ᠰᠢ ᠶᠢᠨ ᠫᠢᠩ ︽ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠦᠨᠳᠦᠰᠦᠨ ᠬᠠᠤᠯᠢ ᠶᠢ ᠦᠢᠯᠡᠳᠦᠯᠭᠡᠵᠢᠭᠦᠯᠬᠦ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠡᠰᠡᠨ ᠴᠢᠬᠤᠯᠠ ᠥᠭᠦᠯᠡᠯ ᠨᠡᠶᠢᠲᠡᠯᠡᠪᠡ
ᠨᠡᠶᠢᠲᠡᠯᠡᠭᠰᠡᠨ ᠴᠠᠭ᠄
2022/12/21
     ᠲᠥᠪ ᠷᠠᠳᠢᠣ᠋ ᠶᠢᠨ ᠮᠡᠳᠡᠭᠡ᠄ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ 12 ᠳ᠋ᠤᠭᠠᠷ ᠰᠠᠷ᠎ᠠ ᠶᠢᠨ 19᠎ ᠤ ᠡᠳᠦᠷ ︽ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠦᠨᠳᠦᠰᠦᠨ ᠬᠠᠤᠯᠢ ᠶᠢ ᠦᠢᠯᠡᠳᠦᠯᠭᠡᠵᠢᠭᠦᠯᠬᠦ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠡᠰᠡᠨ ᠴᠢᠬᠤᠯᠠ ᠥᠭᠦᠯᠡᠯ ᠨᠡᠶᠢᠲᠡᠯᠡᠯ᠎ᠡ᠃      ᠥᠭᠦᠯᠡᠯ ᠳᠤ ᠴᠢᠬᠤᠯᠠᠴᠢᠯᠠᠬᠤ ᠳᠠᠭᠠᠨ᠂ ᠡᠨᠡ ᠵᠢᠯ ᠪᠣᠯ ᠮᠠᠨ ᠤ ᠤᠯᠤᠰ ᠤᠨ ᠣᠳᠣ ᠶᠢᠨ ᠬᠡᠷᠡᠭᠵᠢᠭᠦᠯᠵᠦ ᠪᠠᠶᠢᠭ᠎ᠠ ᠦᠨᠳᠦᠰᠦᠨ ᠬᠠᠤᠯᠢ ᠶᠢ ᠨᠡᠶᠢᠲᠡᠯᠡᠵᠦ ᠬᠡᠷᠡᠭᠵᠢᠭᠦᠯᠦᠭᠰᠡᠨ ᠤ 40 ᠵᠢᠯ ᠤᠨ ᠣᠢ ᠪᠣᠯᠣᠨ᠎ᠠ᠃ 40 ᠵᠢᠯ ᠤᠨ ᠲᠤᠷᠰᠢ ᠳᠤ᠂ ᠣᠳᠣ ᠶᠢᠨ ᠬᠡᠷᠡᠭᠵᠢᠭᠦᠯᠵᠦ ᠪᠠᠶᠢᠭ᠎ᠠ ᠦᠨᠳᠦᠰᠦᠨ ᠬᠠᠤᠯᠢ ᠨᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠬᠦᠴᠦᠲᠡᠢ ᠠᠬᠢᠭᠤᠯᠤᠨ ᠴᠢᠩᠭᠠᠳᠬᠠᠵᠤ᠂ ᠨᠠᠮ ᠲᠥᠷᠥ ᠶᠢᠨ ᠦᠢᠯᠡᠰ ᠤᠨ ᠬᠥᠭᠵᠢᠯᠲᠡ ᠎ ᠶᠢ ᠬᠦᠴᠦᠲᠡᠢ ᠠᠬᠢᠭᠤᠯᠤᠨ ᠪᠠᠲᠤᠯᠠᠭᠰᠠᠨ ᠪᠠᠶᠢᠨ᠎ᠠ᠃ ᠪᠢᠳᠠ ᠣᠳᠣ ᠶᠢᠨ ᠬᠡᠷᠡᠭᠵᠢᠭᠦᠯᠵᠦ ᠪᠠᠶᠢᠭ᠎ᠠ ᠦᠨᠳᠦᠰᠦᠨ ᠬᠠᠤᠯᠢ ᠶᠢ ᠨᠡᠶᠢᠲᠡᠯᠡᠵᠦ ᠬᠡᠷᠡᠭᠵᠢᠭᠦᠯᠦᠭᠰᠡᠨ ᠤ 40 ᠵᠢᠯ ᠤᠨ ᠣᠢ ᠶᠢ ᠳᠤᠷᠠᠰᠬᠠᠨ ᠲᠡᠮᠳᠡᠭᠯᠡᠬᠦ ᠪᠠᠷ ᠠᠵᠠ ᠲᠣᠬᠢᠶᠠᠯ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠵᠤ᠂ ᠦᠨᠳᠦᠰᠦᠨ ᠬᠠᠤᠯᠢ ᠎ ᠶᠢᠨ ᠦᠵᠡᠯ ᠤᠬᠠᠮᠰᠠᠷ ᠢᠶᠠᠨ ᠴᠢᠩᠭᠠᠳᠬᠠᠨ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠨ ᠬᠠᠤᠯᠢ ᠶᠢ ᠬᠡᠷᠡᠭᠵᠢᠭᠦᠯᠬᠦ ᠶᠢ ᠠᠬᠢᠭᠤᠯᠤᠨ᠂ ᠲᠥᠷᠥ ᠤᠯᠤᠰ ᠢᠶᠠᠨ ᠵᠠᠰᠠᠬᠤ ᠶᠠᠪᠤᠴᠠ ᠳᠠᠬᠢ ᠦᠨᠳᠦᠰᠦᠨ ᠬᠠᠤᠯᠢ ᠶᠢᠨ ᠭᠠᠷᠭᠠᠵᠤ ᠪᠠᠶᠢᠭ᠎ᠠ ᠴᠢᠬᠤᠯᠠ ᠦᠢᠯᠡᠳᠦᠯ ᠢ ᠨᠡᠩ ᠰᠠᠶᠢᠨ ᠪᠠᠳᠠᠷᠠᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠠᠶᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠪᠠᠲᠤ ᠪᠠᠬᠢ ᠪᠠᠲᠤᠯᠠᠭ᠎ᠠ ᠤᠯᠭᠤᠬᠤ ᠬᠡᠷᠡᠭᠲᠡᠢ ᠭᠡᠵᠡᠢ᠃      ᠥᠭᠦᠯᠡᠯ ᠳᠤ ᠵᠢᠭᠠᠬᠤ ᠳᠠᠭᠠᠨ᠂ ᠰᠢᠨ᠎ᠡ ᠴᠠᠭ ᠦᠶ᠎ᠡ ᠳᠤ ᠣᠷᠣᠭᠰᠠᠨ 10 ᠵᠢᠯ ᠳᠤ ᠮᠠᠨ ᠤ ᠤᠯᠤᠰ ᠤᠨ ᠦᠨᠳᠦᠰᠦᠨ ᠬᠠᠤᠯᠢ ᠶᠢᠨ ᠳᠦᠷᠢᠮ ᠤᠨ ᠪᠠᠶᠢᠭᠤᠯᠤᠯᠲᠠ ᠪᠠ ᠦᠨᠳᠦᠰᠦᠨ ᠬᠠᠤᠯᠢ ᠶᠢ ᠬᠡᠷᠡᠭᠵᠢᠭᠦᠯᠵᠦ ᠬᠢᠨᠠᠯᠲᠠ ᠲᠠᠯᠪᠢᠬᠤ ᠠᠵᠢᠯ ᠴᠢᠬᠤᠯᠠ ᠶᠡᠭᠡ ᠦᠷ᠎ᠡ ᠪᠦᠲᠦᠮᠵᠢ ᠣᠯᠵᠤ᠂ ᠪᠦᠬᠦ ᠨᠠᠮ ᠪᠦᠬᠦ ᠨᠡᠶᠢᠭᠡᠮ ᠤᠨ ᠦᠨᠳᠦᠰᠦᠨ ᠬᠠᠤᠯᠢ ᠎ ᠶᠢᠨ ᠦᠵᠡᠯ ᠤᠬᠠᠮᠰᠠᠷ ᠮᠡᠳᠡᠭᠳᠡᠮ᠎ᠡ ᠳᠡᠭᠡᠭᠰᠢᠯᠡᠵᠦ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠪᠠᠶᠢᠭᠤᠯᠤᠯᠲᠠ ᠪᠠᠶᠠᠯᠢᠭ ᠦᠷ᠎ᠡ ᠪᠦᠲᠦᠮᠵᠢ ᠣᠯᠵᠤ᠂ ᠮᠠᠰᠢ ᠣᠯᠠᠨ ᠰᠢᠨ᠎ᠡ ᠲᠤᠷᠰᠢᠯᠭ᠎ᠠ ᠬᠤᠷᠠᠮᠳᠤᠭᠤᠯᠤᠨ᠂ ᠮᠠᠨ ᠤ ᠤᠯᠤᠰ ᠤᠨ ᠦᠨᠳᠦᠰᠦᠨ ᠬᠠᠤᠯᠢ ᠶᠢᠨ ᠳᠦᠷᠢᠮ ᠤᠨ ᠪᠠᠶᠢᠭᠤᠯᠤᠯᠲᠠ ᠶᠢᠨ ᠲᠤᠬᠠᠢ ᠵᠢᠮ᠎ᠡ ᠶᠤᠰᠤᠨ ᠤ ᠲᠠᠨᠢᠯᠲᠠ ᠶᠢ ᠭᠦᠨᠵᠡᠭᠡᠶᠢᠷᠡᠭᠦᠯᠦᠭᠰᠡᠨ ᠪᠠᠶᠢᠨ᠎ᠠ᠂ ᠲᠡᠷᠡ ᠨᠢ ᠳᠠᠷᠤᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠎ ᠶᠢ ᠡᠷᠬᠡᠪᠰᠢ ᠪᠠᠷᠢᠮᠲᠠᠯᠠᠬᠤ᠂ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ ᠶᠢ ᠡᠷᠬᠡᠪᠰᠢ ᠪᠠᠷᠢᠮᠲᠠᠯᠠᠬᠤ᠂ ᠬᠠᠤᠯᠢ ᠪᠠᠷ ᠤᠯᠤᠰ ᠢᠶᠠᠨ ᠵᠠᠰᠠᠬᠤ ᠪᠠ ᠦᠨᠳᠦᠰᠦᠨ ᠬᠠᠤᠯᠢ ᠪᠠᠷ ᠲᠥᠷᠥ ᠪᠠᠷᠢᠬᠤ ᠶᠢ ᠡᠷᠬᠡᠪᠰᠢ ᠪᠠᠷᠢᠮᠲᠠᠯᠠᠬᠤ᠂ ᠦᠨᠳᠦᠰᠦᠨ ᠬᠠᠤᠯᠢ ᠶᠢᠨ ᠤᠯᠤᠰ ᠤᠨ ᠦᠨᠳᠦᠰᠦ ᠰᠠᠭᠤᠷᠢ ᠪᠣᠯᠬᠤ ᠬᠠᠤᠯᠢ ᠶᠢᠨ ᠪᠠᠶᠢᠷᠢ ᠰᠠᠭᠤᠷᠢ ᠶᠢ ᠡᠷᠬᠡᠪᠰᠢ ᠪᠠᠷᠢᠮᠲᠠᠯᠠᠬᠤ᠂ ᠦᠨᠳᠦᠰᠦᠨ ᠬᠠᠤᠯᠢ ᠶᠢ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠶᠢ ᠬᠠᠤᠯᠢᠵᠢᠭᠤᠯᠤᠨ ᠳᠦᠷᠢᠮᠵᠢᠭᠦᠯᠬᠦ ᠶᠢ ᠡᠷᠬᠡᠪᠰᠢ ᠪᠠᠷᠢᠮᠲᠠᠯᠠᠬᠤ᠂ ᠦᠨᠳᠦᠰᠦᠨ ᠬᠠᠤᠯᠢ ᠶᠢᠨ ᠡᠷᠬᠡ ᠰᠦᠷ ᠪᠠ ᠨᠡᠷ᠎ᠡ ᠬᠦᠨᠳᠦ ᠶᠢ ᠡᠷᠬᠡᠪᠰᠢ ᠬᠠᠮᠠᠭᠠᠯᠠᠬᠤ᠂ ᠦᠨᠳᠦᠰᠦᠨ ᠬᠠᠤᠯᠢ ᠶᠢ ᠡᠷᠬᠡᠪᠰᠢ ᠴᠠᠭ ᠦᠶ᠎ᠡ ᠲᠠᠢ ᠵᠡᠷᠭᠡ ᠪᠠᠷ ᠲᠡᠭᠦᠯᠳᠡᠷᠵᠢᠭᠦᠯᠦᠨ ᠬᠥᠭᠵᠢᠭᠦᠯᠬᠦ ᠵᠡᠷᠭᠡ ᠪᠣᠯᠣᠨ᠎ᠠ ᠭᠡᠵᠡᠢ᠃      ᠦᠭᠦᠯᠡᠯ ᠳᠤ ᠴᠢᠬᠤᠯᠠᠴᠢᠯᠠᠬᠤ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠬᠠᠥᠯᠢ ᠪᠠᠷ ᠵᠠᠰᠠᠬᠤ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠦ᠂ ᠦᠨᠳᠦᠰᠦᠨ ᠬᠠᠥᠯᠢ ᠶᠢᠨ ᠦᠵᠡᠯ ᠤᠬᠠᠮᠰᠠᠷ ᠢᠶᠠᠨ ᠴᠢᠩᠭᠠᠳᠬᠠᠵᠦ᠂ ᠦᠨᠳᠦᠰᠦᠨ ᠬᠠᠥᠯᠢ ᠶᠢ ᠴᠢᠩᠭ᠎ᠠ ᠬᠡᠷᠡᠭᠵᠢᠭᠦᠯᠦᠨ᠂ ᠦᠨᠳᠦᠰᠦᠨ ᠬᠠᠥᠯᠢ ᠠᠴᠠ ᠤᠯᠭᠤᠬᠰᠠᠨ ᠲᠠᠷᠬᠠᠨ ᠬᠠᠷᠢᠭᠤᠴᠠᠯᠭ᠎ᠠ ᠪᠠᠨ ᠬᠦᠢᠴᠡᠳᠭᠡᠵᠦ᠂ ᠰᠢᠨ᠎ᠡ ᠴᠠᠭ ᠦᠶ᠎ᠡ ᠳᠤ ᠲᠤᠮᠳᠠᠳᠤ ᠤᠯᠤᠰ ᠤᠨ ᠦᠨᠳᠦᠰᠦᠨ ᠬᠠᠥᠯᠢ ᠶᠢ ᠦᠢᠯᠡᠳᠦᠯᠭᠡᠵᠢᠭᠦᠯᠬᠦ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠳᠡᠢ᠃ ᠦᠨᠳᠦᠰᠦᠨ ᠬᠠᠥᠯᠢ ᠶᠢᠨ ᠠᠵᠢᠯ ᠎ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠨ ᠴᠢᠩᠭᠠᠳᠬᠠᠵᠦ᠂ ᠮᠠᠨ ᠤ ᠤᠯᠤᠰ ᠤᠨ ᠦᠨᠳᠦᠰᠦᠨ ᠬᠠᠥᠯᠢ ᠶᠢᠨ ᠲᠦᠷᠢᠮ ᠤᠨ ᠢᠯᠡᠷᠬᠡᠢ ᠲᠠᠪᠠᠭᠤᠯᠢᠭ ᠪᠤᠯᠤᠨ ᠴᠢᠬᠤᠯᠠ ᠦᠢᠯᠡᠳᠦᠯ ᠢ ᠨᠡᠩ ᠰᠠᠶᠢᠨ ᠪᠠᠳᠠᠷᠠᠭᠤᠯᠵᠦ᠂ ᠪᠤᠰᠤᠳ ᠤᠯᠤᠰ ᠤᠨ ᠵᠠᠬᠪᠤᠷ ᠪᠤᠯᠤᠨ ᠠᠷᠭ᠎ᠠ ᠬᠡᠮᠵᠢᠶ᠎ᠡ ᠶᠢ ᠲᠠᠭᠤᠷᠢᠶᠠᠵᠦ ᠬᠠᠭᠤᠯᠪᠤᠷᠢᠯᠠᠬᠤ ᠶᠢ ᠡᠷᠡᠰ ᠲᠠᠳᠠᠭᠠᠯᠵᠠᠬᠤ ᠬᠡᠷᠡᠭᠳᠡᠢ᠃ ᠦᠨᠳᠦᠰᠦᠨ ᠬᠠᠥᠯᠢ ᠶᠢ ᠬᠡᠷᠡᠭᠵᠢᠭᠦᠯᠬᠦ ᠶᠠᠪᠤᠳᠠᠯ ᠢ ᠲᠦᠷᠦ ᠤᠯᠤᠰ ᠢᠶᠠᠨ ᠵᠠᠰᠠᠨ ᠴᠡᠭᠴᠡᠯᠡᠬᠦ ᠡᠯ᠎ᠡ ᠲᠠᠯ᠎ᠠ ᠪᠠ ᠪᠦᠭᠦ ᠶᠠᠪᠤᠴᠠ ᠳᠤ ᠲᠤᠤᠱᠯᠠᠭᠤᠯᠵᠦ᠂ ᠨᠠᠮ ᠤᠨ ᠦᠨᠳᠦᠰᠦᠨ ᠬᠠᠥᠯᠢ ᠳᠤ ᠲᠦᠰᠢᠭᠯᠡᠨ ᠤᠯᠤᠰ ᠢᠶᠠᠨ ᠵᠠᠰᠠᠬᠤ᠂ ᠦᠨᠳᠦᠰᠦᠨ ᠬᠠᠥᠯᠢ ᠳᠤ ᠲᠦᠰᠢᠭᠯᠡᠨ ᠲᠦᠷᠦ ᠪᠠᠷᠢᠬᠤ ᠴᠢᠳᠠᠪᠦᠷᠢ ᠶᠢ ᠲᠠᠰᠤᠷᠠᠯᠳᠠ ᠦᠭᠡᠢ ᠲᠡᠭᠡᠭᠰᠢᠯᠡᠭᠦᠯᠬᠦ ᠬᠡᠷᠡᠭᠳᠡᠢ᠃ ᠦᠨᠳᠦᠰᠦᠨ ᠬᠠᠥᠯᠢ ᠪᠠᠷ ᠭᠤᠤᠯ ᠪᠤᠯᠭᠠᠬᠰᠠᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠬᠠᠥᠯᠢ ᠶᠢᠨ ᠰᠢᠰᠲ᠋ᠧᠮ ᠢ ᠲᠦᠷᠭᠡᠨ ᠪᠦᠷᠢᠨᠰᠢᠭᠦᠯᠵᠦ᠂ ᠬᠠᠥᠯᠢ ᠵᠦᠢ ᠶᠢᠨ ᠲᠦᠷᠢᠮᠵᠢᠯ ᠤᠨ ᠰᠢᠰᠲ᠋ᠧᠮ ᠤᠨ ᠪᠦᠭᠦ ᠲᠠᠯ᠎ᠠ ᠶᠢᠨ ᠴᠢᠨᠠᠷ᠂ ᠰᠢᠰᠲ᠋ᠧᠮᠳᠦ ᠴᠢᠨᠠᠷ ᠪᠤᠯᠤᠨ ᠵᠤᠬᠢᠴᠠᠭᠤᠯᠬᠤ ᠴᠢᠨᠠᠷ ᠢ ᠲᠠᠰᠤᠷᠠᠯᠳᠠ ᠦᠭᠡᠢ ᠡᠷᠴᠢᠮᠵᠢᠭᠦᠯᠬᠦ ᠬᠡᠷᠡᠭᠳᠡᠢ᠃ ᠦᠨᠳᠦᠰᠦᠨ ᠬᠠᠥᠯᠢ ᠶᠢ ᠪᠦᠭᠦ ᠲᠠᠯ᠎ᠠ ᠪᠠᠷ ᠬᠡᠷᠡᠭᠵᠢᠭᠦᠯᠬᠦ ᠶᠢ ᠪᠠᠳᠤᠯᠠᠬᠤ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠦᠨᠳᠦᠰᠦᠨ ᠬᠠᠥᠯᠢ ᠶᠢ ᠬᠡᠷᠡᠭᠵᠢᠭᠦᠯᠬᠦ ᠪᠠ ᠲᠡᠭᠦᠨ ᠳᠤ ᠬᠢᠨᠠᠯᠳᠠ ᠲᠠᠯᠪᠢᠬᠤ ᠲᠦᠪᠰᠢᠨ ᠢᠶᠠᠨ ᠲᠠᠰᠤᠷᠠᠯᠳᠠ ᠦᠭᠡᠢ ᠲᠡᠭᠡᠭᠰᠢᠯᠡᠭᠦᠯᠬᠦ ᠬᠡᠷᠡᠭᠳᠡᠢ᠃ ᠦᠨᠳᠦᠰᠦᠨ ᠬᠠᠥᠯᠢ ᠶᠢᠨ ᠤᠨᠤᠯ ᠤᠨ ᠰᠤᠳᠤᠯᠭ᠎ᠠ ᠪᠠ ᠰᠤᠷᠳᠠᠯ ᠤᠬᠠᠭᠤᠯᠭ᠎ᠠ ᠬᠦᠮᠦᠵᠢᠯ ᠤᠨ ᠠᠵᠢᠯ ᠢ ᠴᠢᠩᠭᠠᠳᠬᠠᠵᠦ᠂ ᠲᠤᠮᠳᠠᠳᠤ ᠤᠯᠤᠰ ᠤᠨ ᠦᠨᠳᠦᠰᠦᠨ ᠬᠠᠥᠯᠢ ᠶᠢᠨ ᠤᠨᠤᠯ ᠪᠤᠯᠤᠨ ᠦᠢᠯᠡᠳᠦᠯᠬᠡ ᠶᠢᠨ ᠢᠳᠡᠭᠡᠭᠦᠯᠬᠦ ᠬᠦᠴᠦᠨ ᠪᠤᠯᠤᠨ ᠨᠦᠯᠦᠬᠡᠯᠡᠬᠦ ᠬᠦᠴᠦᠨ ᠢ ᠲᠠᠰᠤᠷᠠᠯᠳᠠ ᠦᠭᠡᠢ ᠲᠡᠭᠡᠭᠰᠢᠯᠡᠭᠦᠯᠬᠦ ᠬᠡᠷᠡᠭᠳᠡᠢ ᠭᠡᠵᠡᠢ᠃      ᠦᠭᠦᠯᠡᠯ ᠤᠨ ᠡᠴᠦᠰ ᠲᠤ ᠴᠢᠬᠤᠯᠠᠴᠢᠯᠠᠬᠤ ᠳᠠᠭᠠᠨ᠂ ᠪᠢᠳᠡ ᠦᠨᠳᠦᠰᠦᠨ ᠬᠠᠥᠯᠢ ᠶᠢ ᠬᠡᠷᠡᠭᠵᠢᠭᠦᠯᠬᠦ ᠶᠠᠪᠤᠳᠠᠯ ᠢ ᠪᠦᠭᠦ ᠲᠠᠯ᠎ᠠ ᠪᠠᠷ ᠲᠤᠤᠱᠯᠠᠭᠤᠯᠵᠦ᠂ ᠬᠠᠥᠯᠢ ᠶᠢᠨ ᠲᠠᠭᠠᠥ ᠤᠯᠤᠰ ᠢᠶᠠᠨ ᠪᠦᠭᠦ ᠲᠠᠯ᠎ᠠ ᠪᠠᠷ ᠵᠠᠰᠠᠵᠦ᠂ ᠬᠠᠥᠯᠢ ᠪᠠᠷ ᠵᠠᠰᠠᠬᠤ ᠲᠤᠮᠳᠠᠳᠤ ᠤᠯᠤᠰ ᠤᠨ ᠪᠠᠶᠢᠭᠤᠯᠤᠯᠳᠠ ᠶᠢ ᠠᠬᠢᠭᠤᠯᠵᠦ᠂ ᠨᠡᠶᠢᠭᠡᠮ ᠵᠢᠷᠦᠮᠳᠦ ᠤᠳᠤᠬᠢᠴᠢᠯᠠᠬᠰᠠᠨ ᠬᠦᠴᠦᠷᠭᠡᠭ ᠤᠯᠤᠰ ᠢ ᠪᠦᠭᠦ ᠲᠠᠯ᠎ᠠ ᠪᠠᠷ ᠪᠠᠶᠢᠭᠤᠯᠵᠦ᠂ ᠬᠤᠶᠠᠳᠠᠬᠢ ᠵᠠᠭᠤᠨ ᠵᠢᠯ ᠤᠨ ᠲᠡᠮᠡᠴᠡᠯ ᠤᠨ ᠬᠠᠷᠠᠯᠳᠠ ᠶᠢ ᠪᠡᠶᠡᠯᠡᠭᠦᠯᠦᠨ᠂ ᠲᠤᠮᠳᠠᠳᠤ ᠤᠯᠤᠰ ᠤᠨ ᠮᠠᠶ᠋ᠢᠭ ᠤᠨ ᠤᠳᠤᠬᠢᠴᠢᠯᠠᠯᠳᠠ ᠪᠠᠷ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠳᠠ ᠶᠢ ᠪᠡᠶᠡᠯᠡᠭᠦᠯᠬᠦ ᠶᠢᠨ ᠲᠦᠯᠦᠬᠡ ᠪᠦᠯᠭᠦᠮᠳᠡᠨ ᠲᠡᠮᠡᠴᠡᠵᠡᠭᠡᠶ᠎ᠡ ᠭᠡᠵᠡᠢ᠃
 
ᠢᠷᠡᠯᠲᠡ᠄ ᠳᠤᠮᠳᠠᠳᠤ ᠤᠯᠤᠰ ᠤᠨ ᠦᠨᠳᠦᠰᠦᠲᠡᠨ ᠤ ᠷᠠᠳᠢᠤ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号