ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠲᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠪᠢᠴᠢᠭ ᠤᠨ ᠬᠡᠯᠪᠡᠷᠢ︶
ᠨᠡᠶᠢᠲᠡᠯᠡᠭᠰᠡᠨ ᠴᠠᠭ᠄
2022/1/21
     ︵ᠬᠤᠷᠢᠨ ᠨᠢᠭᠡ︶ ᠳᠠᠷᠬᠠᠬᠠᠭᠤᠯᠠ ᠰᠤᠮᠤ ᠶᠢᠨ ᠬᠠᠷᠢᠶ᠎ᠠ ᠣᠷᠣᠨ ᠳᠤ ᠤᠰᠤ ᠬᠤᠷᠠᠵᠤ ᠪᠠᠶᠢᠭ᠎ᠠ ᠬᠦᠨᠳᠦ ᠨᠣᠴᠢᠲᠠᠶ ᠠᠰᠠᠭᠤᠳᠠᠯ ᠢ ᠰᠢᠢᠳᠪᠦᠷᠢᠯᠡᠬᠦ ᠲᠤᠬᠠᠶ ᠰᠠᠨᠠᠭᠤᠯᠭ᠎ᠠ᠃ ᠳᠠᠷᠬᠠᠠᠠᠭᠤᠯᠠ ᠰᠤᠮᠤᠨ ᠤ ᠲᠤᠶᠠᠭᠠᠲᠤ ᠵᠡᠷᠭᠡ 8 ᠲᠥᠯᠥᠭᠡᠯᠡᠭᠴᠢ ᠠᠷᠭ᠎ᠠ ᠬᠡᠮᠵᠢᠶ᠎ᠡ ᠠᠪᠴᠤ ᠪᠠᠶᠢᠭᠠᠳ ᠳᠠᠷᠬᠠᠬᠠᠭᠤᠯᠠ ᠰᠤᠮᠤᠨ ᠤ ᠰᠠᠭᠤᠭᠠᠯᠢ ᠠᠷᠠᠳ ᠤᠨ ᠵᠥᠪᠯᠡᠯ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠰᠠᠶᠢᠵᠢᠷᠠᠭᠤᠯᠵᠤ᠂ ᠤᠰᠤ ᠬᠤᠷᠠᠬᠤ ᠠᠰᠠᠭᠤᠳᠠᠯ ᠢ ᠰᠢᠢᠳᠪᠦᠷᠢᠯᠡᠬᠦ ᠶᠢ ᠰᠠᠨᠠᠭᠤᠯᠵᠠᠶ᠃      ᠲᠥᠯᠥᠭᠡᠯᠡᠭᠴᠢᠳ ᠤᠨ ᠳᠤᠷᠠᠳᠤᠭᠰᠠᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠳᠠᠷᠬᠠᠬᠠᠭᠤᠯᠠ ᠰᠤᠮᠤ ᠲᠤᠬᠠᠶ ᠶᠢᠨ ᠭᠠᠵᠠᠷ ᠲᠤᠨᠢ ᠬᠦᠷᠴᠦ ᠬᠠᠶᠢᠨ ᠪᠠᠶᠢᠴᠠᠭᠠᠵᠤ ᠬᠢᠨᠠᠨ ᠬᠠᠷᠭᠤᠭᠤᠯᠤᠭᠠᠳ᠂ ᠳᠡᠭᠡᠷ᠎ᠡ ᠳᠤᠷᠠᠳᠤᠭᠰᠠᠨ ᠤᠰᠤ ᠬᠤᠷᠠᠭᠰᠠᠨ ᠵᠠᠮ ᠤᠨ ᠬᠡᠰᠡᠭ ᠲᠤ 2500 ᠮᠧᠲᠷ ᠤᠨ ᠤᠰᠤ ᠵᠠᠯᠠᠬᠤ ᠰᠤᠪᠠᠭ ᠵᠠᠰᠠᠵᠤ᠂ 300 ᠲᠦᠮᠡᠨ ᠲᠥᠭᠦᠷᠢᠭ ᠤᠨ ᠪᠠᠯᠠ ᠣᠷᠤᠭᠤᠯᠬᠤ ᠪᠠᠷ ᠲᠦᠯᠦᠪᠯᠡᠨ᠂ ᠣᠲᠣ ᠨᠢᠭᠡᠨᠲᠡ ᠬᠤᠰᠢᠭᠤᠨ ᠤ ᠬᠥᠭᠵᠢᠭᠦᠯᠦᠯᠲᠡ ᠬᠢᠭᠡᠳ ᠥᠭᠡᠷᠡᠴᠢᠯᠡᠯᠲᠡ ᠶᠢᠨ ᠵᠥᠪᠯᠡᠯ ᠳᠤ ᠲᠥᠷᠥᠯ ᠵᠦᠢᠯ ᠢ ᠭᠤᠶᠤᠴᠢᠯᠠᠨ ᠮᠡᠳᠡᠭᠦᠯᠵᠦ᠂ 2022 ᠤᠨ ᠳᠤ ᠭᠠᠵᠠᠷ ᠭᠡᠰᠦᠭᠰᠡᠨ ᠤ ᠳᠠᠷᠠᠭ᠎ᠠ ᠬᠡᠷᠡᠭᠵᠢᠭᠦᠯᠬᠦ ᠪᠠᠷ ᠵᠢᠱᠢᠵᠦ ᠪᠣᠶ᠃
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号