90 %᠎ ᠳᠤ ᠬᠦᠷᠭᠡᠨ᠎ᠡ
ᠨᠡᠶᠢᠲᠡᠯᠡᠭᠰᠡᠨ ᠴᠠᠭ᠄
2022/12/15
     ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠬᠤᠷᠢᠭᠯᠠᠬᠤ ᠲᠣᠭᠲᠠᠴᠠ ᠶᠢᠨ ᠲᠠᠷᠤᠮᠠᠯᠯᠠᠨ ᠲᠠᠷᠬᠠᠭᠠᠭᠰᠠᠨ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾᠎ ᠳᠤ᠂ ᠨᠠᠰᠤᠲᠠᠶᠢᠴᠤᠳ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠎ ᠤ ᠲᠠᠷᠢᠯᠭ᠎ᠠ ᠬᠢᠬᠦ ᠶᠢ ᠲᠦᠷᠭᠡᠳᠬᠡᠨ ᠠᠬᠢᠭᠤᠯᠵᠤ᠂ 60~79 ᠨᠠᠰᠣᠨ ᠤ ᠨᠠᠰᠣᠳᠠᠶᠢᠴᠣᠳ ᠤᠨ ᠲᠠᠷᠢᠯᠭ᠎ᠠ ᠬᠢᠬᠦ ᠨᠣᠷᠮ᠎ᠠ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ 80 ᠨᠠᠰᠤ ᠵᠢᠴᠢ 80 ᠨᠠᠰᠤᠨ ᠠᠴᠠ ᠳᠡᠭᠡᠭᠰᠢᠬᠢ ᠨᠠᠰᠣᠳᠠᠶᠢᠴᠣᠳ ᠤᠨ ᠲᠠᠷᠢᠯᠭ᠎ᠠ ᠬᠢᠬᠦ ᠨᠣᠷᠮ᠎ᠠ ᠶᠢ ᠲᠦᠷᠭᠡᠳᠬᠡᠨ ᠳᠡᠭᠡᠭᠰᠢᠯᠡᠭᠦᠯᠵᠦ᠂ ᠲᠤᠰᠬᠠᠶ ᠲᠣᠬᠢᠷᠠᠭᠤᠯᠤᠯᠲᠠ ᠬᠢᠬᠦ ᠬᠡᠷᠡᠭᠳᠡᠢ ᠭᠡᠵᠣ ᠲᠣᠷᠠᠳᠣᠭᠰᠠᠨ ᠪᠠᠶᠢᠨ᠎ᠠ᠃      ᠡᠨᠡᠬᠦ ᠮᠡᠳᠡᠭᠳᠡᠯ ᠤᠨ ᠵᠣᠷᠢᠭ ᠰᠠᠨᠠᠭ᠎ᠠ ᠪᠠᠷ ᠪᠦᠬᠦ ᠣᠯᠣᠰ ᠤᠨ ᠮᠠᠰᠢ ᠣᠯᠠᠨ ᠭᠠᠵᠠᠷ ᠤᠨ ᠬᠢᠨ ᠬᠠᠷᠠᠯᠲᠠ ᠎ ᠪᠠᠨ ᠲᠣᠭᠲᠠᠭᠠᠪᠠ᠄ ᠡᠨᠡ ᠵᠢᠯ ᠤᠨ ᠡᠴᠦᠰ ᠪᠤᠶᠤ ᠢᠷᠡᠬᠦ ᠵᠢᠯ ᠤᠨ 1 ᠳ᠋ᠣᠭᠡᠷ ᠰᠠᠷ᠎ᠠ ᠳᠤ᠂ 80 ᠨᠠᠰᠤᠨ ᠠᠴᠠ ᠳᠡᠭᠡᠭᠰᠢᠬᠢ ᠬᠥᠮᠦᠰ ᠤᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠨᠢᠭᠡᠳᠦᠭᠡᠷ ᠲᠠᠷᠢᠯᠭ᠎ᠠ ᠲᠠᠷᠢᠭᠰᠠᠨ ᠨᠣᠷᠮ᠎ᠠ ᠎ ᠶᠢ 90 %᠎ ᠳᠤ ᠬᠦᠷᠭᠡᠨ᠎ᠡ᠃ 60~79 ᠨᠠᠰᠤᠨ ᠤ ᠨᠥᠬᠦᠴᠡᠯ ᠳᠤ ᠨᠡᠶᠢᠴᠡᠬᠦ ᠨᠠᠰᠣᠳᠠᠶᠢᠴᠣᠳ ᠤᠨ ᠪᠦᠬᠦ ᠶᠠᠪᠤᠴᠠ ᠶᠢᠨ ᠲᠠᠷᠢᠯᠭ᠎ᠠ ᠬᠢᠬᠦ ᠨᠣᠷᠮ᠎ᠠ ᠪᠣᠯᠤᠨ ᠴᠢᠩᠭᠠᠳᠬᠠᠭᠰᠠᠨ ᠦᠯᠦ ᠬᠠᠯᠳᠠᠭᠠᠬᠤ ᠲᠠᠷᠢᠯᠭ᠎ᠠ ᠶᠢᠨ ᠨᠣᠷᠮ᠎ᠠ ᠶᠢ ᠴᠥᠮ 95 %᠎ ᠳᠤ ᠬᠦᠷᠭᠡᠨ᠎ᠡ᠃
 
ᠢᠷᠡᠯᠲᠡ᠄ ᠦᠪᠣᠷ ᠮᠣᠩᠭᠤᠯ ᠤᠨ ᠮᠣᠩᠭᠤᠯ ᠷᠠᠳᠢᠣ᠋
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号