︵ᠬᠤᠷᠢᠨ ᠲᠠᠪᠤ︶ ᠪᠠᠭᠰᠢ ᠨᠠᠷ ᠤᠨ ᠳᠠᠷᠤᠭᠠᠰᠤ ᠶᠢ ᠬᠥᠩᠭᠡᠯᠡᠬᠦ ᠲᠤᠬᠠᠶ ᠰᠠᠨᠠᠭᠤᠯᠭ᠎ᠠ᠃ ᠪᠠᠶᠠᠨᠴᠠᠭᠠᠨ | ᠰᠤᠮᠤ ᠶᠢᠨ ᠨᠠᠷᠠᠨᠬᠤᠸᠠᠷ ᠵᠡᠷᠭᠡ 4 ᠳᠦᠯᠦᠬᠡᠯᠡᠭᠴᠢ ᠪᠠᠭᠰᠢ ᠶᠢᠨ ᠳᠠᠷᠤᠭᠠᠰᠤ ᠶᠢ ᠬᠥᠩᠭᠡᠯᠡᠵᠦ᠂ ᠵᠢᠭᠠᠨ | ᠰᠤᠷᠭᠠᠯᠲᠠ ᠶᠢᠨ ᠡᠭᠦᠷᠭᠡ ᠠᠴᠠ ᠭᠠᠳᠠᠨᠠᠬᠢ ᠠᠵᠢᠯ ᠤᠨ ᠡᠭᠦᠷᠭᠡ ᠶᠢ ᠪᠠᠭᠠᠰᠬᠠᠬᠤ ᠳᠣᠬᠠᠢ ᠰᠠᠨᠠᠭᠤᠯᠭ᠎ᠠ ᠭᠠᠷᠭᠠᠵᠠᠢ᠃ | | ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠰᠤᠷᠭᠠᠨ | ᠬᠥᠮᠦᠵᠢᠯ ᠤᠨ ᠲᠣᠪᠴᠢᠶ᠎ᠠ ᠨᠠᠷᠢᠨ ᠬᠢᠨᠠᠮᠠᠭᠠᠶ ᠪᠠᠶᠢᠴᠠᠭᠠᠨ ᠰᠤᠳᠤᠯᠤᠯᠲᠠ ᠬᠢᠵᠦ᠂ ᠣᠯᠠᠨ ᠠᠷᠭ᠎ᠠ ᠬᠡᠮᠵᠢᠶ᠎ᠡ ᠶᠢ | ᠵᠡᠷᠭᠡᠪᠡᠷ ᠬᠡᠷᠡᠭᠯᠡᠨ ᠪᠠᠭᠰᠢ ᠶᠢᠨ ᠠᠵᠢᠯ ᠠᠴᠠ ᠭᠠᠳᠠᠨᠠᠬᠢ ᠳᠠᠷᠤᠭᠠᠰᠤ ᠶᠢ ᠬᠥᠩᠭᠡᠯᠡᠵᠦ᠂ ᠪᠠᠭᠰᠢ ᠶᠢᠨ ᠣᠶᠤᠨ | ᠴᠢᠳᠠᠯ ᠢᠶᠠᠨ ᠰᠤᠷᠭᠠᠨ ᠬᠥᠮᠦᠵᠢᠯ ᠵᠢᠭᠠᠨ ᠰᠤᠷᠭᠠᠯᠲᠠ ᠳᠤ ᠭᠤᠤᠯ ᠬᠡᠷᠡᠭᠯᠡᠬᠦ ᠶᠢ ᠦᠨᠡᠨᠬᠦ ᠪᠠᠲᠤᠯᠠᠪᠠ᠃ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠳᠠᠷᠤᠭᠠᠰᠤ ᠶᠢ | ᠬᠥᠩᠭᠡᠷᠡᠭᠦᠯᠬᠦ ᠨᠠᠷᠢᠨ ᠲᠠᠩᠰᠠ︾ ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠱᠠᠭᠠᠷᠳᠠᠨ ᠪᠠᠶᠢᠴᠠᠭᠠᠬᠤ | ᠰᠢᠯᠭᠠᠨ ᠠᠳᠠᠯᠢᠳᠬᠠᠬᠤ ᠪᠠ ᠬᠢᠨᠡᠨ ᠰᠢᠯᠭᠠᠬᠤ ᠳᠠᠷᠤᠭᠠᠰᠤ᠂ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ | ᠬᠦᠷᠢᠶᠡᠨ ᠳᠤ ᠣᠷᠣᠭᠤᠯᠬᠤ ᠳᠠᠷᠤᠭᠠᠰᠤ᠂ ᠬᠦᠰᠦᠨᠦᠭ ᠲᠠᠭᠯᠠᠨ ᠪᠦᠷᠢᠳᠬᠡᠬᠦ ᠳᠠᠷᠤᠭᠠᠰᠤ᠂ ᠬᠡᠯᠪᠡᠷᠢᠴᠢ ᠦᠵᠡᠯ᠂ | ᠨᠣᠶᠠᠨᠴᠢ ᠦᠵᠡᠯ ᠠᠴᠠ ᠪᠣᠯᠤᠭᠰᠠᠨ ᠳᠠᠷᠤᠭᠠᠰᠤ ᠵᠡᠷᠭᠡ ᠲᠠᠯ᠎ᠠ ᠶᠢᠨ ᠲᠣᠭᠤᠷᠢᠨ ᠳᠤ᠂ ᠪᠠᠷᠢᠮᠵᠢᠶ᠎ᠠ ᠲᠠᠢ | ᠬᠠᠷᠭᠤᠭᠤᠯᠵᠤ ᠬᠦᠰᠦᠨᠦᠭᠲᠦ ᠲᠠᠢ ᠬᠠᠷᠭᠤᠭᠤᠯᠵᠤ ᠪᠥᠬᠦ ᠲᠠᠯ᠎ᠠ ᠪᠠᠷ ᠥᠪᠡᠷ ᠤᠨ ᠪᠠᠶᠢᠴᠠᠭᠠᠯᠲᠠ ᠬᠢᠵᠦ᠂ ᠪᠠᠭᠰᠢ ᠶᠢᠨ | ᠡᠯ᠎ᠡ ᠵᠦᠢᠯ ᠤᠨ ᠡᠷᠬᠡ ᠠᠰᠢᠭ ᠢ ᠪᠠᠳᠣᠯᠠᠵᠠᠢ︔ ᠪᠠᠭᠰᠢ ᠶᠢᠨ ᠠᠵᠢᠯ ᠤᠨ ᠬᠡᠮᠵᠢᠶ᠎ᠡ ᠶᠢ ᠤᠯᠠᠮ ᠨᠢᠭᠡ ᠠᠯᠬᠤᠮ | ᠴᠢᠩᠭ᠎ᠠ ᠬᠢᠨᠠᠨ ᠲᠣᠭᠲᠠᠭᠠᠵᠤ᠂ ᠪᠠᠭᠰᠢ ᠶᠢᠨ ᠠᠵᠢᠯ ᠡᠭᠦᠷᠭᠡᠯᠡᠨ ᠬᠢᠬᠦ ᠶᠢ ᠵᠣᠷᠢᠭᠵᠢᠭᠤᠯᠪᠠ᠃ ᠬᠤᠰᠢᠭᠤᠨ ᠤ | ᠰᠤᠷᠭᠠᠨ ᠬᠥᠮᠦᠵᠢᠯ ᠤᠨ ᠲᠣᠪᠴᠢᠶ᠎ᠠ ︽ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠠᠵᠢᠯᠯᠠᠭᠠᠨ ᠡᠷᠭᠢᠯᠡᠬᠦ | ᠬᠠᠮᠢᠶᠠᠷᠤᠯᠲᠠ ᠶᠢᠨ ᠠᠷᠭ᠎ᠠ︾ ᠶᠢ ᠲᠣᠭᠲᠠᠭᠠᠵᠤ᠂ ᠡᠯ᠎ᠡ ᠲᠥᠷᠥᠯ ᠤᠨ ᠠᠵᠢᠯᠯᠠᠭᠠᠨ ᠢ ᠬᠢᠨᠠᠨ ᠬᠠᠷᠭᠤᠭᠤᠯᠬᠤ | ᠪᠣᠭᠤᠮᠲᠠ ᠶᠢ ᠴᠢᠩᠭ᠎ᠠ ᠠᠳᠬᠤᠨ᠂ ᠨᠡᠶᠢᠯᠡᠭᠦᠯᠵᠦ ᠪᠣᠯᠬᠤ ᠶᠢ ᠨᠢ ᠨᠡᠶᠢᠯᠡᠭᠦᠯᠵᠦ᠂ ᠦᠭᠡᠶᠢᠰᠬᠡᠵᠦ ᠪᠣᠯᠬᠤ ᠶᠢ ᠨᠢ | ᠦᠭᠡᠶᠢᠰᠬᠡᠵᠦ᠂ ᠡᠷᠬᠢᠯᠡᠬᠦ ᠴᠢᠬᠤᠯᠠ ᠦᠭᠡᠢ ᠶᠢ ᠡᠷᠭᠢᠯᠡᠬᠦ ᠥᠬᠡᠶ ᠪᠠᠶᠢᠬᠤ ᠵᠠᠷᠴᠢᠮ ᠶᠣᠰᠣᠭᠠᠷ᠂ ᠪᠠᠭᠰᠢ ᠶᠢᠨ | ᠳᠠᠷᠤᠭᠠᠰᠤ ᠶᠢ ᠦᠨᠡᠨᠬᠦ ᠬᠥᠩᠭᠡᠷᠡᠭᠦᠯᠵᠦ᠂ ᠪᠠᠭᠰᠢ ᠨᠠᠷ ᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠳᠤ | ᠨᠠᠩ ᠢᠯᠡᠭᠦᠤ ᠬᠦᠴᠦ ᠲᠠᠯᠪᠢᠭᠤᠯᠤᠨ᠎ᠠ᠃ |