ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠲᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠪᠢᠴᠢᠭ ᠤᠨ ᠬᠡᠯᠪᠡᠷᠢ︶
ᠨᠡᠶᠢᠲᠡᠯᠡᠭᠰᠡᠨ ᠴᠠᠭ᠄
2022/1/18
     ︵ᠠᠷᠪᠠ ᠶᠢᠰᠦ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠲᠤᠬᠠᠢ ᠰᠠᠨᠠᠭᠤᠯᠭ᠎ᠠ᠃ ᠢᠦᠢ ᠵᠸᠤ ᠳ᠋ᠢ ᠪᠠᠯᠭᠠᠰᠤᠨ ᠤ ᠰᠦᠨ ᠢᠦᠢ ᠵᠢᠶᠦ᠋ᠨ ᠲᠥᠯᠥᠭᠡᠯᠡᠭᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠡᠷᠡᠭᠵᠢᠭᠦᠯᠬᠦ ᠲᠥᠰᠦᠯ ᠤᠨ ᠪᠣᠯᠤᠮᠵᠢᠲᠤ ᠨᠤᠲᠠᠯᠠᠯᠲᠠ᠂ ᠲᠥᠯᠥᠪᠵᠢᠭᠦᠯᠭᠡ ᠵᠢᠷᠤᠭ ᠲᠥᠯᠥᠪᠯᠡᠭᠡ ᠪᠣᠯᠤᠨ ᠰᠠᠨᠠᠯ ᠬᠤᠷᠢᠶᠠᠬᠤ ᠠᠵᠢᠯ ᠢ ᠰᠠᠶᠢᠲᠤᠷ ᠬᠢᠵᠦ᠂ ᠰᠠᠭᠤᠷᠢ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ ︵ᠣᠨᠴᠠᠭᠠᠶᠢᠯᠠᠨ ᠲᠣᠰᠬᠤᠨ ᠳᠤ ᠨᠡᠪᠲᠡᠷᠡᠬᠦ ᠬᠠᠶᠢᠷ ᠴᠢᠯᠠᠭᠤᠨ ᠵᠠᠮ ᠤᠨ ᠪᠦᠳᠦᠬᠡᠨ ᠪᠠᠶᠢᠭᠤᠯᠤᠯᠲᠠ︶ ᠶᠢ ᠬᠡᠷᠡᠭᠵᠢᠭᠦᠯᠬᠦ ᠶᠢ ᠤᠷᠢᠳᠠᠪᠠᠷ ᠪᠣᠳᠣᠯᠬᠢᠯᠠᠬᠤ ᠶᠢᠨ ᠬᠠᠮᠲᠤ ᠬᠢᠵᠠᠭᠠᠷ ᠲᠠᠢ ᠪᠡᠯᠡ ᠮᠥᠩᠭᠦ ᠶᠢ ᠨᠢᠬᠡᠳᠬᠡᠵᠣ᠂ ᠪᠡᠯᠡ ᠮᠥᠩᠭᠦ ᠶᠢ ᠳᠠᠪᠳᠠᠨ ᠬᠡᠷᠡᠭᠯᠡᠬᠦ ᠪᠠ ᠪᠦᠷᠢᠯᠭᠡᠬᠦ ᠠᠴᠠ ᠵᠠᠶᠢᠯᠠᠰᠬᠢᠬᠤ ᠶᠢ ᠰᠠᠨᠠᠭᠤᠯᠪᠠ᠃      ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠬᠦ ᠶᠢᠨ ᠲᠥᠯᠥᠭᠡ ᠂ ᠮᠠᠨ ᠤ ᠬᠤᠰᠢᠭᠤ ︽1+2+N︾ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠡᠪ ᠵᠠᠭᠪᠤᠷ ᠢ ᠲᠤᠭᠲᠠᠭᠠᠵᠤ᠂ 2021 ᠣᠨ ᠳᠤ 24102.31 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠥᠷᠢ ᠶᠢᠨ ᠪᠠᠯᠠ ᠮᠥᠩᠭᠦ ᠶᠢᠨ ᠲᠥᠷᠥᠯ ᠵᠦᠢᠯ ᠢ ᠨᠡᠶᠢᠲᠡ 179 ᠨᠠᠶᠢᠳᠠᠪᠤᠷᠢᠵᠢᠭᠤᠯᠪᠠ᠃ ᠡᠭᠦᠨ ᠤ ᠬᠠᠮᠲᠦ᠂ 2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠭᠡ ᠶᠢᠨ ᠲᠥᠰᠦᠯ ᠢ ᠱᠠᠯᠠᠪᠳᠠᠨ ᠲᠣᠭᠲᠠᠭᠠᠵᠤ᠂ 8 ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠪᠠ 6 ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠲᠣᠰᠬᠤᠨ ᠢ ᠲᠣᠭᠲᠠᠭᠠᠵᠤ᠂ ᠵᠢᠭᠤᠯᠴᠢᠯᠠᠯ ᠤᠨ ᠤᠨᠴᠠᠯᠢᠭᠳᠤ ᠲᠣᠰᠬᠤᠨ᠂ ᠢᠳᠡᠰᠢᠨ ᠨᠣᠭᠤᠭ᠎ᠠ ᠶᠢᠨ ᠲᠤᠰᠬᠠᠶ ᠲᠣᠰᠬᠤᠨ᠂ ᠮᠢᠬᠠᠨ ᠤ ᠦᠬᠡᠷ ᠲᠡᠵᠢᠭᠡᠨ ᠦᠷᠡᠵᠢᠭᠦᠯᠬᠦ ᠲᠣᠰᠬᠤᠨ᠂ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ ᠢ ᠭᠤᠤᠯᠳᠠᠯᠭ᠎ᠠ ᠲᠠᠢ ᠪᠠᠶᠢᠭᠤᠯᠵᠤ᠂ ᠡᠯ᠎ᠡ ᠲᠥᠷᠥᠯ ᠤᠨ ᠲᠣᠰᠬᠤᠨ ᠢ ᠴᠣᠭᠴᠠᠯᠠᠬᠤ ᠪᠠᠷ ᠳᠡᠮᠵᠢᠨ᠂ ᠠᠳᠠᠯᠢ ᠪᠤᠰᠤ ᠠᠵᠢᠯ ᠲᠥᠷᠥᠯ᠂ ᠬᠦᠷᠢᠶ᠎ᠡ ᠴᠠᠷᠠᠭ᠎ᠠ ᠪᠠ ᠠᠵᠤ ᠦᠢᠯᠡᠰ ᠤᠨ ᠵᠢᠱᠢᠶ᠎ᠡ ᠦᠵᠡᠭᠦᠯᠬᠦ ᠳᠠᠭᠠᠭᠤᠯᠤᠭᠴᠢ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠴᠢᠨᠠᠷ ᠰᠠᠶᠢᠲᠠᠶ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号