ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠲᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠪᠢᠴᠢᠭ ᠤᠨ ᠬᠡᠯᠪᠡᠷᠢ︶
ᠨᠡᠶᠢᠲᠡᠯᠡᠭᠰᠡᠨ ᠴᠠᠭ᠄
2022/1/21
     ︵ᠬᠤᠷᠢᠨ ᠬᠤᠶᠠᠷ︶ ᠪᠠᠶᠠᠨᠴᠠᠭᠠᠨ ᠰᠤᠮᠤ ᠶᠢᠨ ᠬᠠᠷᠢᠶ᠎ᠠ ᠣᠷᠣᠨ ᠤ 220 ᠵᠠᠰᠠᠮᠠᠯ ᠵᠠᠮ ᠤᠨ ᠬᠤᠶᠠᠷ ᠬᠠᠵᠠᠭᠤ ᠳᠤ ᠴᠠᠰᠤ ᠬᠠᠯᠬᠠᠯᠠᠬᠤ ᠬᠡᠷᠡᠮ ᠪᠠᠷᠢᠬᠤ ᠲᠤᠬᠠᠶ ᠰᠠᠨᠠᠭᠤᠯᠭ᠎ᠠ᠃ ᠪᠠᠶᠠᠨᠴᠠᠭᠠᠨ ᠰᠤᠮᠤ ᠶᠢᠨ ᠬᠠᠰᠪᠠᠭᠠᠲᠤᠷ ᠵᠡᠷᠭᠡ 4 ᠲᠦᠯᠦᠭᠡᠯᠡᠭᠴᠢ 220 ᠵᠠᠰᠠᠮᠠᠯ ᠵᠠᠮ ᠤᠨ ᠬᠤᠶᠠᠷ ᠬᠠᠵᠠᠭᠤ ᠪᠠᠷ ᠴᠠᠰᠤ ᠶᠢ ᠰᠡᠷᠭᠡᠶᠢᠯᠡᠬᠦ ᠬᠡᠷᠡᠮ ᠪᠠᠷᠢᠵᠤ᠂ ᠡᠪᠦᠯ ᠤᠨ ᠤᠯᠠᠷᠢᠯ ᠳᠤ ᠵᠠᠮ ᠤᠨ ᠴᠠᠰᠤᠨ ᠳᠤ ᠬᠤᠴᠢᠭᠳᠠᠬᠤ ᠠᠰᠠᠭᠤᠳᠠᠯ ᠢ ᠨᠠᠮᠳᠠᠭᠤᠯᠬᠤ ᠰᠠᠨᠠᠭᠤᠯᠭ᠎ᠠ ᠳᠤᠷᠠᠳᠪᠠ᠃      ᠲᠥᠯᠥᠭᠡᠯᠡᠭᠴᠢᠳ ᠤᠨ ᠳᠤᠷᠠᠳᠤᠭᠰᠠᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠲᠠᠢ ᠢᠳᠡᠪᠬᠢᠲᠡᠶ ᠪᠠᠷ ᠨᠡᠪᠲᠡᠷᠡᠯᠴᠡᠨ ᠵᠣᠬᠢᠴᠠᠭᠤᠯᠵᠤ᠂ ᠪᠠᠶᠠᠨᠴᠠᠭᠠᠨ ᠰᠤᠮᠤ ᠶᠢᠨ ᠵᠠᠰᠠᠭ ᠤᠨ ᠣᠷᠳᠣᠨ ᠢᠶᠠᠷ ᠪᠥᠲᠥᠭᠡᠨ ᠪᠠᠶᠢᠭᠤᠯᠤᠯᠲᠠ ᠶᠢᠨ ᠭᠤᠤᠯ ᠴᠣᠭᠴᠠ ᠪᠣᠯᠭᠠᠵᠤ᠂ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠨᠥᠬᠦᠪᠥᠷᠢ ᠶᠢᠨ ᠪᠠᠯᠠ ᠮᠥᠩᠭᠦ ᠶᠢ ᠵᠠᠯᠭᠠᠭᠤᠯᠬᠤ ᠶᠢ ᠠᠰᠢᠭᠯᠠᠨ᠂ ᠮᠤᠵᠢ ᠶᠢᠨ ᠵᠠᠮ ᠤᠨ 220 ᠵᠠᠰᠠᠮᠠᠯ ᠵᠠᠮ ᠤᠨ ᠬᠤᠶᠠᠷ ᠬᠠᠵᠠᠭᠤ ᠳᠤ ᠴᠠᠰᠦ ᠬᠠᠯᠠᠭᠯᠠᠬᠤ ᠬᠡᠷᠡᠮ ᠪᠠᠶᠢᠭᠤᠯᠣᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号