︽ᠦᠨᠡᠨ︾ ᠰᠡᠳᠬᠦᠯ ᠳᠤ ᠰᠢ ᠶᠢᠨ ᠫᠢᠩ ᠤᠨ ︽ᠨᠠᠮ ᠤᠨ ᠬᠤᠪᠢᠰᠬᠠᠯ ᠤᠨ ᠰᠢᠯᠢᠳᠡᠭ ᠤᠯᠠᠮᠵᠢᠯᠠᠯ ᠪᠣᠯᠣᠨ ᠬᠡᠪ ᠰᠤᠷᠲᠠᠯ ᠢ ᠥᠪᠯᠡᠨ ᠪᠠᠳᠠᠷᠠᠭᠤᠯᠵᠤ᠂ ᠶᠠᠨ ᠠᠨ ᠤ ᠵᠣᠷᠢᠭ ᠰᠠᠨᠠᠭ᠎ᠠ ᠶᠢ ᠬᠥᠭᠵᠢᠭᠦᠯᠦᠨ ᠪᠠᠳᠠᠷᠠᠭᠤᠯᠤᠶ᠎ᠠ︾ ᠭᠡᠰᠡᠨ ᠴᠢᠬᠤᠯᠠ ᠥᠭᠦᠯᠡᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2022/12/21
     12 ᠳ᠋ᠤᠭᠠᠷ ᠰᠠᠷ᠎ᠠ ᠶᠢᠨ 16᠎ ᠤ ᠡᠳᠦᠷ ᠬᠡᠪᠯᠡᠭᠳᠡᠭᠰᠡᠨ 24 ᠳ᠋ᠦ᠋ᠭᠡᠷ ᠬᠤᠭᠤᠴᠠᠭᠠᠨ ᠤ ︽ᠦᠨᠡᠨ︾ ᠰᠡᠳᠬᠦᠯ ᠳᠤ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠎ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠨ ︽ᠨᠠᠮ ᠤᠨ ᠬᠤᠪᠢᠰᠬᠠᠯ ᠤᠨ ᠰᠢᠯᠢᠳᠡᠭ ᠤᠯᠠᠮᠵᠢᠯᠠᠯ ᠪᠣᠯᠣᠨ ᠬᠡᠪ ᠰᠤᠷᠲᠠᠯ ᠢ ᠥᠪᠯᠡᠨ ᠪᠠᠳᠠᠷᠠᠭᠤᠯᠵᠤ᠂ ᠶᠠᠨ ᠠᠨ ᠤ ᠵᠣᠷᠢᠭ ᠰᠠᠨᠠᠭ᠎ᠠ ᠶᠢ ᠬᠥᠭᠵᠢᠭᠦᠯᠦᠨ ᠪᠠᠳᠠᠷᠠᠭᠤᠯᠤᠶ᠎ᠠ︾ ᠭᠡᠰᠡᠨ ᠴᠢᠬᠤᠯᠠ ᠥᠭᠦᠯᠡᠯ ᠢ ᠨᠡᠶᠢᠲᠡᠯᠡᠭᠰᠡᠨ ᠪᠠᠶᠢᠨ᠎ᠠ᠃      ᠥᠭᠦᠯᠡᠯ ᠳᠤ ᠴᠢᠬᠤᠯᠠᠴᠢᠯᠠᠬᠤ ᠳᠠᠭᠠᠨ᠂ ᠨᠠᠮ ᠤᠨ ᠳᠣᠯᠣᠳᠤᠭᠠᠷ ᠶᠡᠭᠡ ᠬᠤᠷᠠᠯ ᠨᠢ ᠨᠠᠮ ᠤᠨ ᠲᠡᠦᠬᠡᠨ ᠳᠤ ᠴᠢᠬᠤᠯᠠ ᠪᠡᠯᠭᠡ ᠲᠡᠮᠳᠡᠭ ᠤᠨ ᠠᠴᠢ ᠬᠤᠯᠪᠣᠭᠳᠠᠯ ᠲᠠᠢ ᠪᠥᠭᠡᠳ ᠮᠠᠨ ᠤ ᠨᠠᠮ ᠤᠯᠤᠰ ᠲᠥᠷᠥ᠂ ᠦᠵᠡᠯ ᠰᠠᠨᠠᠭᠠᠨ ᠎ ᠤ ᠲᠠᠯ᠎ᠠ ᠪᠠᠷ ᠪᠣᠯᠪᠠᠰᠤᠷᠠᠩᠭᠤᠢ ᠪᠣᠯᠵᠤ᠂ ᠬᠤᠶᠢᠰᠢᠳᠠ ᠨᠠᠮ ᠤᠨ ᠢᠯᠠᠯᠲᠠ ᠠᠴᠠ ᠢᠯᠠᠯᠲᠠ ᠵᠦᠭ ᠲᠠᠰᠤᠷᠠᠯᠲᠠ ᠦᠭᠡᠢ ᠤᠷᠤᠭᠰᠢᠯᠠᠬᠤ ᠳᠤ ᠵᠥᠪ ᠴᠢᠭᠯᠡᠯ ᠢ ᠵᠢᠭᠠᠵᠤ᠂ ᠵᠥᠪ ᠵᠠᠮᠨᠠᠯ ᠢ ᠨᠡᠭᠡᠭᠡᠭᠰᠡᠨ ᠢ ᠬᠠᠷᠠᠭᠤᠯᠵᠤ ᠪᠠᠶᠢᠳᠠᠭ᠃ ᠶᠠᠨ ᠠᠨ ᠤ ᠬᠤᠪᠢᠰᠬᠠᠯ ᠤᠨ ᠬᠠᠭᠤᠴᠢᠨ ᠪᠠᠭᠤᠷᠢ ᠨᠢ ᠮᠠᠨ ᠤ ᠨᠠᠮ ᠤᠨ ᠶᠠᠨ ᠠᠨ ᠳᠤ ᠪᠠᠶᠢᠬᠤ ᠦᠶ᠎ᠡ ᠳᠡᠭᠡᠨ ᠳᠤᠮᠳᠠᠳᠤ ᠤᠯᠤᠰ ᠤᠨ ᠬᠤᠪᠢᠰᠬᠠᠯ ᠢ ᠤᠳᠤᠷᠢᠳᠴᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠥᠶ᠎ᠡ ᠶᠢᠨ ᠪᠤᠯᠭᠠᠬᠤ ᠶᠢ ᠬᠠᠶᠢᠨ ᠰᠦᠪᠡᠭᠴᠢᠯᠡᠵᠦ ᠪᠠᠶᠢᠭᠰᠠᠨ ᠭᠡᠷᠡᠯ ᠰᠠᠴᠤᠷᠠᠩᠭᠤᠢ ᠲᠡᠦᠬᠡᠨ ᠵᠠᠮᠨᠠᠯ ᠢ ᠭᠡᠷᠡᠴᠢᠯᠡᠭᠰᠡᠨ ᠪᠣᠯᠬᠤᠷ ᠡᠭᠦᠷᠢᠳᠡ ᠤᠩᠰᠢᠵᠤ ᠳᠠᠭᠤᠰᠤᠰᠢ ᠦᠭᠡᠢ ᠨᠣᠮ ᠪᠣᠯᠬᠤ ᠶᠤᠮ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠶᠠᠩ ᠵᠢᠶᠠ ᠯᠢᠩ ᠲᠣᠰᠬᠤᠨ ᠤ ᠦᠯᠢᠭᠡᠷ ᠢ ᠰᠠᠶᠢᠬᠠᠨ ᠶᠠᠷᠢᠵᠤ᠂ ᠨᠠᠮ ᠤᠨ ᠳᠣᠯᠣᠳᠤᠭᠠᠷ ᠶᠡᠭᠡ ᠬᠤᠷᠠᠯ ᠤᠨ ᠦᠯᠢᠭᠡᠷ ᠲᠡᠦᠬᠡ ᠶᠢ ᠰᠠᠶᠢᠨ ᠶᠠᠷᠢᠬᠤ ᠬᠡᠷᠡᠭᠲᠡᠢ ᠭᠡᠵᠡᠢ᠃      ᠥᠭᠦᠯᠡᠯ ᠳᠤ ᠵᠢᠭᠠᠬᠤ ᠳᠠᠭᠠᠨ᠂ ᠶᠠᠨ ᠠᠨ ᠪᠣᠯ ᠳᠤᠮᠳᠠᠳᠤ ᠤᠯᠤᠰ ᠤᠨ ᠬᠤᠪᠢᠰᠬᠠᠯ ᠤᠨ ᠳᠠᠷᠬᠠᠨ ᠣᠷᠣᠨ᠂ ᠰᠢᠨ᠎ᠡ ᠳᠤᠮᠳᠠᠳᠤ ᠤᠯᠤᠰ ᠤᠨ ᠥᠯᠥᠭᠡᠢ ᠶᠤᠮ᠃ ᠨᠠᠮ ᠤᠨ ᠲᠥᠪ ᠬᠤᠷᠢᠶ᠎ᠠ ᠪᠣᠯᠣᠨ ᠮᠠᠤ ᠽᠧ ᠳ᠋ᠦᠩ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ 1935 ᠣᠨ ᠠᠴᠠ 1948 ᠣᠨ ᠪᠣᠯᠲᠠᠯ᠎ᠠ 13 ᠵᠢᠯ ᠶᠠᠨ ᠠᠨ ᠎ ᠳᠤ ᠠᠮᠢᠳᠤᠷᠠᠨ ᠲᠡᠮᠡᠴᠡᠵᠦ᠂ ᠳᠤᠮᠳᠠᠳᠤ ᠤᠯᠤᠰ ᠤᠨ ᠬᠤᠪᠢᠰᠬᠠᠯ ᠤᠨ ᠦᠢᠯᠡᠰ ᠢ ᠤᠳᠤᠷᠢᠳᠤᠨ ᠰᠤᠯᠠ ᠪᠠᠭᠤᠷᠠᠢ ᠎ ᠠᠴᠠ ᠬᠥᠭᠵᠢᠭᠦᠯᠦᠨ ᠬᠦᠴᠦᠷᠬᠡᠭᠵᠢᠭᠦᠯᠵᠦ᠂ ᠲᠡᠦᠬᠡᠲᠦ ᠴᠢᠨᠠᠷᠲᠠᠢ ᠡᠷᠭᠢᠯᠲᠡ ᠶᠢ ᠪᠡᠶᠡᠯᠡᠭᠦᠯᠵᠦ᠂ ᠳᠤᠮᠳᠠᠳᠤ ᠤᠯᠤᠰ ᠎ ᠤᠨ ᠢᠷᠡᠭᠡᠳᠦᠢ ᠶᠢᠨ ᠬᠤᠪᠢ ᠵᠠᠶᠠᠭ᠎ᠠ ᠶᠢ ᠬᠤᠪᠢᠷᠠᠭᠤᠯᠤᠬᠰᠠᠨ ᠶᠤᠮ᠃ ᠡᠨᠡ ᠤᠳᠠᠭ᠎ᠠ ᠨᠠᠮ ᠤᠨ ᠲᠥᠪ ᠬᠤᠷᠢᠶᠠᠨ ᠎ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠨᠥᠬᠦᠳ ᠲᠠᠢ ᠬᠠᠮᠲᠤ ᠢᠷᠠᠵᠤ ᠪᠠᠶᠢᠭ᠎ᠠ ᠨᠢ ᠳᠠᠷᠤᠢ ᠰᠢᠨ᠎ᠡ ᠨᠢᠭᠡ ᠬᠤᠭᠤᠴᠠᠭᠠᠨ ᠤ ᠲᠥᠪ ᠤᠨ ᠤᠳᠤᠷᠢᠳᠬᠤ ᠪᠠᠭ ᠶᠠᠨ ᠠᠨ ᠤ ᠦᠶ᠎ᠡ ᠳᠤ ᠨᠠᠮ ᠤᠨ ᠪᠣᠢ ᠪᠣᠯᠭᠠᠭᠰᠠᠨ ᠬᠤᠪᠢᠰᠬᠠᠯ ᠤᠨ ᠰᠢᠯᠢᠳᠡᠭ ᠤᠯᠠᠮᠵᠢᠯᠠᠯ ᠪᠣᠯᠣᠨ ᠬᠡᠪ ᠰᠤᠷᠲᠠᠯ ᠢ ᠥᠪᠯᠡᠨ ᠪᠠᠳᠠᠷᠠᠭᠤᠯᠵᠤ᠂ ᠶᠠᠨ ᠠᠨ ᠤ ᠵᠣᠷᠢᠭ ᠰᠠᠨᠠᠭ᠎ᠠ ᠶᠢ      ᠬᠥᠭᠵᠢᠭᠦᠯᠦᠨ ᠪᠠᠳᠠᠷᠠᠭᠤᠯᠬᠤ ᠪᠠᠨ ᠲᠠᠩᠭᠠᠷᠢᠭᠯᠠᠬᠤ ᠶᠢᠨ ᠲᠥᠯᠥᠭᠡ ᠶᠤᠮ ᠭᠡᠵᠡᠢ᠃      ᠥᠭᠦᠯᠡᠯ ᠳᠤ ᠵᠢᠭᠠᠬᠤ ᠳᠠᠭᠠᠨ᠂ ᠶᠠᠨ ᠠᠨ ᠤ ᠦᠶ᠎ᠡ ᠳᠤ ᠪᠣᠢ ᠪᠣᠯᠭᠠᠨ ᠬᠥᠭᠵᠢᠭᠦᠯᠦᠭᠰᠡᠨ ᠢᠷᠠᠭᠤ ᠠᠯᠳᠠᠷᠲᠤ ᠤᠯᠠᠮᠵᠢᠯᠠᠯ ᠪᠣᠯᠣᠨ ᠰᠢᠯᠢᠳᠡᠭ ᠬᠡᠪ ᠰᠤᠷᠲᠠᠯ᠂ ᠪᠣᠢ ᠪᠣᠯᠭᠠᠵᠤ ᠪᠦᠷᠢᠯᠳᠦᠭᠦᠯᠦᠭᠰᠡᠨ ᠡᠷᠡᠰ ᠪᠠᠲᠤ ᠵᠥᠪ ᠣᠨᠣᠪᠴᠢᠲᠠᠢ ᠤᠯᠤᠰ ᠲᠥᠷᠥ ᠶᠢᠨ ᠴᠢᠭᠯᠡᠯ᠂ ᠦᠵᠡᠯ ᠰᠠᠨᠠᠭ᠎ᠠ ᠪᠠᠨ ᠴᠢᠯᠦᠭᠡᠯᠡᠨ ᠦᠨᠡᠨ ᠠᠴᠠ ᠵᠥᠪ ᠢ ᠡᠷᠢᠬᠦ ᠦᠵᠡᠯ ᠰᠠᠨᠠᠭᠠᠨ ᠤ ᠱᠤᠭᠤᠮ᠂ ᠪᠦᠬᠦ ᠰᠡᠳᠬᠢᠯ ᠪᠦᠬᠦ ᠵᠣᠷᠢᠭ ᠢᠶᠠᠷ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ᠂ ᠥᠪᠡᠷ ᠲᠤ ᠪᠠᠨ ᠲᠦᠰᠢᠭᠯᠡᠨ ᠠᠮᠢᠳᠤᠷᠠᠯ ᠢᠶᠠᠨ ᠴᠣᠭᠴᠠᠯᠠᠵᠤ ᠰᠢᠷᠭᠠᠭᠤ ᠬᠠᠲᠠᠭᠤᠵᠢᠯᠲᠠᠢ ᠲᠡᠮᠡᠴᠡᠵᠦ ᠦᠢᠯᠡᠰ ᠪᠦᠲᠦᠭᠡᠬᠦ ᠵᠣᠷᠢᠭ ᠰᠠᠨᠠᠭ᠎ᠠ ᠪᠠᠷ ᠭᠤᠣᠯ ᠠᠭᠤᠯᠭ᠎ᠠ ᠪᠠᠨ ᠪᠣᠯᠭᠠᠭᠰᠠᠨ ᠶᠠᠨ ᠠᠨ ᠤ ᠵᠣᠷᠢᠭ ᠰᠠᠨᠠᠭ᠎ᠠ ᠪᠣᠯ ᠨᠠᠮ ᠤᠨ ᠡᠷᠬᠢᠮ ᠨᠠᠨᠳᠢᠨ ᠦᠵᠡᠯ ᠰᠠᠨᠠᠭᠠᠨ ᠤ ᠥᠪ ᠬᠥᠷᠥᠩᠭᠡ ᠪᠣᠯᠬᠤᠷ ᠦᠶ᠎ᠡ ᠶᠢᠨ ᠦᠶ᠎ᠡ ᠳᠤ ᠥᠪᠯᠡᠨ ᠤᠯᠠᠮᠵᠢᠯᠠᠬᠤ ᠬᠡᠷᠡᠭᠲᠡᠢ ᠭᠡᠵᠡᠢ᠃      ᠦᠭᠦᠯᠡᠯ ᠳᠤ ᠵᠢᠭᠠᠬᠤ ᠳᠠᠭᠠᠨ᠂ ᠵᠦᠪ ᠤᠨᠤᠪᠴᠢᠳᠡᠢ ᠤᠯᠤᠰ ᠲᠦᠷᠦ ᠶᠢᠨ ᠴᠢᠭᠯᠡᠯ ᠢ ᠪᠠᠷᠢᠮᠳᠠᠯᠠᠬᠤ ᠪᠤᠯ ᠶᠠᠨ ᠠᠨ ᠤ ᠵᠤᠷᠢᠭ ᠰᠠᠨᠠᠭᠠᠨ ᠤ ᠤᠬᠢ ᠱᠦᠯᠳᠤ ᠶᠤᠮ᠃ ᠪᠦᠬᠦ ᠨᠠᠮ ᠤᠨ ᠨᠦᠬᠦᠳ ᠤᠳ ᠵᠦᠪ ᠤᠨᠤᠪᠴᠢᠳᠡᠢ ᠤᠯᠤᠰ ᠲᠦᠷᠦ ᠶᠢᠨ ᠴᠢᠭᠯᠡᠯ ᠢ ᠪᠠᠷᠢᠮᠳᠠᠯᠠᠵᠤ᠂ ᠨᠠᠮ ᠤᠨ ᠦᠨᠳᠦᠰᠦᠨ ᠤᠨᠤᠯ᠂ ᠦᠨᠳᠦᠰᠦᠨ ᠴᠢᠭᠯᠡᠯᠳᠡ ᠪᠤᠯᠤᠨ ᠦᠨᠳᠦᠰᠦᠨ ᠠᠷᠭ᠎ᠠ ᠪᠤᠳᠤᠯᠭ᠎ᠠ ᠶᠢ ᠡᠷᠡᠰ ᠲᠤᠤᠱᠯᠠᠭᠤᠯᠵᠤ᠂ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠡ ᠶᠢ ᠡᠷᠡᠰ ᠨᠡᠶᠢᠳᠡᠪᠤᠷᠢᠵᠢᠭᠤᠯᠵᠤ᠂ ᠠᠬᠠᠮᠠᠳ ᠬᠤᠪᠢᠰᠬᠠᠯᠴᠢᠳ ᠤᠨ ᠲᠡᠮᠡᠴᠡᠨ ᠪᠠᠶᠢᠭᠤᠯᠤᠭᠰᠠᠨ ᠠᠭᠤᠤ ᠶᠡᠭᠡ ᠦᠢᠯᠡᠰ ᠢ ᠦᠷᠬᠦᠯᠵᠢᠯᠡᠨ ᠤᠷᠤᠭᠰᠢ ᠠᠬᠢᠭᠤᠯᠬᠤ ᠭᠡᠷᠡᠭᠳᠡᠢ᠃ ᠠᠷᠠᠳ ᠲᠦᠮᠡᠨ ᠳᠤ ᠦᠢᠯᠡᠴᠢᠯᠡᠬᠦ ᠵᠤᠭᠰᠤᠯᠳᠠ ᠪᠠᠨ ᠪᠠᠳᠤᠳᠬᠠᠵᠤ᠂ ᠨᠠᠮ ᠤᠨ ᠰᠠᠨᠠᠭ᠎ᠠ ᠵᠤᠷᠢᠯᠳᠠ ᠶᠢ ᠦᠢᠯᠡᠳᠦᠯᠬᠡᠵᠢᠬᠦᠯᠵᠦ᠂ ᠨᠠᠮ ᠤᠨ ᠤᠯᠠᠨ ᠲᠦᠮᠡᠨᠴᠢ ᠱᠤᠭᠤᠮ ᠢ ᠲᠤᠤᠱᠯᠠᠭᠤᠯᠵᠤ᠂ ᠨᠠᠮ ᠪᠠ ᠠᠷᠠᠳ ᠲᠦᠮᠡᠨ ᠤ ᠬᠤᠭᠤᠷᠤᠨᠳᠤᠬᠢ ᠴᠢᠰᠤ ᠮᠢᠬᠠᠨ ᠤ ᠬᠠᠷᠢᠴᠠᠭ᠎ᠠ ᠶᠢ ᠪᠠᠳᠤᠯᠠᠵᠤ᠂ ᠡᠯ᠎ᠡ ᠵᠦᠢᠯ ᠤᠨ ᠠᠵᠢᠯ ᠢ ᠬᠦᠢᠴᠡᠳᠬᠡᠬᠦ ᠶᠠᠪᠤᠴᠠ ᠳᠤ ᠪᠠᠨ ᠤᠬᠠᠮᠰᠡᠷ ᠠᠴᠠ ᠪᠠᠨ ᠠᠷᠠᠳ ᠲᠦᠮᠡᠨ ᠢᠶᠠᠷ ᠭᠤᠤᠯ ᠪᠤᠯᠭᠠᠭᠰᠠᠨ ᠬᠦᠭᠵᠢᠯᠳᠡ ᠶᠢᠨ ᠦᠵᠡᠯ ᠰᠠᠨᠠᠭ᠎ᠠ ᠶᠢ ᠲᠤᠤᠱᠯᠠᠭᠤᠯᠵᠤ᠂ ᠬᠠᠮᠳᠤᠪᠡᠷ ᠪᠠᠶᠠᠵᠢᠨ ᠴᠢᠨᠡᠭᠡᠯᠢᠭᠵᠢᠬᠦ ᠶᠢ ᠯᠠᠪᠳᠠᠭᠤᠨ ᠪᠠᠳᠤᠳᠡᠢ ᠠᠬᠢᠭᠤᠯᠵᠤ᠂ ᠤᠳᠤᠬᠢᠴᠢᠯᠠᠭᠰᠠᠨ ᠪᠠᠶᠢᠭᠤᠯᠤᠯᠳᠡ ᠶᠢᠨ ᠦᠷ᠎ᠠ ᠪᠦᠳᠦᠬᠡᠯ ᠤᠳ ᠢ ᠪᠦᠬᠦ ᠠᠷᠠᠳ ᠲᠦᠮᠡᠨ ᠳᠤ ᠨᠡᠩ ᠲᠦᠪ ᠭᠤᠤᠯᠴᠢ ᠪᠠᠷ ᠡᠳ᠋ᠯᠡᠬᠦᠯᠬᠦ ᠭᠡᠷᠡᠭᠳᠡᠢ᠃ ᠦᠪᠡᠷ ᠤᠨ ᠬᠦᠴᠦ ᠪᠠᠷ ᠢᠶᠠᠨ ᠲᠡᠭᠵᠢᠷᠡᠬᠦ ᠪᠤᠯᠤᠨ ᠲᠡᠰᠪᠤᠷᠢ ᠬᠠᠳᠠᠭᠤᠵᠢᠯᠳᠡᠢ ᠲᠡᠮᠡᠴᠡᠬᠦ ᠵᠤᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠬᠤ ᠭᠡᠷᠡᠭᠳᠡᠢ᠃ ᠪᠢᠳᠡᠨ ᠤ ᠪᠤᠳᠡᠰ ᠤᠨ ᠠᠮᠢᠳᠤᠷᠠᠯ ᠬᠡᠴᠢᠨᠡᠨ ᠪᠠᠶᠠᠯᠢᠭ ᠪᠠᠶᠢᠭᠰᠠᠨ ᠴᠦ ᠦᠪᠡᠷ ᠤᠨ ᠬᠦᠴᠦ ᠪᠠᠷ ᠢᠶᠠᠨ ᠲᠡᠭᠵᠢᠷᠡᠬᠦ ᠪᠤᠯᠤᠨ ᠲᠡᠰᠪᠤᠷᠢ ᠬᠠᠳᠠᠭᠤᠵᠢᠯᠳᠡᠢ ᠲᠡᠮᠡᠴᠡᠬᠦ ᠵᠤᠷᠢᠭ ᠰᠠᠨᠠᠭ᠎ᠠ ᠶᠢ ᠶᠠᠭᠠᠬᠢᠭᠰᠠᠨ ᠴᠦ ᠬᠠᠶᠠᠵᠤ ᠪᠣᠯᠬᠤ ᠦᠬᠡᠢ᠂ ᠯᠠᠪᠳᠠᠭᠤᠨ ᠪᠠᠳᠤᠳᠡᠢ᠂ ᠰᠢᠷᠭᠠᠭᠤ ᠬᠠᠳᠠᠭᠤᠵᠢᠯᠳᠡᠢ ᠠᠵᠢᠯᠯᠠᠵᠤ᠂ ᠤᠶᠤᠨ ᠴᠢᠳᠠᠯ ᠢᠶᠠᠨ ᠲᠦᠪᠯᠡᠷᠡᠬᠦᠯᠦᠨ ᠠᠵᠢᠯ ᠢᠶᠠᠨ ᠰᠠᠶᠢᠨ ᠬᠢᠵᠦ᠂ ᠤᠯᠤᠰ ᠦᠨᠳᠦᠰᠦᠳᠡᠨ ᠤ ᠬᠦᠭᠵᠢᠯᠳᠡ ᠶᠢ ᠲᠡᠷᠢᠬᠦᠨ ᠪᠠᠶᠢᠷᠢᠨ ᠳᠤ ᠲᠠᠯᠪᠢᠬᠤ ᠭᠡᠷᠡᠭᠳᠡᠢ᠃ ᠠᠬᠠᠮᠠᠳ ᠨᠢᠬᠡ ᠦᠶ᠎ᠡ ᠶᠢᠨ ᠬᠤᠪᠢᠰᠬᠠᠯᠴᠢᠳ ᠪᠤᠯᠤᠨ ᠡᠪ ᠬᠠᠮᠳᠤ ᠨᠠᠮ ᠤᠨ ᠬᠡᠰᠢᠬᠦᠳ ᠤᠨ ᠦᠯᠡᠳᠡᠭᠡᠭᠰᠡᠨ ᠦᠩᠬᠡ ᠬᠡᠷᠡᠯᠳᠦ ᠤᠯᠠᠮᠵᠢᠯᠡᠯ ᠪᠤᠯᠤᠨ ᠰᠢᠯᠢᠳᠡᠭ ᠬᠡᠪ ᠰᠤᠷᠳᠠᠯ ᠢ ᠰᠡᠶᠢᠳᠤᠷ ᠵᠠᠯᠭᠠᠮᠵᠢᠯᠡᠨ ᠪᠠᠳᠠᠷᠠᠭᠤᠯᠵᠤ᠂ ᠨᠠᠮ ᠤᠨ ᠦᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠵᠤᠷᠢᠭᠲᠠᠢ ᠪᠠᠷ ᠠᠬᠢᠭᠤᠯᠵᠤ᠂ ᠨᠠᠮ ᠢᠶᠠᠨ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠬᠡᠢ ᠠᠬᠢᠭᠤᠯᠵᠤ᠂ ᠨᠠᠮ ᠤᠨ ᠲᠡᠷᠢᠬᠦᠨ ᠤ ᠴᠢᠨᠠᠷ ᠪᠤᠯᠤᠨ ᠠᠷᠢᠭᠤᠨ ᠴᠢᠬᠡᠴᠢ ᠴᠢᠨᠡᠷ ᠢ ᠢᠮᠬᠠᠳᠠ ᠪᠠᠳᠤᠯᠠᠵᠤ᠂ ᠮᠠᠨ ᠤ ᠨᠠᠮ ᠤᠨ ᠢᠮᠠᠬᠳᠠ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮᠳᠤ ᠦᠢᠯᠡᠰ ᠤᠨ ᠪᠠᠳᠤ ᠴᠢᠩᠭ᠎ᠠ ᠤᠳᠤᠷᠢᠳᠬᠤ ᠭᠤᠤᠯᠯᠠᠬᠴᠢ ᠪᠣᠯᠬᠤ ᠶᠢ ᠪᠠᠳᠤᠯᠠᠬᠤ ᠭᠡᠷᠡᠭᠳᠡᠢ᠃ ᠲᠡᠮᠡᠴᠡᠯ ᠬᠢᠬᠦ ᠵᠤᠷᠢᠭ ᠰᠠᠨᠠᠭ᠎ᠠ ᠶᠢ ᠪᠠᠳᠠᠷᠠᠭᠤᠯᠤᠨ᠂ ᠲᠡᠮᠡᠴᠡᠯ ᠬᠢᠬᠦ ᠡᠷᠳᠡᠮ ᠴᠢᠳᠡᠪᠤᠷᠢ ᠪᠠᠨ ᠲᠡᠭᠡᠭᠰᠢᠯᠡᠬᠦᠯᠵᠦ᠂ ᠤᠷᠤᠭᠰᠢᠯᠠᠯᠳᠠ ᠶᠢᠨ ᠵᠠᠮᠨᠡᠯ ᠲᠡᠭᠡᠷᠡᠬᠢ ᠡᠯ᠎ᠡ ᠵᠦᠢᠯ ᠤᠨ ᠬᠦᠴᠢᠷᠳᠡᠯ ᠪᠤᠯᠤᠨ ᠦᠷᠢᠰᠦᠯᠳᠦᠬᠡᠨ ᠢ ᠡᠷᠡᠰ ᠢᠯᠠᠨ ᠲᠠᠪᠠᠵᠣ᠂ ᠡᠷᠡᠯᠭᠡᠭᠯᠡᠨ ᠲᠡᠮᠡᠴᠡᠬᠦ ᠪᠠᠷ ᠳᠠᠮᠵᠢᠭᠤᠯᠤᠨ ᠮᠠᠨ ᠤ ᠨᠠᠮ ᠤᠨ ᠠᠵᠢᠯ ᠦᠢᠯᠡᠰ ᠤᠨ ᠬᠦᠭᠵᠢᠯᠳᠡ ᠶᠢᠨ ᠰᠢᠨ᠎ᠡ ᠪᠠᠶᠢᠳᠡᠯ ᠢ ᠪᠤᠢ ᠪᠣᠯᠭᠠᠬᠤ ᠭᠡᠷᠡᠭᠳᠡᠢ ᠬᠡᠵᠠᠢ᠃      ᠦᠭᠦᠯᠡᠯ ᠳᠤ ᠴᠢᠬᠤᠯᠠᠴᠢᠯᠠᠬᠤ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠤᠳᠤᠬᠠᠨ ᠪᠠ ᠬᠤᠶᠢᠰᠢᠳᠡ ᠶᠢᠨ ᠬᠡᠰᠡᠭ ᠬᠤᠭᠤᠴᠠᠭᠠᠨ ᠤ ᠨᠠᠮ ᠲᠦᠷᠦ ᠶᠢᠨ ᠪᠤᠳᠤᠯᠭ᠎ᠠ ᠴᠢᠭᠯᠡᠯᠳᠡ ᠶᠢ ᠲᠤᠭᠳᠠᠭᠠᠵᠤ᠂ ᠲᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠳᠠ ᠪᠠᠷ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠳᠠ ᠶᠢ ᠪᠦᠬᠦ ᠲᠠᠯ᠎ᠠ ᠪᠠᠷ ᠠᠬᠢᠭᠤᠯᠬᠤ ᠠᠤᠭ᠎ᠠ ᠬᠡᠳᠦ ᠶᠢᠨ ᠲᠦᠯᠦᠪ ᠢ ᠵᠢᠷᠤᠭᠯᠠᠭᠰᠠᠨ ᠪᠠᠶᠢᠨ᠎ᠠ᠃ ᠤᠳᠤ ᠪᠢᠳᠡ ᠰᠢᠨ᠎ᠡ ᠠᠶᠠᠨ ᠵᠠᠮ ᠳᠠᠭᠠᠨ ᠮᠤᠷᠳᠠᠵᠤ᠂ ᠲᠡᠮᠡᠴᠡᠯ ᠤᠨ ᠰᠢᠨ᠎ᠡ ᠬᠠᠷᠠᠯᠳᠡ ᠪᠠᠨ ᠪᠡᠶᠡᠯᠡᠬᠦᠯᠬᠦ ᠶᠢᠨ ᠲᠦᠯᠦᠬᠡ ᠬᠠᠮᠳᠤ ᠳᠠᠭᠠᠨ ᠲᠡᠮᠡᠴᠡᠵᠡᠭᠡᠶ᠎ᠡ ᠬᠡᠵᠠᠢ᠃
 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号