ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠲᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠪᠢᠴᠢᠭ ᠤᠨ ᠬᠡᠯᠪᠡᠷᠢ︶
ᠨᠡᠶᠢᠲᠡᠯᠡᠭᠰᠡᠨ ᠴᠠᠭ᠄
2022/1/21
     ︵ᠬᠤᠷᠢᠨ ᠲᠤᠯᠤᠭ᠎ᠠ︶ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠤᠬᠠᠶ ᠰᠠᠨᠠᠭᠤᠯᠭ᠎ᠠ᠃ ᠰᠢᠷᠠᠮᠦ᠋ᠷᠡᠨ ᠵᠡᠭᠡᠯᠢ ᠭᠤᠳᠤᠮᠵᠢ ᠶᠢᠨ ᠯᠠᠨ ᠶᠤᠸᠠᠢ ᠰᠢᠨ ᠲᠥᠯᠥᠭᠡᠯᠡᠭᠴᠢ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠣᠷᠣᠨ ᠢ ᠵᠠᠭᠠᠭᠯᠠᠨ ᠲᠣᠭᠲᠠᠭᠠᠵᠤ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠵᠠᠬ᠎ᠠ ᠳᠡᠯᠭᠡᠭᠦᠷ ᠤᠨ ᠦᠨ᠎ᠡ ᠶᠢ ᠲᠣᠭᠲᠠᠭᠠᠵᠤ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠬᠢᠨᠠᠨ ᠬᠠᠮᠢᠶᠠᠷᠤᠯᠲᠠ ᠶᠢ ᠴᠢᠩᠭᠠᠳᠬᠠᠬᠤ ᠳᠣᠬᠠᠢ ᠰᠠᠨᠠᠭᠤᠯᠭ᠎ᠠ ᠳᠣᠷᠠᠳᠪᠠ᠃      ᠳᠦᠯᠦᠬᠡᠯᠡᠭᠴᠢ ᠶᠢᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠸᠠᠷ ᠫᠤᠤᠵᠢᠩ ᠲᠠᠯᠪᠢᠬᠤ ᠠᠵᠢᠯᠯᠠᠭ᠎ᠠ ᠠᠴᠠ ᠪᠣᠯᠤᠭᠰᠠᠨ ᠣᠷᠴᠢᠨ ᠲᠣᠭᠤᠷᠢᠨ ᠤ ᠪᠣᠬᠢᠷᠲᠤᠯ ᠢ ᠦᠨᠡᠨᠬᠦ ᠪᠠᠭᠠᠰᠬᠠᠵᠣ᠂ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠰᠠᠶᠢᠵᠢᠷᠠᠭᠤᠯᠣᠨ᠂ ᠣᠯᠠᠨ ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠳᠣᠰᠠᠳᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠰᠢᠭᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠨᠠᠷᠢᠨ ᠬᠢᠨᠠᠮᠠᠭᠠᠶ ᠪᠠᠶᠢᠴᠠᠭᠠᠨ ᠰᠤᠳᠤᠯᠵᠤ᠂ ᠡᠭᠦᠨ ᠤ ᠬᠠᠮᠲᠤ ᠬᠠᠮᠢᠶ᠎ᠠ ᠪᠥᠬᠦᠶ ᠠᠵᠢᠯ ᠤᠨ ᠲᠥᠰᠦᠯ ᠢ ᠳᠤᠷᠠᠳᠴᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠢᠨᠠᠨ ᠵᠥᠪᠯᠡᠵᠦ ᠪᠠᠲᠤᠯᠠᠭᠰᠠᠨ ᠤ ᠳᠠᠷᠠᠭ᠎ᠠ ︽ᠪᠢᠷᠠᠭᠤ ᠪᠠᠯᠭᠠᠰᠤᠨ ᠤ ᠲᠣᠭᠲᠠᠭᠰᠠᠨ ᠴᠠᠭ ᠪᠠ ᠵᠠᠭᠠᠭᠯᠠᠨ ᠲᠣᠭᠲᠠᠭᠠᠭᠰᠠᠨ ᠣᠷᠣᠨ ᠳᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠤᠬᠠᠶ ᠵᠠᠷᠯᠠᠯ︾ ᠢ ᠳᠠᠷᠤᠮᠠᠯᠯᠠᠨ ᠲᠠᠷᠬᠠᠭᠠᠵᠤ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠣᠷᠣᠨ ᠢ ᠵᠠᠭᠠᠭᠯᠠᠨ ᠳᠣᠭᠳᠠᠭᠠᠭᠰᠠᠨ ᠣᠷᠣᠨ ᠨᠢ᠄ ᠪᠢᠷᠠᠭᠤ ᠪᠠᠯᠭᠠᠰᠤᠨ ᠤ ᠲᠣᠭᠤᠷᠢᠭ ᠠᠴᠠ ᠵᠡᠭᠦᠨᠰᠢ ᠪᠠᠨ ᠵᠡᠬᠦᠨ ᠠᠭᠤᠯᠠ ᠶᠢᠨ ᠬᠤᠷᠮᠣᠢ᠂ ᠡᠮᠦᠨᠡᠰᠢ ᠪᠠᠨ ᠡᠮᠦᠨ᠎ᠡ ᠠᠭᠤᠳᠠᠮ ᠲᠠᠯᠠᠪᠠᠶ᠂ ᠪᠠᠷᠠᠭᠤᠨᠰᠢ ᠪᠠᠨ ᠳ᠋ᠠ ᠴᠧᠩ ᠾᠧ ᠭᠤᠣᠯ᠂ ᠤᠮᠠᠷᠠᠰᠢ ᠪᠠᠨ ᠬᠤᠲᠠ ᠠᠴᠠ ᠭᠠᠷᠬᠤ ᠬᠤᠷᠳᠤᠴᠠ ᠶᠢᠨ ᠬᠡᠮᠵᠢᠯᠲᠡ ᠶᠢᠨ ᠴᠡᠭ ᠬᠦᠷᠳᠡᠯᠡᠬᠢ ᠣᠷᠣᠨ︔ ᠪᠢᠷᠠᠭᠤ ᠪᠠᠯᠭᠠᠰᠤᠨ ᠤ ᠪᠠᠶᠢᠭᠤᠯᠤᠭᠰᠠᠨ ᠲᠣᠭᠤᠷᠢᠭ ᠤᠨ ᠬᠡᠪᠴᠢᠶᠡᠨ ᠳᠣᠲᠣᠷ᠎ᠠ ᠵᠢᠴᠢ ᠡᠷᠬᠢᠨ ᠲᠣᠭᠤᠷᠢᠨ ᠤ ᠪᠣᠶ ᠪᠥᠬᠦᠶ ᠴᠡᠴᠡᠷᠯᠢᠭ᠂ ᠡᠪᠡᠰᠦᠲᠦ ᠭᠠᠵᠠᠷ᠂ ᠠᠭᠤᠳᠠᠮ ᠲᠠᠯᠠᠪᠠᠶ᠃ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠴᠠᠭ ᠨᠢ ᠵᠢᠯ ᠪᠦᠷᠢ ᠶᠢᠨ ᠪᠢᠯᠢᠭ ᠤᠨ ᠤᠯᠠᠷᠢᠯ ᠤᠨ ᠪᠢᠲᠡᠭᠦᠨ ᠠᠴᠠ ᠪᠢᠯᠢᠭ ᠤᠨ ᠤᠯᠠᠷᠢᠯ ᠤᠨ ᠬᠤᠶᠠᠳᠤᠭᠠᠷ ᠰᠠᠷ᠎ᠠ ᠶᠢᠨ ᠬᠤᠶᠠᠷ ᠤᠨ ᠪᠦᠬᠦᠯᠢ ᠡᠳᠦᠷ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠬᠡᠰᠢᠭᠳᠡᠨ ᠬᠤᠰᠢᠭᠤᠨ ᠤ ᠬᠤᠪᠢᠶᠠᠷᠢ ᠲᠣᠪᠴᠢᠶ᠎ᠠ᠂ ᠬᠤᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠳᠣᠪᠴᠢᠶ᠎ᠡ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠣᠷᠣᠨ ᠵᠢᠴᠢ ᠴᠠᠭ ᠲᠤ ᠬᠤᠸᠠᠷ ᠫᠤᠤᠵᠢᠩ ᠲᠠᠯᠪᠢᠭᠰᠠᠳ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃
 
ᠢᠷᠡᠯᠲᠡ᠄ ᠬᠡᠰᠢᠭᠳᠡᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号