ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠲᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠪᠢᠴᠢᠭ ᠤᠨ ᠬᠡᠯᠪᠡᠷᠢ︶
ᠨᠡᠶᠢᠲᠡᠯᠡᠭᠰᠡᠨ ᠴᠠᠭ᠄
2022/1/18
     ︵ᠬᠤᠷᠢ︶ ᠳᠠᠷᠬᠠᠬᠠᠭᠤᠯᠠ ᠰᠤᠮᠤ ᠶᠢᠨ ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠬᠠᠤ ᠠᠰᠠᠭᠤᠳᠠᠯ  ᠤᠨ ᠲᠤᠬᠠᠶ ᠰᠠᠨᠠᠭᠤᠯᠭ᠎ᠠ᠃ ᠳᠠᠷᠬᠠᠬᠠᠭᠤᠯᠠ ᠰᠤᠮᠤᠨ ᠤ ᠰᠣᠶᠣᠯᠲᠤ ᠵᠡᠷᠭᠡ 8 ᠲᠥᠯᠥᠭᠡᠯᠡᠭᠴᠢ᠂ ᠵᠠᠰᠠᠭ ᠤᠨ ᠣᠷᠳᠣᠨ ᠠᠴᠠ ᠡᠪᠦᠯ ᠤᠨ ᠤᠯᠠᠷᠢᠯ ᠤᠨ ᠵᠤᠳ ᠭᠠᠮᠰᠢᠭ ᠲᠤ ᠬᠠᠨᠳᠤᠭᠤᠯᠤᠨ ᠲᠥᠷᠥ ᠶᠢᠨ ᠪᠣᠳᠣᠯᠭ᠎ᠠ ᠶᠢᠨ ᠲᠤᠰᠠᠯᠠᠮᠵᠢ ᠦᠵᠡᠭᠦᠯᠬᠦ ᠶᠢᠨ ᠬᠠᠮᠲᠤ ᠮᠠᠯᠵᠢᠬᠤ ᠣᠷᠣᠨ ᠤ ᠭᠠᠮᠰᠢᠭ ᠢ ᠡᠰᠡᠷᠭᠦᠴᠡᠬᠦ ᠲᠥᠬᠦᠭᠡᠷᠦᠮᠵᠢ ᠶᠢ ᠰᠠᠶᠢᠵᠢᠷᠠᠭᠤᠯᠬᠤ ᠶᠢ ᠰᠠᠨᠠᠭᠤᠯᠤᠭᠰᠠᠨ ᠪᠠᠶᠢᠨ᠎ᠠ᠃      ᠲᠥᠯᠥᠭᠡᠯᠡᠭᠴᠢᠳ ᠤᠨ ᠳᠤᠷᠠᠳᠤᠭᠰᠠᠨ ᠵᠠᠮ ᠬᠠᠷᠢᠯᠴᠠᠭ᠎ᠠ ᠳᠥᠭᠦᠮ ᠦᠭᠡᠢ᠂ ᠡᠪᠦᠯ ᠤᠨ ᠤᠯᠠᠷᠢᠯ ᠴᠠᠰᠤ ᠵᠤᠳ ᠪᠣᠯᠪᠠᠯ ᠴᠠᠭ ᠲᠤᠬᠠᠢ ᠳᠤᠨᠢ ᠵᠠᠮ ᠨᠡᠪᠲᠡᠷᠡᠭᠦᠯᠵᠦ ᠳᠡᠶᠢᠯᠬᠦ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠨᠢᠭᠡ ᠳᠤ ᠨᠠᠷᠠᠰᠤ ᠭᠠᠴᠠᠭᠠᠨ ᠳᠤ ᠬᠠᠶᠢᠷ ᠴᠢᠯᠠᠭᠤᠨ ᠵᠠᠮ ᠨᠡᠪᠲᠡᠷᠡᠭᠦᠯᠬᠦ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠶᠡᠷᠦᠩᠬᠡᠢ ᠤᠷᠳᠤ ᠨᠢ 18.798 ᠺᠢᠯᠤᠮᠧᠲᠷ᠂ 303.1279 ᠲᠦᠮᠡᠨ ᠲᠥᠭᠦᠷᠢᠭ ᠤᠨ ᠪᠡᠯᠡ ᠣᠷᠣᠭᠤᠯᠵᠤ᠂ 10 ᠰᠠᠷ᠎ᠠ ᠶᠢᠨ ᠰᠡᠭᠦᠯᠴᠢ ᠪᠠᠷ ᠪᠠᠷᠢᠯᠭ᠎ᠠ ᠶᠢᠨ ᠠᠵᠢᠯ ᠢ ᠳᠠᠭᠤᠰᠬᠠᠪᠠ︔ ᠬᠤᠶᠠᠷ ᠲᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠵᠢᠵᠢᠭ ᠬᠡᠯᠪᠡᠷᠢ ᠶᠢᠨ ᠦᠢᠯᠡᠳᠪᠦᠷᠢᠯᠡᠯ ᠠᠮᠢᠳᠤᠷᠠᠯ ᠤᠨ ᠲᠥᠬᠦᠭᠡᠷᠦᠮᠵᠢ ︵ᠴᠠᠰᠤ ᠬᠠᠯᠬᠠᠯᠠᠬᠤ ᠲᠣᠤᠷ ᠤᠨ ᠲᠥᠷᠥᠯ ᠵᠦᠢᠯ︶ ᠶᠢ ᠲᠥᠯᠥᠪᠵᠢᠭᠦᠯᠦᠨ ᠬᠡᠷᠡᠭᠵᠢᠭᠦᠯᠵᠦ᠂ 58.2 ᠲᠦᠮᠡᠨ ᠲᠥᠭᠦᠷᠢᠭ ᠤᠨ ᠪᠠᠯᠠ ᠣᠷᠣᠭᠤᠯᠵᠤ᠂ 1.5 ᠮᠧᠲᠷ ᠤᠨ ᠥᠨᠳᠥᠷ ᠳᠣᠯᠠᠭᠠᠨᠳᠣ ᠴᠠᠶᠢᠷ ᠢᠶᠠᠷ ᠥᠩᠭᠡᠯᠡᠭᠰᠡᠨ ᠲᠡᠮᠦᠷᠯᠢᠭ ᠤᠨ ᠴᠠᠰᠤ ᠬᠠᠯᠬᠠᠯᠠᠬᠤ ᠲᠣᠤᠷ ᠢ 4500 ᠤᠷᠳᠤᠳᠬᠠᠯ ᠮᠧᠲᠷ ᠤᠭᠰᠠᠷᠠᠪᠠ ︔ ᠭᠤᠷᠪᠠ ᠳᠤ ᠤᠤᠯ ᠤᠨ ᠪᠠᠶᠢᠭᠰᠠᠨ 1 ᠠᠴᠢᠵᠤ ᠪᠠᠭᠤᠯᠭᠠᠬᠤ ᠲᠡᠷᠭᠡ ᠶᠢᠨ ᠰᠠᠭᠤᠷᠢᠨ ᠳᠡᠭᠡᠷ᠎ᠡ᠂ 2 ᠠᠴᠢᠵᠤ ᠪᠠᠭᠤᠯᠭᠠᠬᠤ ᠲᠡᠷᠭᠡ ᠲᠣᠬᠢᠷᠠᠭᠤᠯᠪᠠ᠃
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号