ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠲᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠪᠢᠴᠢᠭ ᠤᠨ ᠬᠡᠯᠪᠡᠷᠢ︶
ᠨᠡᠶᠢᠲᠡᠯᠡᠭᠰᠡᠨ ᠴᠠᠭ᠄
2022/1/21
     ︵ᠬᠤᠷᠢᠨ ᠲᠦᠷᠪᠡ︶ ᠦᠨᠳᠦᠰᠦᠨ ᠱᠠᠲᠤᠨ ᠤ ᠰᠤᠷᠭᠠᠭᠤᠯᠢ ᠶᠢᠨ ᠵᠠᠷᠤᠳᠠᠯ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠲᠤᠬᠠᠶ ᠰᠠᠨᠠᠭᠤᠯᠭ᠎ᠠ᠃ ᠪᠠᠶᠠᠨᠴᠠᠭᠠᠨ ᠰᠤᠮᠤ ᠶᠢᠨ ᠨᠠᠷᠠᠨᠬᠤᠸᠠᠷ ᠵᠡᠷᠭᠡ 4 ᠲᠦᠯᠦᠭᠡᠯᠡᠭᠴᠢ ᠦᠨᠳᠦᠰᠦᠨ ᠱᠠᠲᠤᠨ ᠤ ᠰᠤᠷᠭᠠᠭᠤᠯᠢ ᠶᠢᠨ ᠵᠠᠷᠤᠳᠠᠯ ᠤᠨ ᠲᠤᠭ᠎ᠠ ᠬᠡᠮᠵᠢᠶ᠎ᠡ ᠶᠢ ᠨᠡᠮᠡᠭᠳᠡᠭᠦᠯᠬᠦ ᠰᠠᠨᠠᠭᠤᠯᠭ᠎ᠠ ᠭᠠᠷᠭᠠᠵᠠᠶ᠃      ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠨᠠᠷᠢᠨ ᠬᠢᠨᠠᠮᠠᠭᠠᠶ ᠵᠠᠳᠠᠯᠤᠨ ᠰᠤᠳᠤᠯᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠰᠤᠷᠭᠠᠭᠤᠯᠢ ᠶᠢᠨ ᠵᠠᠷᠤᠳᠠᠯ ᠤᠨ ᠨᠥᠬᠦᠪᠥᠷᠢ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠪᠠ᠃ ᠨᠢᠭᠡ ᠳᠤ᠂ ︽︿ᠡᠳ᠋ ᠤᠨ ᠵᠠᠰᠠᠭ ᠤᠨ ᠶᠠᠮᠤᠨ ᠰᠤᠷᠭᠠᠨ ᠬᠥᠮᠦᠵᠢᠯ ᠤᠨ ᠶᠠᠮᠣᠨ ᠤ ︿ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠪᠠᠭᠰᠢ ᠶᠢᠨ ᠤᠯᠤᠰ ᠤᠨ ᠲᠠᠰ ᠤᠨ ᠪᠣᠯᠪᠠᠰᠤᠷᠠᠭᠤᠯᠤᠯ ᠤᠨ ᠲᠥᠯᠥᠪᠯᠡᠭᠡ ᠶᠢᠨ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ﹀ ᠵᠡᠷᠭᠡ ᠲᠠᠪᠤᠨ ᠪᠢᠴᠢᠭ ᠮᠠᠲ᠋ᠧᠷᠢᠶᠠᠯ ᠢ ᠳᠠᠮᠵᠢᠭᠤᠯᠤᠨ ᠲᠠᠷᠬᠠᠭᠠᠬᠤ ᠳᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠰᠣᠷᠭᠠᠨ ᠬᠦᠮᠦᠵᠢᠯ ᠤᠨ ᠲᠢᠩᠬᠢᠮ ᠤᠨ ᠮᠡᠳᠡᠭᠳᠡᠯ﹀᠎ ᠢ ᠳᠠᠮᠵᠢᠭᠤᠯᠤᠨ ᠲᠠᠷᠬᠠᠭᠠᠬᠤ ᠲᠤᠬᠠᠶ ᠤᠯᠠᠭᠠᠨᠬᠠᠳᠠ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠰᠤᠷᠭᠠᠨ ᠬᠥᠮᠦᠵᠢᠯ ᠤᠨ ᠲᠣᠪᠴᠢᠶ᠎ᠠ ᠶᠢᠨ ᠮᠡᠳᠡᠭᠳᠡᠯ︾ ︵ᠤᠯᠠᠭᠠᠨᠬᠠᠳᠠ ᠡᠳ᠋ ᠰᠤᠷᠭᠠᠨ ﹇2021﹈ 246 ᠳ᠋ᠣᠭᠠᠷ ᠲᠣᠭᠠᠲᠤ︶᠂ ︽2022 ᠣᠨ ᠤ ᠰᠠᠯᠠᠭ᠎ᠠ ᠮᠥᠴᠢᠷ ᠤᠨ ᠲᠥᠰᠦᠪ ᠢ ᠨᠠᠶᠢᠷᠠᠭᠤᠯᠤᠨ ᠵᠣᠬᠢᠶᠠᠬᠤ ᠲᠤᠬᠠᠶ ᠬᠡᠰᠢᠭᠲᠡᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠵᠠᠬᠢᠳᠠᠯ︾ ︵ᠬᠡᠰᠢᠭᠲᠡᠨ ᠡᠳ᠋ ᠤᠨ ᠵᠠᠰᠠᠭ ᠲᠠᠷᠬᠠᠭᠠᠭᠰᠠᠨ ﹇2021﹈ 151 ᠳ᠋ᠣᠬᠡᠷ ᠳᠣᠭᠠᠳᠣ︶᠎ ᠤᠨ ᠶᠣᠰᠣᠭᠠᠷ᠂ ᠬᠢᠲᠠᠳ ᠢᠶᠠᠷ ᠬᠢᠴᠢᠶᠡᠯᠯᠡᠬᠦ ᠰᠤᠷᠭᠠᠭᠤᠯᠢ᠂ ᠬᠤᠤᠰ ᠬᠡᠯᠡ ᠪᠠᠷ ᠬᠢᠴᠢᠶᠡᠯᠯᠡᠬᠦ ᠰᠤᠷᠭᠠᠭᠤᠯᠢ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠪᠣᠯᠤᠨ ᠠᠩᠭᠢ ᠳᠠᠭᠠᠵᠤ ᠰᠤᠷᠤᠯᠴᠠᠭᠰᠠᠨ ᠵᠡᠮᠳᠡᠭ ᠰᠤᠷᠤᠭᠴᠢᠳ ᠲᠤ ᠲᠣᠰ ᠲᠣᠰ ᠨᠥᠬᠦᠪᠥᠷᠢ ᠶᠢ ᠨᠠᠶᠢᠳᠠᠪᠣᠷᠢᠵᠢᠭᠤᠯᠵᠣ᠂ ᠬᠡᠰᠡᠭ ᠬᠡᠪᠴᠢᠶ᠎ᠡ ᠪᠠᠷ ᠨᠡᠯᠢᠶᠡᠳ ᠪᠠᠭ᠎ᠠ ᠰᠤᠷᠭᠠᠭᠤᠯᠢ ᠂ ᠰᠣᠷᠣᠭᠴᠢ ᠶᠢᠨ ᠵᠢᠯ ᠤᠨ ᠳᠤᠮᠳᠠᠴᠢ ᠨᠡᠶᠢᠲᠡ ᠶᠢᠨ ᠬᠡᠷᠡᠭᠯᠡᠭᠡᠨ ᠤ ᠵᠠᠷᠤᠳᠠᠯ ᠨᠢ ᠨᠡᠶᠢᠲᠡ 15 ᠲᠦᠮᠡᠨ ᠲᠥᠭᠦᠷᠢᠭ ᠬᠥᠷᠬᠦ ᠥᠬᠡᠶ ᠶᠢ ᠣᠷᠣᠨ ᠨᠤᠲᠤᠭ ᠤᠨ ᠡᠳ᠋ ᠤᠨ ᠵᠠᠰᠠᠭ ᠠᠴᠠ ᠨᠥᠬᠦᠪᠥᠷᠢᠯᠡᠵᠦ᠂ ᠬᠡᠪᠴᠢᠶ᠎ᠡ ᠎ ᠪᠠᠷ ᠪᠠᠭ᠎ᠠ ᠰᠤᠷᠭᠠᠭᠤᠯᠢ ᠶᠢᠨ 15 ᠲᠦᠮᠡᠨ ᠲᠥᠭᠦᠷᠢᠭ ᠤᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠠ ᠶᠢ ᠬᠦᠢᠴᠡᠳ ᠪᠠᠲᠤᠯᠠᠬᠤ ᠶᠢ ᠪᠡᠶᠡᠯᠡᠬᠦᠯᠵᠡᠢ᠃ ᠬᠤᠶᠠᠷ ᠲᠤ ᠳᠡᠭᠡᠳᠦ ᠱᠠᠲᠤᠨ ᠠᠴᠠ ᠪᠠᠭᠤᠯᠭᠠᠭᠰᠠᠨ ᠰᠣᠷᠣᠭᠴᠢ ᠨᠢᠭᠡᠪᠦᠷᠢ ᠶᠢᠨ 215 ᠲᠥᠭᠦᠷᠢᠭ ᠤᠨ ᠳᠣᠯᠠᠭᠠᠯᠠᠭ᠎ᠠ ᠶᠢᠨ ᠰᠦᠢᠳᠬᠡᠯ ᠤᠨ ᠪᠠᠷᠢᠮᠵᠢᠶ᠎ᠠ ᠶᠢ ᠪᠠᠭᠤᠯᠭᠠᠭᠰᠠᠨ ᠰᠠᠭᠤᠷᠢᠨ ᠳᠡᠭᠡᠷ᠎ᠡ᠂ ᠬᠤᠰᠢᠭᠤᠨ ᠤ ᠡᠳ᠋ ᠤᠨ ᠵᠠᠰᠠᠭ ᠠᠴᠠ ᠵᠢᠯ ᠪᠦᠷᠢ ᠪᠢᠷᠠᠭᠤ ᠪᠠᠯᠭᠠᠰᠤᠨ ᠤ ᠳᠣᠯᠠᠭᠠᠯᠠᠭ᠎ᠠ ᠶᠢᠨ ᠰᠦᠢᠳᠬᠡᠯ ᠤᠨ ᠦᠨ᠎ᠡ ᠬᠠᠩᠰᠢ ᠶᠢᠨ ᠪᠠᠷᠢᠮᠵᠢᠶ᠎ᠠ ᠵᠢᠴᠢ ᠰᠤᠷᠭᠠᠭᠤᠯᠢ ᠶᠢᠨ ᠳᠣᠯᠠᠭᠠᠯᠠᠭ᠎ᠠ ᠶᠢᠨ ᠲᠠᠯᠠᠪᠠᠶ ᠪᠠᠷ ᠡᠯ᠎ᠡ ᠰᠤᠷᠭᠠᠭᠤᠯᠢ ᠶᠢᠨ ᠳᠣᠯᠠᠭᠠᠯᠠᠭ᠎ᠠ ᠶᠢᠨ ᠰᠦᠢᠳᠬᠡᠯ ᠢ ᠲᠣᠭᠠᠴᠠᠭ᠎ᠠ ᠬᠢᠵᠦ᠂ ᠬᠦᠷᠦᠯᠴᠡᠬᠦ ᠥᠬᠡᠶ ᠬᠡᠰᠡᠭ ᠢ ᠨᠦᠬᠦᠪᠦᠷᠢᠯᠡᠪᠡ᠃ ᠭᠤᠷᠪᠠ ᠳᠤ᠂ ᠮᠠᠨ ᠤ ᠬᠤᠰᠢᠭᠤ ᠵᠢᠯ ᠪᠦᠷᠢ 30 ᠲᠦᠮᠡᠨ ᠲᠥᠭᠦᠷᠢᠭ ᠤᠨ ᠦᠨᠳᠦᠰᠦᠲᠡᠨ ᠤ ᠰᠤᠷᠭᠠᠨ ᠬᠥᠮᠦᠵᠢᠯ ᠤᠨ ᠲᠡᠳᠬᠦᠮᠵᠢ ᠶᠢᠨ ᠮᠥᠩᠭᠦ ᠭᠠᠷᠭᠠᠵᠤ᠂ ᠦᠨᠳᠦᠰᠦᠲᠡᠨ ᠤ ᠰᠤᠷᠭᠠᠨ ᠬᠥᠮᠦᠵᠢᠯ ᠤᠨ ᠰᠤᠷᠭᠠᠭᠤᠯᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠢ ᠨᠦᠬᠦᠪᠦᠷᠢᠯᠡᠵᠣ ᠪᠣᠢ᠃ ᠲᠠᠷᠠᠭᠠᠴᠢ ᠶᠢᠨ ᠠᠯᠬᠤᠮ ᠳᠤ᠂ ᠣᠯᠠᠨ ᠠᠷᠭ᠎ᠠ ᠵᠠᠮ ᠢᠶᠠᠷ ᠪᠠᠯᠠ ᠮᠥᠩᠭᠦ ᠶᠢᠨ ᠳᠡᠮᠵᠢᠯᠭᠡ ᠶᠢ ᠦᠷᠭᠦᠯᠵᠢᠯᠡᠨ ᠣᠯᠵᠤ᠂ ᠦᠨᠳᠦᠰᠦᠨ ᠱᠠᠲᠤᠨ ᠤ ᠰᠤᠷᠭᠠᠭᠤᠯᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠦᠨᠳᠦᠰᠦᠨ ᠱᠠᠲᠤᠨ ᠤ ᠰᠤᠷᠭᠠᠭᠤᠯᠢ ᠶᠢᠨ ᠬᠡᠪ ᠤᠨ ᠲᠣᠭᠲᠠᠭᠤᠨ ᠢᠶᠠᠷ ᠰᠣᠷᠭᠠᠭᠤᠯᠢ ᠡᠷᠬᠢᠯᠡᠬᠦ ᠎ ᠶᠢ ᠪᠠᠳᠣᠯᠠᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号