ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠲᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠪᠢᠴᠢᠭ ᠤᠨ ᠬᠡᠯᠪᠡᠷᠢ︶
ᠨᠡᠶᠢᠲᠡᠯᠡᠭᠰᠡᠨ ᠴᠠᠭ᠄
2022/1/21
     ︵ᠬᠤᠷᠢᠨ ᠲᠦᠷᠪᠡ︶ ᠦᠨᠳᠦᠰᠦᠨ ᠱᠠᠲᠤᠨ ᠤ ᠰᠤᠷᠭᠠᠭᠤᠯᠢ ᠶᠢᠨ ᠵᠠᠷᠤᠳᠠᠯ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠲᠤᠬᠠᠶ ᠰᠠᠨᠠᠭᠤᠯᠭ᠎ᠠ᠃ ᠪᠠᠶᠠᠨᠴᠠᠭᠠᠨ ᠰᠤᠮᠤ ᠶᠢᠨ ᠨᠠᠷᠠᠨᠬᠤᠸᠠᠷ ᠵᠡᠷᠭᠡ 4 ᠲᠦᠯᠦᠭᠡᠯᠡᠭᠴᠢ ᠦᠨᠳᠦᠰᠦᠨ ᠱᠠᠲᠤᠨ ᠤ ᠰᠤᠷᠭᠠᠭᠤᠯᠢ ᠶᠢᠨ ᠵᠠᠷᠤᠳᠠᠯ ᠤᠨ ᠲᠤᠭ᠎ᠠ ᠬᠡᠮᠵᠢᠶ᠎ᠡ ᠶᠢ ᠨᠡᠮᠡᠭᠳᠡᠭᠦᠯᠬᠦ ᠰᠠᠨᠠᠭᠤᠯᠭ᠎ᠠ ᠭᠠᠷᠭᠠᠵᠠᠶ᠃      ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠨᠠᠷᠢᠨ ᠬᠢᠨᠠᠮᠠᠭᠠᠶ ᠵᠠᠳᠠᠯᠤᠨ ᠰᠤᠳᠤᠯᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠰᠤᠷᠭᠠᠭᠤᠯᠢ ᠶᠢᠨ ᠵᠠᠷᠤᠳᠠᠯ ᠤᠨ ᠨᠥᠬᠦᠪᠥᠷᠢ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠪᠠ᠃ ᠨᠢᠭᠡ ᠳᠤ᠂ ︽︿ᠡᠳ᠋ ᠤᠨ ᠵᠠᠰᠠᠭ ᠤᠨ ᠶᠠᠮᠤᠨ ᠰᠤᠷᠭᠠᠨ ᠬᠥᠮᠦᠵᠢᠯ ᠤᠨ ᠶᠠᠮᠣᠨ ᠤ ︿ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠪᠠᠭᠰᠢ ᠶᠢᠨ ᠤᠯᠤᠰ ᠤᠨ ᠲᠠᠰ ᠤᠨ ᠪᠣᠯᠪᠠᠰᠤᠷᠠᠭᠤᠯᠤᠯ ᠤᠨ ᠲᠥᠯᠥᠪᠯᠡᠭᠡ ᠶᠢᠨ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ﹀ ᠵᠡᠷᠭᠡ ᠲᠠᠪᠤᠨ ᠪᠢᠴᠢᠭ ᠮᠠᠲ᠋ᠧᠷᠢᠶᠠᠯ ᠢ ᠳᠠᠮᠵᠢᠭᠤᠯᠤᠨ ᠲᠠᠷᠬᠠᠭᠠᠬᠤ ᠳᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠰᠣᠷᠭᠠᠨ ᠬᠦᠮᠦᠵᠢᠯ ᠤᠨ ᠲᠢᠩᠬᠢᠮ ᠤᠨ ᠮᠡᠳᠡᠭᠳᠡᠯ﹀ ᠢ ᠳᠠᠮᠵᠢᠭᠤᠯᠤᠨ ᠲᠠᠷᠬᠠᠭᠠᠬᠤ ᠲᠤᠬᠠᠶ ᠤᠯᠠᠭᠠᠨᠬᠠᠳᠠ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠰᠤᠷᠭᠠᠨ ᠬᠥᠮᠦᠵᠢᠯ ᠤᠨ ᠲᠣᠪᠴᠢᠶ᠎ᠠ ᠶᠢᠨ ᠮᠡᠳᠡᠭᠳᠡᠯ︾ ︵ᠤᠯᠠᠭᠠᠨᠬᠠᠳᠠ ᠡᠳ᠋ ᠰᠤᠷᠭᠠᠨ ﹇2021﹈ 246 ᠳ᠋ᠣᠭᠠᠷ ᠲᠣᠭᠠᠲᠤ︶᠂ ︽2022 ᠣᠨ ᠤ ᠰᠠᠯᠠᠭ᠎ᠠ ᠮᠥᠴᠢᠷ ᠤᠨ ᠲᠥᠰᠦᠪ ᠢ ᠨᠠᠶᠢᠷᠠᠭᠤᠯᠤᠨ ᠵᠣᠬᠢᠶᠠᠬᠤ ᠲᠤᠬᠠᠶ ᠬᠡᠰᠢᠭᠲᠡᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠵᠠᠬᠢᠳᠠᠯ︾ ︵ᠬᠡᠰᠢᠭᠲᠡᠨ ᠡᠳ᠋ ᠤᠨ ᠵᠠᠰᠠᠭ ᠲᠠᠷᠬᠠᠭᠠᠭᠰᠠᠨ ﹇2021﹈ 151 ᠳ᠋ᠣᠬᠡᠷ ᠳᠣᠭᠠᠳᠣ︶ ᠤᠨ ᠶᠣᠰᠣᠭᠠᠷ᠂ ᠬᠢᠲᠠᠳ ᠢᠶᠠᠷ ᠬᠢᠴᠢᠶᠡᠯᠯᠡᠬᠦ ᠰᠤᠷᠭᠠᠭᠤᠯᠢ᠂ ᠬᠤᠤᠰ ᠬᠡᠯᠡ ᠪᠠᠷ ᠬᠢᠴᠢᠶᠡᠯᠯᠡᠬᠦ ᠰᠤᠷᠭᠠᠭᠤᠯᠢ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠪᠣᠯᠤᠨ ᠠᠩᠭᠢ ᠳᠠᠭᠠᠵᠤ ᠰᠤᠷᠤᠯᠴᠠᠭᠰᠠᠨ ᠵᠡᠮᠳᠡᠭ ᠰᠤᠷᠤᠭᠴᠢᠳ ᠲᠤ ᠲᠣᠰ ᠲᠣᠰ ᠨᠥᠬᠦᠪᠥᠷᠢ ᠶᠢ ᠨᠠᠶᠢᠳᠠᠪᠣᠷᠢᠵᠢᠭᠤᠯᠵᠣ᠂ ᠬᠡᠰᠡᠭ ᠬᠡᠪᠴᠢᠶ᠎ᠡ ᠪᠠᠷ ᠨᠡᠯᠢᠶᠡᠳ ᠪᠠᠭ᠎ᠠ ᠰᠤᠷᠭᠠᠭᠤᠯᠢ ᠂ ᠰᠣᠷᠣᠭᠴᠢ ᠶᠢᠨ ᠵᠢᠯ ᠤᠨ ᠳᠤᠮᠳᠠᠴᠢ ᠨᠡᠶᠢᠲᠡ ᠶᠢᠨ ᠬᠡᠷᠡᠭᠯᠡᠭᠡᠨ ᠤ ᠵᠠᠷᠤᠳᠠᠯ ᠨᠢ ᠨᠡᠶᠢᠲᠡ 15 ᠲᠦᠮᠡᠨ ᠲᠥᠭᠦᠷᠢᠭ ᠬᠥᠷᠬᠦ ᠥᠬᠡᠶ ᠶᠢ ᠣᠷᠣᠨ ᠨᠤᠲᠤᠭ ᠤᠨ ᠡᠳ᠋ ᠤᠨ ᠵᠠᠰᠠᠭ ᠠᠴᠠ ᠨᠥᠬᠦᠪᠥᠷᠢᠯᠡᠵᠦ᠂ ᠬᠡᠪᠴᠢᠶ᠎ᠡ  ᠪᠠᠷ ᠪᠠᠭ᠎ᠠ ᠰᠤᠷᠭᠠᠭᠤᠯᠢ ᠶᠢᠨ 15 ᠲᠦᠮᠡᠨ ᠲᠥᠭᠦᠷᠢᠭ ᠤᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠠ ᠶᠢ ᠬᠦᠢᠴᠡᠳ ᠪᠠᠲᠤᠯᠠᠬᠤ ᠶᠢ ᠪᠡᠶᠡᠯᠡᠬᠦᠯᠵᠡᠢ᠃ ᠬᠤᠶᠠᠷ ᠲᠤ ᠳᠡᠭᠡᠳᠦ ᠱᠠᠲᠤᠨ ᠠᠴᠠ ᠪᠠᠭᠤᠯᠭᠠᠭᠰᠠᠨ ᠰᠣᠷᠣᠭᠴᠢ ᠨᠢᠭᠡᠪᠦᠷᠢ ᠶᠢᠨ 215 ᠲᠥᠭᠦᠷᠢᠭ ᠤᠨ ᠳᠣᠯᠠᠭᠠᠯᠠᠭ᠎ᠠ ᠶᠢᠨ ᠰᠦᠢᠳᠬᠡᠯ ᠤᠨ ᠪᠠᠷᠢᠮᠵᠢᠶ᠎ᠠ ᠶᠢ ᠪᠠᠭᠤᠯᠭᠠᠭᠰᠠᠨ ᠰᠠᠭᠤᠷᠢᠨ ᠳᠡᠭᠡᠷ᠎ᠡ᠂ ᠬᠤᠰᠢᠭᠤᠨ ᠤ ᠡᠳ᠋ ᠤᠨ ᠵᠠᠰᠠᠭ ᠠᠴᠠ ᠵᠢᠯ ᠪᠦᠷᠢ ᠪᠢᠷᠠᠭᠤ ᠪᠠᠯᠭᠠᠰᠤᠨ ᠤ ᠳᠣᠯᠠᠭᠠᠯᠠᠭ᠎ᠠ ᠶᠢᠨ ᠰᠦᠢᠳᠬᠡᠯ ᠤᠨ ᠦᠨ᠎ᠡ ᠬᠠᠩᠰᠢ ᠶᠢᠨ ᠪᠠᠷᠢᠮᠵᠢᠶ᠎ᠠ ᠵᠢᠴᠢ ᠰᠤᠷᠭᠠᠭᠤᠯᠢ ᠶᠢᠨ ᠳᠣᠯᠠᠭᠠᠯᠠᠭ᠎ᠠ ᠶᠢᠨ ᠲᠠᠯᠠᠪᠠᠶ ᠪᠠᠷ ᠡᠯ᠎ᠡ ᠰᠤᠷᠭᠠᠭᠤᠯᠢ ᠶᠢᠨ ᠳᠣᠯᠠᠭᠠᠯᠠᠭ᠎ᠠ ᠶᠢᠨ ᠰᠦᠢᠳᠬᠡᠯ ᠢ ᠲᠣᠭᠠᠴᠠᠭ᠎ᠠ ᠬᠢᠵᠦ᠂ ᠬᠦᠷᠦᠯᠴᠡᠬᠦ ᠥᠬᠡᠶ ᠬᠡᠰᠡᠭ ᠢ ᠨᠦᠬᠦᠪᠦᠷᠢᠯᠡᠪᠡ᠃ ᠭᠤᠷᠪᠠ ᠳᠤ᠂ ᠮᠠᠨ ᠤ ᠬᠤᠰᠢᠭᠤ ᠵᠢᠯ ᠪᠦᠷᠢ 30 ᠲᠦᠮᠡᠨ ᠲᠥᠭᠦᠷᠢᠭ ᠤᠨ ᠦᠨᠳᠦᠰᠦᠲᠡᠨ ᠤ ᠰᠤᠷᠭᠠᠨ ᠬᠥᠮᠦᠵᠢᠯ ᠤᠨ ᠲᠡᠳᠬᠦᠮᠵᠢ ᠶᠢᠨ ᠮᠥᠩᠭᠦ ᠭᠠᠷᠭᠠᠵᠤ᠂ ᠦᠨᠳᠦᠰᠦᠲᠡᠨ ᠤ ᠰᠤᠷᠭᠠᠨ ᠬᠥᠮᠦᠵᠢᠯ ᠤᠨ ᠰᠤᠷᠭᠠᠭᠤᠯᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠢ ᠨᠦᠬᠦᠪᠦᠷᠢᠯᠡᠵᠣ ᠪᠣᠢ᠃ ᠲᠠᠷᠠᠭᠠᠴᠢ ᠶᠢᠨ ᠠᠯᠬᠤᠮ ᠳᠤ᠂ ᠣᠯᠠᠨ ᠠᠷᠭ᠎ᠠ ᠵᠠᠮ ᠢᠶᠠᠷ ᠪᠠᠯᠠ ᠮᠥᠩᠭᠦ ᠶᠢᠨ ᠳᠡᠮᠵᠢᠯᠭᠡ ᠶᠢ ᠦᠷᠭᠦᠯᠵᠢᠯᠡᠨ ᠣᠯᠵᠤ᠂ ᠦᠨᠳᠦᠰᠦᠨ ᠱᠠᠲᠤᠨ ᠤ ᠰᠤᠷᠭᠠᠭᠤᠯᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠦᠨᠳᠦᠰᠦᠨ ᠱᠠᠲᠤᠨ ᠤ ᠰᠤᠷᠭᠠᠭᠤᠯᠢ ᠶᠢᠨ ᠬᠡᠪ ᠤᠨ ᠲᠣᠭᠲᠠᠭᠤᠨ ᠢᠶᠠᠷ ᠰᠣᠷᠭᠠᠭᠤᠯᠢ ᠡᠷᠬᠢᠯᠡᠬᠦ  ᠶᠢ ᠪᠠᠳᠣᠯᠠᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号