ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠲᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠪᠢᠴᠢᠭ ᠤᠨ ᠬᠡᠯᠪᠡᠷᠢ︶
ᠨᠡᠶᠢᠲᠡᠯᠡᠭᠰᠡᠨ ᠴᠠᠭ᠄
2022/1/21
     ︵ᠬᠤᠷᠢᠨ ᠭᠤᠷᠪᠠ︶ ᠦᠨᠳᠦᠰᠦᠨ ᠱᠠᠲᠤᠨ ᠤ ᠰᠤᠷᠭᠠᠭᠤᠯᠢ ᠶᠢᠨ ᠪᠠᠭᠰᠢ ᠶᠢᠨ ᠨᠠᠰᠤᠵᠢᠬᠤ ᠦᠵᠡᠭᠳᠡᠯ ᠨᠡᠶᠢᠳᠡᠮ ᠤᠷᠤᠰᠢᠵᠤ᠂ ᠳᠠᠭᠤᠣ ᠲᠠᠮᠢᠷ ᠵᠢᠷᠤᠭ ᠤᠨ ᠲᠤᠰᠬᠠᠶ ᠮᠡᠷᠭᠡᠵᠢᠯ ᠤᠨ ᠪᠠᠭᠰᠢ ᠳᠤᠲᠠᠭᠳᠠᠵᠤ ᠪᠠᠶᠢᠬᠤ ᠲᠤᠬᠠᠶ ᠰᠠᠨᠠᠯ᠃ ᠪᠠᠶᠠᠨᠴᠠᠭᠠᠨ ᠰᠤᠮᠤ ᠶᠢᠨ ᠨᠠᠷᠠᠬᠤᠸᠠᠷ ᠵᠡᠷᠭᠡ 4 ᠲᠦᠯᠦᠭᠡᠯᠡᠭᠴᠢ ᠦᠨᠳᠦᠰᠦᠨ ᠱᠠᠲᠤᠨ ᠤ ᠰᠤᠷᠭᠠᠭᠤᠯᠢ ᠶᠢᠨ ᠪᠠᠭᠰᠢ ᠶᠢᠨ ᠨᠠᠰᠤᠵᠢᠬᠤ ᠦᠵᠡᠭᠳᠡᠯ ᠨᠡᠶᠢᠳᠡᠮ ᠣᠷᠣᠰᠢᠵᠤ᠂ ᠵᠠᠯᠠᠭᠤ ᠪᠠᠭᠰᠢ ᠪᠠ ᠳᠠᠭᠤᠣ ᠲᠠᠮᠢᠷ ᠵᠢᠷᠤᠭ ᠤᠨ ᠲᠤᠰᠬᠠᠶ ᠮᠡᠷᠭᠡᠵᠢᠯ ᠤᠨ ᠪᠠᠭᠰᠢ ᠬᠦᠨᠳᠦ ᠨᠣᠴᠢᠲᠠᠶ ᠳᠤᠲᠠᠭᠳᠠᠵᠤ ᠪᠠᠶᠢᠨ᠎ᠠ ᠭᠡᠵᠦ ᠳᠤᠷᠠᠳᠪᠠ᠃      ᠲᠥᠯᠥᠭᠡᠯᠡᠭᠴᠢᠳ ᠤᠨ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠤᠳᠤᠯᠤᠨ ᠪᠦᠷᠢᠳᠬᠡᠭᠰᠡᠨ ᠢᠶᠠᠷ᠂ ᠣᠲᠣ ᠶᠢᠨ ᠮᠠᠨ ᠤ ᠬᠤᠰᠢᠭᠤᠨ ᠤ ᠪᠠᠭᠰᠢ ᠠᠵᠢᠯᠲᠠᠨ ᠨᠡᠶᠢᠲᠡ 2177 ᠬᠥᠮᠦᠨ ᠪᠠᠶᠢᠨ᠎ᠠ᠂ ᠡᠭᠦᠨ ᠳᠤ ᠪᠦᠬᠦᠯᠢ 30 ᠨᠠᠰᠤᠨ ᠠᠴᠠ ᠳᠣᠷᠣᠭᠰᠢᠬᠢ 513 ᠬᠥᠮᠦᠨ᠂ 31 — 40 ᠨᠠᠰᠤᠨ ᠤ 816 ᠬᠥᠮᠦᠨ᠂ 41— 50 ᠨᠠᠰᠤᠨ ᠤ 444 ᠬᠥᠮᠦᠨ᠂ 50 — 55 ᠨᠠᠰᠤᠨ ᠤ 265 ᠬᠥᠮᠦᠨ᠂ ᠪᠦᠬᠦᠯᠢ 56 ᠨᠠᠰᠤᠨ ᠠᠴᠠ ᠳᠡᠭᠡᠭᠰᠢᠬᠢ 139 ᠬᠥᠮᠦᠨ ᠪᠠᠶᠢᠵᠤ᠂ ᠪᠦᠬᠦᠯᠢ ᠴᠣᠭᠴᠠ  ᠶᠢᠨ ᠨᠠᠰᠤᠨ ᠤ ᠪᠦᠲᠦᠴᠡ ᠨᠢ ᠵᠦᠶ ᠵᠣᠬᠢᠰᠲᠠᠶ ᠪᠠᠶᠢᠨ᠎ᠠ᠃ ᠣᠨᠴᠠ ᠵᠠᠷᠢᠮ ᠰᠤᠷᠭᠠᠭᠤᠯᠢ ᠶᠢᠨ ᠪᠠᠭᠰᠢ ᠶᠢᠨ ᠨᠠᠰᠤᠨ ᠤ ᠪᠦᠲᠦᠴᠡ ᠵᠣᠬᠢᠰ ᠥᠬᠡᠶ ᠪᠠᠶᠢᠬᠤ ᠪᠠ ᠲᠠᠭᠤ ᠲᠠᠮᠢᠷ ᠵᠢᠷᠤᠭ ᠤᠨ ᠲᠤᠰᠬᠠᠶ ᠮᠡᠷᠭᠡᠵᠢᠯ ᠤᠨ ᠪᠠᠭᠰᠢ ᠳᠤᠲᠠᠭᠳᠠᠵᠤ ᠪᠠᠶᠢᠬᠤ ᠠᠰᠠᠭᠤᠳᠠᠯ ᠳᠤ ᠴᠢᠭᠯᠡᠭᠦᠯᠦᠨ᠂ 2021 ᠣᠨ ᠳᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠠᠵᠢᠯᠲᠠᠨ ᠡᠯᠰᠡᠬᠦ᠂ ᠰᠠᠭᠠᠳ ᠥᠬᠡᠶ ᠨᠡᠪᠲᠡᠷᠡᠬᠦ ᠵᠠᠮ᠂ ᠴᠢᠳᠠᠪᠤᠷᠢᠲᠠᠨ ᠣᠷᠣᠭᠤᠯᠬᠤ ᠵᠡᠷᠭᠡ ᠠᠷᠭ᠎ᠠ ᠵᠠᠮ  ᠢᠶᠠᠷ ᠳᠠᠮᠵᠢᠭᠤᠯᠤᠨ 89 ᠵᠠᠯᠠᠭᠤ ᠪᠠᠭᠰᠢ ᠶᠢ ᠨᠥᠬᠦᠨ ᠡᠯᠰᠡᠬᠦ ᠶᠢᠨ ᠬᠠᠮᠲᠤ ᠬᠠᠨᠳᠤᠯᠭ᠎ᠠ ᠲᠠᠢ ᠪᠠᠷ ᠬᠤᠪᠢᠶᠠᠷᠢᠯᠠᠵᠤ᠂ ᠪᠠᠭᠰᠢ ᠶᠢᠨ ᠨᠠᠰᠤᠨ ᠤ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠡᠯ᠎ᠡ ᠰᠤᠷᠭᠠᠭᠤᠯᠢ ᠶᠢᠨ ᠳᠤᠲᠠᠭᠤᠳᠠᠯ ᠢ ᠭᠦᠢᠴᠡᠳ ᠨᠥᠬᠦᠪᠦᠷᠢᠯᠡᠪᠡ᠃ ᠡᠭᠦᠨ ᠠᠴᠠ ᠭᠠᠳᠠᠨ᠎ᠠ᠂ 2021 ᠣᠨ ᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠲᠥᠯᠥᠪᠯᠡᠭᠡ ︵ᠲᠦᠷ ᠬᠡᠷᠡᠭᠵᠢᠭᠦᠯᠬᠦ︶ ᠶᠢᠨ ᠮᠡᠳᠡᠭᠳᠡᠯ︾ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠰᠢᠨ᠎ᠡ ᠪᠠᠷ ᠲᠣᠬᠢᠷᠠᠭᠤᠯᠤᠭᠰᠠᠨ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠲᠥᠯᠥᠪᠯᠡᠭᠡ ᠪᠠ ᠲᠣᠬᠢᠷᠠᠭᠤᠯᠤᠯᠲᠠ ᠶᠢᠨ ᠶᠣᠰᠣᠭᠠᠷ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠪᠡᠶ᠎ᠡ ᠶᠢᠨ ᠲᠠᠮᠢᠷ ᠤᠨ ᠪᠠᠭᠰᠢ ᠶᠢᠨ ᠳᠤᠲᠠᠭᠤᠳᠠᠯ ᠢ ᠪᠠᠭᠰᠢ ᠡᠯᠰᠡᠬᠦ ᠲᠥᠯᠥᠪᠯᠡᠭᠡ ᠳᠤ ᠣᠷᠣᠭᠤᠯᠵᠤ᠂ ᠬᠢᠴᠢᠶᠡᠯ ᠤᠨ ᠪᠠᠶᠢᠷᠢᠯᠠᠭᠤᠯᠤᠯᠲᠠ ᠪᠠ ᠰᠣᠷᠣᠭᠴᠢ ᠶᠢᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠤᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号