᠦ᠂ ᠨᠡᠶᠢᠲᠡ 233 ᠬᠠᠤᠯᠢ ᠬᠡᠷᠡᠭᠵᠢᠭᠦᠯᠬᠦ ᠠᠵᠢᠯᠲᠠᠨ ᠪᠥᠬᠦ ᠣᠷᠣᠨ ᠤ ᠨᠢᠭᠡᠳᠦᠯᠲᠡᠶ ᠵᠤᠭᠢᠶᠠᠨ ᠪᠠᠶᠢᠭᠤᠯᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠬᠡᠮ ᠤᠨ ᠭᠡᠷᠡᠴᠢᠯᠡᠯ ᠤᠨ ᠪᠣᠯᠪᠠᠰᠤᠷᠠᠭᠤᠯᠤᠯ ᠪᠠ ᠰᠢᠯᠭᠠᠯᠲᠠ ᠳᠤ ᠤᠷᠤᠯᠴᠠᠵᠦ᠂ ᠣᠳᠣᠬᠠᠨ ᠳᠤ ᠡᠯᠧᠺᠲᠷᠣᠨ ᠬᠠᠤᠯᠢ ᠬᠡᠷᠡᠭᠵᠢᠭᠦᠯᠬᠦ ᠦᠨᠡᠮᠯᠡᠯ ᠢ ᠨᠢᠭᠡᠨᠲᠡ ᠡᠳᠦᠷ ᠲᠤᠲᠤᠮ ᠤᠨ ᠬᠠᠤᠯᠢ ᠬᠡᠷᠡᠭᠵᠢᠭᠦᠯᠦᠯᠲᠡ ᠶᠢᠨ ᠬᠡᠷᠡᠭᠯᠡᠭᠡᠨ ᠳᠤ ᠣᠷᠣᠭᠤᠯᠵᠤ᠂ ᠴᠠᠭᠠᠰᠤᠨ ᠦᠨᠡᠮᠯᠡᠯ ᠢ ᠬᠠᠤᠯᠢ ᠴᠠᠭᠠᠵᠠ ᠶᠢᠨ ᠲᠢᠩᠬᠢᠮ ᠠᠴᠠ ᠨᠢᠭᠡᠳᠦᠯᠲᠡᠶ ᠦᠢᠯᠡᠳᠴᠦ ᠳᠠᠭᠤᠰᠤᠭᠰᠠᠨ ᠤ ᠳᠠᠷᠠᠭ᠎ᠠ ᠲᠠᠷᠬᠠᠭᠠᠵᠦ᠂ ᠪᠣᠶ ᠪᠥᠬᠦᠶ ᠬᠠᠤᠯᠢ ᠬᠡᠷᠡᠭᠵᠢᠭᠦᠯᠬᠦ ᠠᠵᠢᠯᠲᠠᠨ ᠤ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠶᠢ ᠪᠠᠲᠤᠯᠠᠪᠠ᠃ ᠬᠤᠶᠠᠷ  ᠲᠤ 2021 ᠣᠨ ᠤ 5 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠬᠠᠤᠯᠢ ᠲᠦᠷᠢᠮ ᠤᠨ ᠪᠣᠯᠪᠠᠰᠤᠷᠠᠭᠤᠯᠤᠯ ᠤᠨ ᠲᠥᠪ ᠲᠠᠢ ᠬᠠᠮᠲᠤᠷᠠᠨ ᠬᠤᠶᠠᠷ ᠪᠦᠯᠦᠭ ᠤᠳᠠᠭ᠎ᠠ ᠪᠥᠬᠦ ᠬᠤᠰᠢᠭᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠯᠪᠠᠰᠤᠷᠠᠭᠤᠯᠤᠯ ᠤᠨ ᠠᠩᠭᠢ ᠶᠢ ᠡᠷᠬᠢᠯᠡᠵᠦ᠂ ᠮᠠᠨ ᠤ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠣᠳᠣᠬᠢ ᠪᠠᠶᠢᠳᠠᠯ ᠳᠤ ᠰᠠᠭᠤᠷᠢᠯᠠᠨ᠂ ᠰᠠᠭᠤᠷᠢ ᠴᠢᠨᠠᠷᠲᠠᠶ ᠬᠠᠤᠯᠢ ᠴᠠᠭᠠᠵᠠ ᠬᠠᠤᠯᠢ ᠲᠣᠭᠲᠠᠭᠠᠯ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ ᠪᠣᠳᠠᠳᠠᠢ ᠪᠣᠯᠪᠠᠰᠤᠷᠠᠭᠤᠯᠤᠯ ᠤᠨ ᠲᠣᠭᠤᠷᠢᠨ ᠳᠤ ᠭᠤᠤᠯᠳᠠᠯᠭ᠎ᠠ ᠲᠠᠢ ᠲᠠᠶᠢᠯᠤᠮᠵᠢ ᠬᠢᠵᠦ᠂ ᠪᠥᠬᠦ ᠬᠤᠰᠢᠭᠤᠨ ᠤ 30 ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠴᠡ ᠶᠢᠨ 384 ᠬᠠᠤᠯᠢ ᠬᠡᠷᠡᠭᠵᠢᠭᠦᠯᠬᠦ ᠠᠵᠢᠯᠲᠠᠨ ᠳᠤ ᠪᠣᠯᠪᠠᠰᠤᠷᠠᠯ ᠬᠦᠷᠲᠡᠭᠡᠪᠡ᠃
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号