2023 ᠣᠨ ᠤ 1 ᠳ᠋ᠤᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠣᠨ᠎ᠡ
ᠨᠡᠶᠢᠲᠡᠯᠡᠭᠰᠡᠨ ᠴᠠᠭ᠄
2022/12/15
     ᠰᠤᠷᠪᠤᠯᠵᠢᠯᠠᠭᠴᠢ ᠬᠥᠬᠡᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠳᠠᠬᠢ ᠠᠷᠬᠠᠭ ᠡᠪᠡᠳᠴᠢᠨ᠂ ᠣᠨᠴᠠᠭᠠᠶ ᠡᠪᠡᠳᠴᠢᠨ ︵ᠳᠣᠷᠣᠭᠰᠢ ︽ᠡᠭᠦᠳᠡᠨ ᠡᠮᠨᠡᠯᠭᠡ ᠶᠢᠨ ᠠᠷᠬᠠᠭ ᠡᠪᠡᠳᠴᠢᠨ︾ ᠭᠡᠵᠦ ᠲᠣᠪᠴᠢᠯᠠᠨ᠎ᠠ︶᠎ ᠤ ᠬᠠᠮᠢᠶᠠᠷᠤᠯᠲᠠ ᠶᠢ ᠵᠢᠷᠤᠮᠵᠢᠭᠤᠯᠵᠤ᠂ ᠳᠠᠭᠠᠳᠬᠠᠯ ᠳᠤ ᠣᠷᠣᠯᠴᠠᠭᠰᠠᠳ ᠤᠨ ᠡᠭᠦᠳᠡᠨ ᠡᠮᠨᠡᠯᠭᠡ ᠶᠢᠨ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠵᠦ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠲᠡᠭᠡᠭᠰᠢᠯᠡᠭᠦᠯᠬᠦ ᠶᠢᠨ ᠲᠥᠯᠥᠭᠡ᠂ 2023 ᠣᠨ ᠤ 1 ᠳ᠋ᠤᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠎ ᠳᠠᠬᠢ ᠠᠷᠬᠠᠭ ᠡᠪᠡᠳᠴᠢᠨ ᠤ ᠰᠢᠨ᠎ᠡ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ ᠪᠠᠷ ᠲᠣᠭᠲᠠᠪᠠ᠃      ᠰᠢᠨ᠎ᠡ ᠠᠷᠭ᠎ᠠ ᠶᠢᠨ ᠳᠣᠲᠣᠷᠠᠬᠢ ᠡᠪᠡᠳᠴᠢᠨ ᠤ ᠲᠥᠷᠥᠯ ᠤᠨ ᠭᠠᠷᠴᠠᠭ ᠲᠤ᠂ ᠰᠢᠰᠲ᠋ᠧᠮ ᠤᠨ ᠴᠢᠨᠠᠷᠲᠠᠶ ᠤᠯᠠᠭᠠᠨ ᠲᠣᠯᠪᠣᠲᠤ ᠴᠢᠨ᠋ᠸ᠎ᠠ ᠶᠢᠨ ᠶᠠᠷ᠎ᠠ᠂ ᠫᠠᠷᠺᠢᠨᠰᠤᠨ ᠡᠪᠡᠳᠴᠢᠨ᠂ ᠡᠯᠢᠭᠡᠨ ᠤ ᠬᠠᠲᠠᠭᠤᠷᠠᠯ ᠤᠨ ᠦᠢᠯᠡᠳᠤᠯ ᠢᠶᠠᠨ ᠠᠯᠳᠠᠭᠰᠠᠨ ᠬᠤᠭᠤᠴᠠᠭ᠎ᠠ᠂ ᠬᠤᠤᠷᠲᠤ ᠬᠠᠪᠤᠳᠠᠷ ᠤᠨ ᠡᠭᠦᠳᠡᠨ ᠡᠮᠨᠡᠯᠭᠡ ᠶᠢᠨ ᠰᠠᠴᠤᠷᠠᠭ ᠬᠢᠮᠢ ᠶᠢᠨ ᠵᠠᠰᠠᠯ᠂ ᠴᠢᠰᠤ ᠨᠡᠪᠴᠢᠭᠦᠯᠦᠨ ᠢᠯᠭᠠᠷᠠᠭᠤᠯᠬᠤ᠂ ᠬᠡᠪᠡᠯᠢ ᠶᠢᠨ ᠪᠦᠷᠬᠦᠪᠴᠢ ᠶᠢ ᠨᠡᠪᠴᠢᠭᠦᠯᠦᠨ ᠢᠯᠭᠠᠷᠠᠭᠤᠯᠬᠤ᠂ ᠡᠳ᠋ ᠡᠰ ᠡᠷᠬᠡᠲᠡᠨ ᠰᠢᠯᠵᠢᠭᠦᠯᠬᠦ ᠮᠡᠰᠡ ᠵᠠᠰᠠᠯ ᠤᠨ ᠳᠠᠷᠠᠭᠠᠬᠢ ᠤᠨᠳᠤᠤᠰᠢᠯ ᠢ ᠬᠤᠷᠢᠭᠯᠠᠬᠤ ᠡᠮᠴᠢᠯᠡᠭᠡ᠂ ᠸᠢᠷᠦ᠋ᠰ ᠤᠨ ᠴᠢᠨᠠᠷᠲᠠᠶ ᠡᠯᠢᠭᠡᠨ ᠦᠷᠪᠢᠰᠦᠯ ᠢ ᠬᠠᠷᠰᠢᠯᠳᠤᠰᠤ ᠪᠠᠷ ᠵᠠᠰᠠᠬᠤ᠂ ᠴᠢᠰᠤᠰᠠᠭ ᠡᠪᠡᠳᠴᠢᠨ᠂ ᠠᠭᠤᠰᠬᠢᠨ ᠯᠤᠭᠰᠢᠭᠤᠨ ᠰᠤᠳᠠᠯ ᠤᠨ ᠥᠨᠳᠥᠷ ᠳᠠᠷᠤᠯᠲᠠ ᠵᠡᠷᠭᠡ ᠪᠠᠭᠲᠠᠵᠤ ᠪᠠᠶᠢᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号