ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠎ ᠶᠢ ᠪᠠᠷᠢᠮᠲᠠᠯᠠᠰᠤᠭᠠᠢ
ᠨᠡᠶᠢᠲᠡᠯᠡᠭᠰᠡᠨ ᠴᠠᠭ᠄
2022/12/23
     — ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠢ ᠦᠬᠦᠯᠡᠬᠦ ᠨᠢ                       ᠠᠷᠠᠳ ᠤᠨ ᠡᠳᠦᠷ ᠤᠨ ᠰᠣᠨᠢᠨ ᠤ ᠰᠢᠭᠦᠮᠵᠢᠯᠡᠭᠴᠢ      ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ᠂ ︽ᠢᠷᠡᠬᠦ ᠵᠢᠯ ᠳᠤ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠬᠤ ᠬᠡᠷᠡᠭᠲᠡᠢ︾ ᠭᠡᠵᠦ ᠴᠢᠬᠤᠯᠠᠴᠢᠯᠠᠨ ᠵᠢᠭᠠᠵᠤ ᠭᠠᠷᠭᠠᠪᠠ᠃ ᠲᠣᠭᠲᠠᠭᠤᠨ ᠪᠠᠶᠢᠯᠭᠠᠬᠤ ᠦᠨᠳᠦᠰᠦᠨ ᠬᠥᠭ ᠠᠶᠠᠰ ᠢ ᠨᠠᠩ ᠲᠣᠳᠣᠷᠬᠠᠶ ᠪᠣᠯᠭᠠᠵᠤ᠂ ᠤᠷᠤᠭᠰᠢᠯᠠᠨ ᠲᠠᠪᠰᠢᠬᠤ ᠱᠠᠭᠠᠷᠳᠠᠯᠭ᠎ᠠ ᠶᠢ ᠨᠠᠩ ᠢᠳᠡᠪᠬᠢᠲᠡᠶ ᠪᠣᠯᠭᠠᠵᠤ᠂  ᠲᠤᠶᠢᠯ ᠤᠨ ᠡᠯᠪᠡᠭ ᠪᠠᠶᠠᠯᠢᠭ ᠮᠡᠳᠡᠭᠡ ᠵᠠᠩᠭᠢ ᠶᠢ ᠲᠠᠮᠵᠢᠭᠤᠯᠪᠠ᠃      ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠎ ᠶᠢ ᠪᠠᠷᠢᠮᠲᠠᠯᠠᠬᠤ ᠪᠣᠯ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶᠠᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠳᠤ ᠭᠦᠨᠵᠡᠭᠡᠢ ᠵᠠᠳᠠᠯᠤᠯᠲᠠ ᠬᠢᠭᠡᠳ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠪᠤᠯᠬᠤ ᠪᠦᠭᠡᠳ ᠢᠯᠡ ᠲᠣᠳᠣ ᠠᠰᠠᠭᠤᠳᠠᠯ ᠤᠨ ᠤᠳᠤᠷᠢᠳᠤᠮᠵᠢ ᠬᠠᠷᠠᠯᠲᠠ ᠶᠢᠨ  ᠤᠳᠤᠷᠢᠳᠤᠮᠵᠢ ᠶᠢ ᠢᠯᠡᠷᠡᠭᠦᠯᠪᠡ᠃ ᠣᠳᠣᠬᠠᠨ ᠳᠤ ᠮᠠᠨ ᠤ ᠤᠯᠤᠰ ᠤᠨ ᠠᠵᠤ ᠠᠬᠤᠢ ᠶᠢᠨ ᠰᠡᠷᠭᠦᠯᠲᠡ ᠶᠢᠨ ᠰᠠᠭᠤᠷᠢ ᠬᠠᠷᠠᠬᠠᠨ ᠪᠠᠬᠢᠵᠢᠭᠡᠳᠦᠢ᠂ ᠬᠡᠷᠡᠭᠴᠡᠭᠡ ᠪᠠᠭᠠᠰᠬᠤ᠂ ᠬᠠᠩᠭᠠᠯᠭ᠎ᠠ ᠮᠠᠭᠤᠳᠠᠬᠤ᠂ ᠵᠢᠱᠢᠯᠳᠡ ᠠᠴᠠ ᠪᠠᠭᠤᠷᠠᠢ ᠪᠣᠯᠬᠤ ᠭᠤᠷᠪᠠᠨ ᠳᠠᠪᠬᠤᠷ ᠳᠠᠷᠤᠯᠲᠠ ᠮᠥᠨ ᠬᠦ ᠨᠡᠯᠢᠶᠡᠳ ᠶᠡᠭᠡ᠂ ᠭᠠᠳᠠᠭᠠᠳᠤ ᠣᠷᠴᠢᠨ ᠲᠣᠭᠲᠠᠭᠤᠨ ᠪᠤᠰᠤ ᠪᠠᠶᠢᠵᠤ᠂ ᠮᠠᠨ ᠤ ᠤᠯᠤᠰ ᠤᠨ ᠠᠵᠤ ᠠᠬᠤᠢ ᠳᠤ ᠦᠵᠡᠭᠦᠯᠬᠦ ᠨᠥᠯᠥᠭᠡ ᠭᠦᠨᠵᠡᠭᠡᠶᠢᠷᠡᠵᠦ ᠪᠠᠶᠢᠨ᠎ᠠ᠃ ᠬᠢᠵᠢᠭ ᠢ ᠰᠡᠷᠭᠡᠶᠢᠯᠡᠨ ᠬᠤᠷᠢᠬᠯᠠᠬᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠬᠦ ᠨᠢ ᠠᠵᠤ ᠠᠬᠤᠶ ᠶᠢᠨ ᠰᠡᠷᠭᠦᠯᠲᠡ ᠳᠤ ᠢᠯᠡᠳᠲᠡ ᠢᠳᠡᠪᠬᠢᠲᠡᠶ ᠨᠥᠯᠥᠭᠡ ᠦᠵᠡᠭᠦᠯᠬᠦ ᠪᠣᠯᠤᠨ᠎ᠠ᠂ ᠭᠡᠪᠡᠴᠦ ᠬᠢᠵᠢᠭ ᠢ ᠰᠡᠷᠭᠡᠶᠢᠯᠡᠨ ᠬᠤᠷᠢᠬᠯᠠᠬᠤ ᠠᠵᠢᠯ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠬᠦ ᠳᠤ ᠪᠠᠰᠠ ᠶᠡᠭᠡ ᠬᠡᠮᠵᠢᠶᠡᠨ ᠤ ᠠᠵᠢᠯ ᠬᠢᠬᠦ ᠴᠢᠬᠤᠯᠠᠲᠠᠶ ᠪᠠᠶᠢᠨ᠎ᠠ᠃ ᠪᠠᠶᠢᠳᠠᠯ ᠬᠡᠳᠦᠢ ᠨᠠᠷᠢᠨ ᠪᠤᠳᠤᠯᠢᠶᠠᠨᠲᠠᠢ᠂ ᠵᠠᠩᠭᠢᠯᠠᠭ᠎ᠠ ᠶᠢᠨ ᠴᠡᠭ ᠭᠡᠳᠦᠢ ᠨᠠᠷᠢᠨ ᠪᠤᠳᠤᠯᠢᠶᠠᠨᠲᠠᠢ ᠪᠣᠯᠬᠤ ᠲᠤᠳᠤᠮ ᠲᠡᠳᠦᠢ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠬᠤ ᠬᠡᠷᠡᠭᠲᠡᠢ᠂ ᠡᠨᠡ ᠪᠣᠯ ᠮᠠᠨ ᠤ ᠨᠠᠮ ᠤᠨ ᠠᠵᠤ ᠠᠬᠤᠢ ᠶᠢᠨ ᠠᠵᠢᠯ ᠢ ᠡᠵᠡᠮᠳᠡᠭᠰᠡᠨ ᠠᠮᠵᠢᠯᠲᠠᠲᠠᠢ ᠦᠢᠯᠡᠳᠦᠯᠭᠡ ᠪᠠᠷ ᠲᠠᠬᠢᠨ ᠳᠠᠪᠲᠠᠨ ᠭᠡᠷᠡᠴᠢᠯᠡᠭᠰᠡᠨ ᠨᠢᠭᠡᠨ ᠴᠢᠬᠤᠯᠠ ᠲᠤᠷᠰᠢᠯᠭ᠎ᠠ ᠮᠥᠨ᠃      ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠎ ᠶᠢ ᠪᠠᠷᠢᠮᠲᠠᠯᠠᠬᠤ ᠳᠤ᠂ ᠨᠡᠮᠡᠭᠳᠡᠯ ᠢ ᠲᠣᠭᠲᠠᠭᠤᠨ ᠪᠠᠶᠢᠯᠭᠠᠬᠤ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ᠂ ᠪᠠᠷᠠᠭᠠᠨ ᠤ ᠦᠨ᠎ᠡ ᠶᠢ ᠲᠣᠭᠲᠠᠭᠤᠨ ᠪᠠᠶᠢᠯᠭᠠᠬᠤ ᠠᠵᠢᠯ ᠢ ᠤᠨᠴᠠᠭᠠᠶᠢᠯᠠᠨ ᠰᠠᠶᠢᠲᠤᠷ ᠬᠢᠬᠦ ᠬᠡᠷᠡᠭᠲᠡᠢ᠃ ᠮᠠᠨ ᠤ ᠡᠶᠢᠮᠦ ᠶᠡᠭᠡ ᠠᠵᠤ ᠠᠬᠤᠢ ᠶᠢᠨ ᠴᠣᠭᠴᠠ ᠳᠤ ᠠᠪᠴᠤ ᠬᠡᠯᠡᠪᠡᠯ᠂ ᠠᠵᠤ ᠠᠬᠤᠢ ᠶᠢᠨ ᠲᠣᠭᠲᠠᠭᠤᠨ ᠡᠷᠭᠢᠯᠲᠡ ᠶᠢ ᠪᠠᠲᠤᠯᠠᠬᠤ ᠨᠢ ᠲᠦᠢᠯ ᠤᠨ ᠴᠢᠬᠤᠯᠠ ᠶᠤᠮ᠃ ᠭᠠᠭᠴᠠ ᠬᠦ ᠵᠦᠢ ᠵᠣᠬᠢᠰᠲᠠᠢ ᠠᠵᠤ ᠠᠬᠤᠢ ᠶᠢᠨ ᠨᠡᠮᠡᠭᠳᠡᠯ ᠢ ᠪᠠᠲᠤᠯᠠᠵᠤ᠂ ᠠᠵᠢᠯ ᠣᠯᠭᠤᠯᠲᠠ ᠠᠷᠠᠳ ᠤᠨ ᠠᠮᠢᠳᠤᠷᠠᠯ ᠢ ᠭᠦᠢᠴᠡᠳ ᠪᠠᠲᠤᠯᠠᠪᠠᠯ ᠰᠠᠶ᠋ᠢ ᠠᠶᠤᠯ ᠲᠦᠭᠰᠢᠭᠦᠷᠢ ᠥᠷᠢᠰᠥᠯᠳᠦᠭᠡᠨ ᠢ ᠯᠠᠪᠳᠠᠭᠤᠨ ᠢᠶᠠᠷ ᠠᠷᠢᠯᠭᠠᠵᠤ᠂ ᠳᠤᠮᠳᠠ  ᠵᠡᠷᠭᠡ ᠶᠢᠨ ᠣᠷᠣᠯᠭ᠎ᠠ ᠶᠢᠨ ᠤᠨᠠᠭᠤᠯᠢ ᠶᠢ ᠳᠠᠪᠠᠵᠤ᠂ ᠤᠯᠠᠨ ᠤᠯᠤᠰ ᠤᠨ   ᠥᠷᠢᠰᠥᠯᠳᠦᠭᠡᠨ ᠤ ᠳᠤᠮᠳᠠ ᠳᠠᠪᠠᠭᠤᠯᠢᠭ ᠪᠠᠶᠢᠷᠢ ᠶᠢ ᠣᠯᠵᠤ ᠴᠢᠳᠠᠨ᠎ᠠ᠃ ᠮᠠᠨ ᠤ    ᠤᠯᠤᠰ ᠤᠨ ᠠᠵᠤ ᠠᠬᠤᠢ ᠵᠦᠢ ᠵᠣᠬᠢᠰᠲᠠᠢ ᠨᠡᠮᠡᠭᠳᠡᠬᠦ ᠨᠥᠬᠦᠴᠡᠯ ᠢ ᠪᠦᠷᠢᠯᠳᠦᠭᠦᠯᠵᠦ᠂ ᠴᠢᠷᠮᠠᠶᠢᠯᠭ᠎ᠠ ᠪᠠᠷ ᠢᠶᠠᠨ ᠳᠠᠮᠵᠢᠭᠤᠯᠤᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ ᠠᠵᠤ ᠠᠬᠤᠢ ᠶᠢᠨ ᠡᠷᠬᠢᠯᠳᠡ ᠎ ᠶᠢᠨ ᠪᠦᠬᠦᠯᠢ ᠴᠣᠭᠴᠠ ᠶᠢᠨ  ᠰᠠᠶᠢᠵᠢᠷᠠᠯᠲᠠ ᠶᠢ ᠠᠬᠢᠭᠤᠯᠪᠠᠯ᠂ ᠠᠵᠤ ᠠᠬᠤᠢ ᠶᠢᠨ ᠨᠡᠮᠡᠭᠳᠡᠯ ᠢ ᠲᠠᠯᠳᠠ ᠨᠡᠮᠡᠭᠳᠡᠯ ᠎ ᠤᠨ ᠬᠢᠷᠢ ᠲᠦᠪᠰᠢᠨ ᠳᠤ ᠬᠦᠷᠭᠡᠵᠦ ᠴᠢᠳᠠᠨ᠎ᠠ᠃ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠢᠷᠡᠬᠦ ᠵᠢᠯ ᠮᠠᠨ ᠤ ᠤᠯᠤᠰ ᠤᠨ ᠠᠵᠢᠯ ᠣᠯᠭᠤᠯᠲᠠ ᠶᠢᠨ ᠶᠡᠷᠦᠩᠬᠡᠢ ᠬᠡᠮᠵᠢᠶᠡᠨ ᠤ ᠳᠠᠷᠤᠯᠲᠠ ᠪᠠ ᠪᠦᠲᠦᠴᠡ ᠶᠢᠨ ᠴᠢᠨᠠᠷᠲᠠᠢ ᠵᠥᠷᠢᠴᠡᠯ ᠵᠡᠷᠭᠡ ᠪᠠᠷ ᠣᠷᠣᠰᠢᠬᠤ ᠪᠣᠯᠬᠤᠷ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠤᠳᠤᠯᠭ᠎ᠠ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ᠃ ᠮᠠᠨ ᠤ ᠤᠯᠤᠰ ᠤᠨ ᠨᠡᠶᠢᠭᠡᠮ ᠤᠨ ᠶᠡᠷᠦᠩᠬᠡᠢ ᠬᠠᠩᠭᠠᠯᠭ᠎ᠠ ᠭᠦᠢᠴᠡᠳ᠂ ᠠᠮᠤ ᠪᠤᠳᠠᠭ᠎ᠠ᠂ ᠡᠨᠧᠷᠭᠢ ᠶᠢᠨ ᠪᠠᠲᠤᠯᠠᠭ᠎ᠠ ᠬᠦᠴᠦᠲᠡᠢ᠂ ᠪᠠᠷᠠᠭᠠᠨ ᠎ ᠤ ᠦᠨ᠎ᠡ ᠲᠣᠭᠲᠠᠭᠤᠨ ᠪᠠᠶᠢᠬᠤ ᠳᠤ ᠰᠠᠭᠤᠷᠢ ᠲᠠᠢ ᠪᠣᠯᠬᠤᠷ ᠬᠤᠷᠸ᠎ᠠ ᠲᠦᠷᠦ ᠶᠢᠨ    ᠪᠤᠳᠤᠯᠭ᠎ᠠ ᠳᠤ ᠬᠠᠷᠰᠢ ᠰᠠᠭᠠᠳ ᠪᠣᠯᠬᠤ ᠦᠭᠡᠢ ᠶᠤᠮ᠂ ᠭᠡᠪᠡᠴᠦ ᠪᠠᠰᠠ ᠪᠦᠲᠦᠴᠡ ᠶᠢᠨ ᠴᠢᠨᠠᠷᠲᠠᠢ ᠪᠠᠷᠠᠭᠠᠨ ᠤ ᠦᠨ᠎ᠡ ᠶᠢᠨ ᠥᠰᠥᠯᠲᠡ ᠎ ᠶᠢᠨ ᠬᠡᠰᠡᠭ ᠬᠦᠴᠢᠷᠳᠡᠯ ᠲᠠᠢ ᠤᠯᠠᠨ ᠲᠦᠮᠡᠨ ᠳᠤ ᠦᠵᠡᠭᠦᠯᠬᠦ ᠨᠥᠯᠥᠭᠡ ᠶᠢ ᠴᠠᠭ ᠲᠤᠬᠠᠢ ᠳᠤᠨᠢ ᠪᠦᠲᠦᠮᠵᠢᠲᠡᠢ ᠨᠠᠮᠳᠠᠭᠤᠯᠬᠤ ᠬᠡᠷᠡᠭᠲᠡᠢ᠃      ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠎ ᠶᠢ ᠪᠠᠷᠢᠮᠲᠠᠯᠠᠬᠤ ᠳᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠬᠦ ᠲᠠᠯ᠎ᠠ ᠪᠠᠷ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠬᠠᠩᠭᠠᠯᠭ᠎ᠠ ᠎ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠠᠵᠤ ᠠᠬᠤᠢ ᠶᠢᠨ ᠠᠵᠢᠯ ᠎ ᠤᠨ ᠪᠦᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠴᠢᠬᠤᠯᠠ ᠡᠯᠧᠮᠧᠨ᠋ᠲ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠬᠦ᠂ ᠪᠦᠲᠦᠴᠡ ᠶᠢᠨ ᠲᠤᠬᠢᠷᠠᠭᠤᠯᠤᠯᠳᠠ ᠶᠢ ᠠᠬᠢᠭᠤᠯᠬᠤ ᠲᠠᠯ᠎ᠠ ᠪᠠᠷ ᠨᠡᠩ ᠶᠡᠭᠡ ᠠᠯᠬᠤᠮ ᠢ ᠠᠯᠬᠤᠬᠤ ᠬᠡᠷᠡᠭᠲᠡᠢ᠃ ᠭᠤᠣᠯᠯᠠᠬᠤ ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠪᠠ ᠭᠤᠣᠯᠯᠠᠬᠤ ᠴᠢᠳᠠᠮᠵᠢ ᠶᠢ ᠴᠢᠩᠭᠠᠷᠠᠭᠤᠯᠬᠤ ᠪᠠᠷ ᠭᠤᠣᠯᠳᠠᠯᠭ᠎ᠠ ᠪᠣᠯᠭᠠᠵᠤ᠂ ᠰᠢᠨ᠎ᠡ ᠨᠢᠭᠡᠨ ᠡᠭᠡᠯᠵᠢ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠲᠥᠯᠥᠪᠯᠡᠬᠦ ᠬᠡᠷᠡᠭᠲᠡᠢ᠃ ᠡᠳ᠋ ᠤᠨ ᠵᠠᠰᠠᠭ ᠭᠠᠶᠢᠯᠢ ᠲᠠᠲᠠᠪᠤᠷᠢ᠂ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡ ᠪᠠ ᠣᠷᠣᠨ ᠨᠤᠲᠤᠭ ᠤᠨ ᠥᠭᠴᠡᠭᠡᠨ ᠤ ᠲᠦᠭᠰᠢᠭᠦᠷᠢ ᠶᠢ ᠠᠷᠢᠯᠭᠠᠬᠤ ᠶᠢ ᠠᠬᠢᠭᠤᠯᠬᠤ ᠬᠡᠷᠡᠭᠲᠡᠢ᠃ ᠡᠯ᠎ᠡ ᠲᠦᠷᠦᠯ ᠤᠨ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠢᠯᠠᠩᠭᠤᠶ᠎ᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠢᠲᠡᠭᠡᠯ ᠵᠣᠷᠢᠭ ᠢ ᠬᠥᠪᠴᠢᠯᠡᠵᠦ᠂ ᠮᠠᠨ ᠤ ︽ᠬᠤᠶᠠᠷ ᠦᠴᠦᠭᠡᠨ ᠴᠤ ᠭᠤᠶᠢᠪᠢᠰᠢ ᠦᠭᠡᠢ︾᠎ ᠶᠢ ᠪᠠᠷᠢᠮᠲᠠᠯᠠᠬᠤ ᠡᠰᠡᠬᠦ ᠲᠤᠬᠠᠢ ᠨᠡᠶᠢᠭᠡᠮ ᠳᠡᠭᠡᠷᠡᠬᠢ ᠵᠦᠪ ᠪᠤᠰᠤ ᠶᠠᠷᠢᠶ᠎ᠠ ᠬᠡᠯᠡᠯᠴᠡᠭᠡ ᠳᠤ ᠴᠢᠭᠯᠡᠭᠦᠯᠦᠨ᠂ ᠡᠷᠬᠡᠪᠰᠢ ᠣᠪᠣᠷ ᠢᠶᠠᠨ ᠲᠣᠳᠣᠷᠬᠠᠢ ᠢᠯᠡᠳᠭᠡᠵᠦ᠂ ᠥᠴᠦᠬᠡᠨ ᠴᠦ ᠲᠠᠲᠠᠭᠠᠯᠵᠠᠬᠤ ᠦᠭᠡᠢ ᠪᠠᠶᠢᠬᠤ ᠬᠡᠷᠡᠭᠲᠡᠢ᠃ ᠢᠲᠡᠭᠡᠮᠵᠢᠲᠦ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢᠨ ᠲᠦᠷᠢᠮ ᠪᠣᠯ ᠵᠢᠱᠢᠯᠲᠡ ᠶᠢ ᠲᠤᠬᠳᠠᠭᠤᠨ ᠪᠠᠶᠢᠯᠭᠠᠬᠤ ᠶᠢᠨ ᠰᠠᠭᠤᠷᠢ ᠮᠥᠨ᠂ ᠥᠮᠴᠢᠯᠡᠯ ᠤᠨ     ᠡᠷᠬᠡ ᠪᠠ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠤᠯᠢ ᠶᠣᠰᠣᠭᠠᠷ ᠬᠠᠮᠠᠭᠠᠯᠠᠵᠤ᠂ ᠭᠡᠷ᠎ᠡ ᠶᠢᠨ ᠵᠣᠷᠢᠭ ᠰᠠᠨᠠᠭ᠎ᠠ ᠶᠢ ᠬᠢᠴᠢᠶᠡᠩᠭᠦ᠋ᠢᠯᠡᠨ ᠵᠢᠷᠤᠮᠯᠠᠬᠤ ᠬᠡᠷᠡᠭᠲᠡᠢ᠃ ᠤᠯᠤᠰ ᠤᠨ    ᠥᠮᠴᠢᠯᠡᠯ ᠤᠨ ᠠᠵᠤ ᠠᠬᠤᠶᠢᠯᠠᠯ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠡᠷᠬᠡ ᠲᠡᠭᠰᠢ ᠪᠠᠷ ᠬᠠᠨᠳᠤᠬᠤ ᠱᠠᠭᠠᠷᠳᠠᠯᠭ᠎ᠠ ᠶᠢ ᠲᠦᠷᠢᠮ ᠪᠠ ᠬᠠᠤᠯᠢ ᠴᠠᠭᠠᠵᠠ ᠶᠢᠨ ᠲᠠᠯ᠎ᠠ ᠠᠴᠠ ᠨᠠᠶᠢᠳᠠᠪᠤᠷᠢᠵᠢᠭᠤᠯᠵᠤ᠂ ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠥᠷᠭᠡᠳᠬᠡᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠵᠣᠷᠢᠭᠲᠠᠢ ᠪᠠᠷ ᠬᠢᠬᠦ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠵᠣᠷᠢᠭᠲᠠᠢ ᠪᠠᠷ ᠬᠢᠬᠦ᠂ ᠭᠠᠳᠠᠭᠠᠳᠤ ᠶᠢᠨ ᠠᠵᠤ ᠠᠬᠤᠶᠢᠯᠠᠯ ᠤᠨ ᠵᠣᠷᠢᠭᠲᠠᠢ ᠪᠠᠷ ᠪᠡᠯᠡ ᠣᠷᠣᠭᠤᠯᠬᠤ ᠠᠮᠢᠳᠤ ᠴᠣᠪᠣᠭᠤᠯᠢᠭ ᠪᠠᠶᠢᠳᠠᠯ ᠢ ᠪᠤᠢ ᠪᠣᠯᠭᠠᠬᠤ ᠬᠡᠷᠡᠭᠲᠡᠢ᠃      ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠎ ᠶᠢ ᠪᠠᠷᠢᠮᠲᠠᠯᠠᠬᠤ ᠳᠤ᠂ ᠢᠷᠡᠬᠦ ᠵᠢᠯ ᠤᠨ ᠠᠵᠤ ᠠᠬᠤᠢ ᠶᠢᠨ   ᠠᠵᠢᠯ ᠤᠨ ᠲᠦᠷᠦ ᠶᠢᠨ ᠪᠤᠳᠤᠯᠭ᠎ᠠ ᠶᠢᠨ ᠬᠠᠨᠳᠤᠰᠢ ᠎ ᠶᠢ ᠰᠠᠶᠢᠲᠤᠷ ᠡᠵᠡᠮᠳᠡᠬᠦ ᠬᠡᠷᠡᠭᠲᠡᠢ᠃ ᠬᠤᠷᠸ᠎ᠠ ᠲᠥᠷᠥ ᠶᠢᠨ ᠪᠣᠳᠣᠯᠭ᠎ᠠ ᠶᠢᠨ ᠲᠣᠬᠢᠷᠠᠭᠤᠯᠭ᠎ᠠ ᠡᠵᠡᠮᠰᠢᠯ ᠤᠨ ᠡᠷᠴᠢᠮ ᠎ ᠢᠶᠠᠨ ᠴᠢᠩᠭᠠᠷᠠᠭᠤᠯᠵᠤ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠴᠢᠨᠠᠷ ᠰᠠᠶᠢᠲᠠᠶ ᠬᠥᠭᠵᠢᠯᠲᠡ ᠶᠢ ᠬᠠᠮᠲᠤ ᠪᠠᠷ ᠠᠬᠢᠭᠤᠯᠬᠤ ᠬᠠᠮᠲᠤᠷᠠᠯ ᠬᠦᠴᠦᠨ ᠢ ᠪᠦᠷᠢᠯᠳᠦᠭᠦᠯᠬᠦ ᠭᠡᠷᠡᠭᠳᠡᠢ᠃ ᠡᠳ᠋ ᠤᠨ ᠵᠠᠰᠠᠭ ᠤᠨ ᠢᠳᠡᠪᠬᠢᠲᠡᠢ   ᠲᠦᠷᠦ ᠶᠢᠨ ᠪᠤᠳᠤᠯᠭ᠎ᠠ ᠶᠢᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠨᠡᠶᠢᠯᠡᠮᠡᠯ ᠤᠯᠠᠭᠠᠨ ᠲᠤᠭ᠎ᠠ᠂ ᠲᠤᠰᠬᠠᠶ ᠵᠢᠭᠡᠯᠡᠯᠭᠡ᠂ ᠳᠠᠮ ᠬᠦᠦ ᠵᠡᠷᠭᠡ ᠪᠠᠭᠠᠵᠢ ᠶᠢ ᠰᠢᠯᠢᠳᠡᠭᠵᠢᠭᠦᠯᠦᠨ᠂ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠥᠷᠭᠡᠳᠬᠡᠬᠦ    ᠡᠷᠴᠢᠮ ᠢᠶᠠᠨ ᠵᠣᠬᠢᠰᠲᠠᠶ ᠴᠢᠩᠭᠠᠷᠠᠭᠤᠯᠵᠤ᠂ ᠡᠳ᠋ ᠤᠨ ᠵᠠᠰᠠᠭ ᠤᠨ ᠵᠠᠷᠤᠯᠭ᠎ᠠ ᠶᠢ ᠰᠢᠯᠢᠳᠡᠭᠵᠢᠭᠦᠯᠬᠦ ᠲᠠᠯ᠎ᠠ ᠪᠠᠷ ᠳᠠᠬᠢᠨ ᠬᠦᠴᠦ ᠣᠷᠣᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠦᠲᠦᠮᠵᠢᠲᠡᠶ ᠳᠡᠮᠵᠢᠬᠦ ᠬᠡᠷᠡᠭᠲᠡᠶ᠃ ᠵᠣᠭᠤᠰᠣᠨ ᠤ ᠯᠠᠪᠳᠠᠭᠤᠨ ᠲᠥᠷᠥ ᠶᠢᠨ ᠪᠣᠳᠣᠯᠭ᠎ᠠ ᠶᠢ ᠨᠠᠷᠢᠨ ᠣᠨᠣᠪᠴᠢᠲᠠᠶ ᠪᠥᠭᠡᠳ ᠬᠦᠴᠦᠲᠡᠶ ᠬᠡᠷᠡᠭᠵᠢᠭᠦᠯᠬᠦ ᠬᠡᠷᠡᠭᠲᠡᠶ᠃ ᠭᠦᠢᠯᠭᠡᠭᠡᠨ ᠤ ᠴᠢᠨᠠᠷ ᠤᠨ ᠵᠦᠶ ᠵᠣᠬᠢᠰᠲᠠᠶ ᠪᠥᠭᠡᠳ ᠭᠦᠢᠴᠡᠳ ᠪᠠᠶᠢᠬᠤ ᠶᠢ ᠪᠠᠲᠤᠯᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠎ ᠶᠢ ᠬᠥᠲᠥᠯᠥᠨ ᠵᠢᠯᠣᠭᠤᠳᠴᠤ ᠪᠠᠶᠢᠭᠠᠳ ᠪᠠᠭ᠎ᠠ ᠵᠢᠵᠢᠭ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ᠂ ᠪᠣᠬᠢᠷᠲᠤᠯ ᠥᠬᠡᠶ ᠬᠥᠭᠵᠢᠯᠲᠡ ᠵᠡᠷᠭᠡ ᠬᠦᠷᠢᠶ᠎ᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠮᠥᠩᠭᠦᠨ ᠭᠦᠢᠯᠭᠡᠭᠡ ᠨᠢ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠳᠤ ᠭᠦᠢᠴᠡᠳ᠂ ᠥᠪᠡᠷ ᠤᠨ ᠥᠷᠲᠡᠭ ᠢᠶᠠᠷ ᠳᠤᠤᠷ᠎ᠠ ᠪᠠᠯᠠ ᠮᠥᠩᠭᠦ ᠶᠢᠨ ᠳᠡᠮᠵᠢᠯᠭᠡ ᠬᠠᠩᠭᠠᠬᠤ ᠬᠡᠷᠡᠭᠲᠡᠶ᠃ ᠠᠵᠤ ᠦᠢᠯᠡᠰ ᠤᠨ ᠲᠦᠷᠦ ᠶᠢᠨ ᠪᠤᠳᠤᠯᠭ᠎ᠠ ᠳᠤ ᠬᠥᠭᠵᠢᠭᠦᠯᠬᠦ ᠪᠠ ᠠᠶᠤᠯᠭᠦᠢ ᠪᠠᠶᠢᠯᠭᠠᠬᠤ ᠶᠢ ᠵᠡᠷᠭᠡ ᠪᠠᠷ ᠴᠢᠬᠤᠯᠠᠴᠢᠯᠠᠬᠤ ᠬᠡᠷᠡᠭᠲᠡᠢ᠃ ᠬᠥᠭᠵᠢᠯᠲᠡ ᠪᠣᠯ ᠠᠮᠤᠷ ᠲᠦᠪᠰᠢᠨ ᠤ ᠰᠠᠭᠤᠷᠢ ᠮᠥᠨ᠂ ᠠᠮᠤᠷ ᠲᠦᠪᠰᠢᠨ ᠪᠣᠯ ᠬᠥᠭᠵᠢᠯᠲᠡ ᠶᠢᠨ ᠤᠷᠢᠲᠠᠯ ᠮᠥᠨ᠂ ᠠᠵᠤ ᠦᠢᠯᠡᠰ ᠤᠨ ᠲᠦᠷᠦ ᠶᠢᠨ ᠪᠤᠳᠤᠯᠭ᠎ᠠ ᠪᠣᠯ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠦᠯᠦᠪᠵᠢᠭᠦᠯᠭᠦ ᠴᠢᠬᠤᠯᠠ ᠤᠶᠠᠯᠳᠤᠯ ᠤᠨ ᠴᠡᠭ ᠮᠥᠨ᠃ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠪᠠ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠶᠢ ᠴᠢᠩᠭ᠎ᠠ ᠠᠳᠬᠤᠵᠤ᠂ ᠠᠵᠤ ᠦᠢᠯᠡᠰ ᠤᠨ ᠬᠡᠯᠬᠢᠶ᠎ᠡ ᠶᠢᠨ ᠪᠠᠭᠤᠷᠠᠢ ᠭᠤᠭᠴᠤᠭ᠎ᠠ ᠶᠢ ᠬᠦᠴᠦᠯᠡᠨ ᠨᠥᠬᠦᠪᠥᠷᠢᠯᠡᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ ᠪᠣᠳᠣᠯᠭ᠎ᠠ ᠨᠢ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠳᠤ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠶ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠣᠨᠣᠪᠴᠢᠲᠠᠢ ᠡᠵᠡᠮᠰᠢᠨ ᠨᠢᠭᠡ ᠴᠤᠭᠴᠠᠵᠢᠭᠤᠯᠤᠨ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ ᠤ ᠰᠠᠭᠤᠷᠢᠯᠠᠬᠤ ᠴᠢᠨᠠᠷᠲᠠᠢ᠂ ᠪᠠᠶᠢᠯᠳᠤᠬᠤ     ᠪᠤᠳᠤᠯᠭ᠎ᠠ ᠶᠢᠨ ᠴᠢᠨᠠᠷᠲᠠᠢ ᠲᠤᠯᠭᠠᠭᠤᠷᠢᠯᠠᠯ ᠢ ᠴᠢᠩᠭᠠᠳᠬᠠᠬᠤ ᠬᠡᠷᠡᠭᠲᠡᠢ᠃ ᠨᠡᠶᠢᠭᠡᠮ ᠤᠨ ᠲᠦᠷᠦ ᠶᠢᠨ ᠪᠤᠳᠤᠯᠭ᠎ᠠ ᠨᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠱᠤᠭᠤᠮ ᠢ ᠪᠠᠲᠤ ᠰᠠᠬᠢᠬᠤ ᠬᠡᠷᠡᠭᠲᠡᠢ᠃ ᠢᠷᠡᠬᠦ ᠵᠢᠯ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠡᠪᠴᠢᠶ᠎ᠡ ᠵᠢᠱᠢᠯᠲᠡ ᠪᠠᠷ 1150 ᠲᠦᠮᠡᠨ ᠬᠦᠮᠦᠨ ᠢ ᠳᠠᠪᠠᠵᠤ᠂ ᠳᠠᠬᠢᠨᠲᠠ ᠰᠢᠨ᠎ᠡ ᠲᠡᠮᠳᠡᠭᠯᠡᠯ ᠢ ᠡᠭᠦᠳᠬᠦ ᠪᠣᠯᠤᠨ᠎ᠠ᠂ ᠠᠵᠢᠯ ᠣᠯᠭᠤᠯᠲᠠ ᠶᠢ ᠰᠢᠩᠭᠡᠭᠡᠨ ᠠᠪᠬᠤ ᠴᠢᠳᠠᠪᠤᠷᠢ ᠪᠠᠷ ᠴᠢᠩᠭ᠎ᠠ ᠠᠵᠤ ᠦᠢᠯᠡᠰ ᠪᠠ ᠠᠵᠤ ᠠᠬᠤᠶᠢᠯᠠᠯ ᠢ ᠳᠡᠮᠵᠢᠨ ᠬᠥᠭᠵᠢᠭᠦᠯᠵᠦ᠂ ᠵᠠᠯᠠᠭᠤᠴᠤᠳ ᠢᠯᠠᠩᠭᠤᠶ᠎ᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠠᠬᠢᠭᠤᠯᠬᠤ ᠠᠵᠢᠯ ᠢ ᠨᠠᠩ ᠲᠣᠪᠤᠶᠢᠮ᠎ᠠ ᠪᠠᠶᠢᠷᠢᠨ ᠎ ᠳᠤ ᠲᠠᠯᠪᠢᠬᠤ ᠬᠡᠷᠡᠭᠲᠡᠶ᠃ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠢ ᠦᠷᠭᠡᠵᠢᠭᠦᠯᠦᠨ ᠦᠨᠳᠦᠰᠦᠨ ᠱᠠᠳᠤᠨ ᠎ ᠳᠤ ᠪᠠᠭᠤᠯᠭᠠᠬᠤ ᠪᠠ ᠣᠷᠣᠨ ᠪᠦᠰᠡ ᠶᠢᠨ ᠲᠡᠩᠴᠡᠭᠦᠷᠢᠲᠡᠢ ᠪᠠᠶᠢᠷᠢᠰᠢᠭᠤᠯᠤᠯᠳᠠ ᠶᠢ ᠠᠬᠢᠭᠤᠯᠵᠤ᠂ ᠬᠥᠳᠡᠭᠡ ᠲᠣᠰᠬᠤᠨ ᠪᠠ ᠬᠥᠭᠵᠢᠭᠡᠳᠦᠢ ᠭᠠᠵᠠᠷ ᠣᠷᠣᠨ ᠤ ᠡᠮᠴᠢᠯᠡᠭᠡᠨ ᠤ ᠡᠬᠢ ᠪᠠᠶᠠᠯᠢᠭ ᠢ ᠨᠡᠮᠡᠭᠳᠡᠭᠦᠯᠬᠦ ᠬᠡᠷᠡᠭᠲᠡᠢ᠃ ᠬᠥᠮᠦᠨ ᠠᠮᠠ ᠶᠢᠨ ᠨᠠᠰᠤᠵᠢᠯᠲᠠ ᠪᠠ ᠬᠡᠦᠭᠡᠳ ᠴᠦᠭᠡᠨ ᠠᠪᠴᠤ ᠪᠠᠶᠢᠭ᠎ᠠ ᠪᠠᠶᠢᠳᠠᠯ ᠢ ᠢᠳᠡᠪᠬᠢᠲᠡᠢ ᠠᠷᠭᠠᠴᠠᠵᠤ᠂ ᠦᠷᠡᠵᠢᠯ ᠎ ᠢ ᠳᠡᠮᠵᠢᠬᠦ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠨᠠᠰᠤᠵᠢᠯ ᠤᠨ ᠠᠰᠠᠷᠠᠮᠵᠢ ᠶᠢᠨ ᠦᠢᠯᠡᠰ ᠪᠠ     ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠢ ᠬᠥᠭᠵᠢᠭᠦᠯᠵᠦ᠂ ᠨᠡᠶᠢᠭᠡᠮ ᠤᠨ ᠬᠦᠴᠦᠨ ᠢ ᠲᠡᠮᠵᠢᠭᠦ ᠪᠠ ᠬᠦᠲᠦᠯᠦᠨ ᠵᠢᠯᠤᠭᠤᠳᠴᠤ ᠪᠠᠶᠢᠭᠠᠳ ᠤᠯᠠᠨ ᠡᠰᠢᠲᠦ ᠬᠠᠩᠭᠠᠯᠭ᠎ᠠ ᠶᠢ ᠨᠡᠮᠡᠭᠳᠡᠭᠦᠯᠬᠦ ᠬᠡᠷᠡᠭᠲᠡᠢ᠃      ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠎ ᠶᠢ ᠪᠠᠷᠢᠮᠲᠠᠯᠠᠬᠤ ᠳᠤ᠂ ᠡᠷᠬᠡᠪᠰᠢ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠠᠶᠤᠯ ᠲᠦᠭᠰᠢᠭᠦᠷᠢ ᠲᠥᠪᠯᠡᠷᠡᠵᠦ ᠭᠡᠨᠡᠳᠲᠡ ᠡᠭᠦᠰᠬᠦ ᠳᠤ ᠬᠦᠷᠪᠡᠯ᠂ ᠠᠵᠤ ᠠᠬᠤᠢ ᠨᠡᠶᠢᠭᠡᠮ ᠤᠨ ᠬᠥᠭᠵᠢᠯᠲᠡ ᠵᠣᠭᠰᠣᠩᠭᠢᠷᠠᠬᠤ ᠴᠢᠨᠠᠭᠰᠢᠯᠠᠪᠠᠯ ᠤᠬᠤᠷᠢᠵᠤ᠂ ᠲᠣᠭᠲᠠᠭᠤᠨ ᠪᠠᠶᠢᠯᠭᠠᠬᠤ ᠶᠢ ᠶᠠᠷᠢᠬᠤ ᠶᠢᠨ ᠠᠷᠭ᠎ᠠ ᠦᠭᠡᠢ ᠪᠣᠯᠤᠨ᠎ᠠ᠃ ᠬᠡᠷ ᠪᠠᠶᠢᠰᠢᠩ ᠭᠠᠵᠠᠷ ᠰᠢᠷᠣᠶ ᠶᠢᠨ     ᠬᠥᠷᠥᠩᠭᠡ ᠶᠢᠨ ᠠᠵᠤ ᠦᠢᠯᠡᠰ ᠎ ᠤᠨ ᠬᠡᠯᠬᠢᠶ᠎ᠡ ᠣᠷᠳᠣ ᠪᠠᠶᠢᠵᠤ᠂ ᠠᠵᠤ ᠠᠬᠤᠶ ᠶᠢᠨ ᠨᠡᠮᠡᠭᠳᠡᠯ᠂ ᠡᠳ᠋ ᠤᠨ ᠵᠠᠰᠠᠭ ᠤᠨ ᠪᠠᠶᠢᠳᠠᠯ᠂ ᠠᠶᠤᠯ ᠲᠦᠭᠰᠢᠭᠦᠷᠢ ᠶᠢ ᠰᠡᠷᠭᠡᠶᠢᠯᠡᠬᠦ ᠳᠤ ᠰᠢᠰᠲ᠋ᠧᠮᠲᠦ ᠨᠥᠯᠥᠭᠡ ᠲᠠᠢ ᠶᠤᠮ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠬᠥᠭᠵᠢᠯᠲᠡ ᠶᠢ ᠦᠨᠡᠨ ᠬᠦ ᠪᠠᠲᠤᠯᠠᠵᠤ᠂ ᠠᠰᠠᠷ   ᠪᠠᠶᠢᠰᠢᠩ ᠢ ᠪᠤᠯᠵᠤᠭ᠎ᠠ ᠶᠤᠰᠤᠭᠠᠷ ᠪᠠᠷᠢᠯᠭ᠎ᠠ ᠶᠢ ᠲᠠᠭᠤᠰᠬᠠᠨ ᠲᠤᠰᠢᠶᠠᠬᠤ ᠶᠢ ᠪᠠᠳᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ ᠂ ᠲᠣᠭᠲᠠᠭᠤᠨ ᠪᠠᠶᠢᠯᠭᠠᠬᠤ ᠶᠢ ᠪᠠᠲᠤᠯᠠᠬᠤ ᠡᠯ᠎ᠡ   ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠡᠷ ᠪᠠᠶᠢᠰᠢᠩ ᠭᠠᠵᠠᠷ    ᠰᠢᠷᠣᠶ ᠶᠢᠨ ᠬᠥᠷᠥᠩᠭᠡ ᠶᠢᠨ ᠲᠠᠭᠠᠭᠤᠯᠤᠬᠴᠢ ᠠᠵᠤ ᠠᠬᠤᠶᠢᠯᠠᠯ ᠤᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠡᠳ᠋ ᠬᠥᠷᠥᠩᠭᠡ ᠶᠢᠨ ᠥᠷᠢᠲᠦᠯ ᠤᠨ ᠪᠠᠶᠢᠳᠠᠯ ᠢ ᠰᠠᠶᠢᠵᠢᠷᠠᠭᠤᠯᠬᠤ ᠬᠡᠷᠡᠭᠲᠡᠶ᠃ ᠬᠡᠷ ᠪᠠᠶᠢᠰᠢᠩ ᠢ ᠪᠣᠯ ᠰᠠᠭᠤᠬᠤ ᠳᠤ ᠵᠤᠷᠢᠭᠤᠯᠤᠬᠰᠠᠨ ᠠᠴᠠ ᠪᠢᠰᠢ ᠰᠠᠷᠢᠭᠠᠯᠠᠬᠤ ᠳᠤ ᠵᠤᠷᠢᠭᠤᠯᠤᠬᠰᠠᠨ ᠪᠢᠰᠢ ᠭᠡᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠦᠢᠯᠡᠰ ᠎ ᠤᠨ ᠰᠢᠨ᠎ᠡ ᠬᠥᠭᠵᠢᠯᠲᠡ ᠶᠢᠨ ᠵᠠᠭᠪᠤᠷ ᠲᠡᠶᠢᠰᠢ ᠲᠣᠭᠲᠠᠭᠤᠨ ᠢᠶᠠᠷ ᠰᠢᠯᠵᠢᠬᠦ ᠶᠢ ᠠᠬᠢᠭᠤᠯᠬᠤ ᠬᠡᠷᠡᠭᠲᠡᠶ᠂ ᠡᠨᠡ ᠪᠣᠯ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠬᠢᠮᠳᠠᠷᠠᠬᠤ ᠦᠶᠡᠯᠡᠯ ᠤᠨ ᠤᠷᠴᠢᠯ ᠢ ᠬᠤᠪᠢᠷᠠᠭᠤᠯᠬᠤ ᠦᠨᠳᠦᠰᠦᠨ ᠎ ᠠᠴᠠ ᠨᠢ ᠵᠠᠰᠠᠬᠤ ᠠᠷᠭ᠎ᠠ ᠪᠣᠳᠣᠯᠭ᠎ᠠ ᠮᠥᠨ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ ᠂ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠷᠣᠨ ᠪᠦᠰᠡ ᠶᠢᠨ ᠴᠢᠨᠠᠷᠲᠠᠢ᠂ ᠰᠢᠰᠲ᠋ᠧᠮ ᠎ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠪᠦᠷᠢᠯᠳᠦᠬᠦ ᠶᠢ ᠰᠡᠷᠭᠡᠶᠢᠯᠡᠬᠦ ᠬᠡᠷᠡᠭᠲᠡᠢ᠃      ᠤᠶᠠᠨ ᠲᠦᠯᠬᠢᠭᠡᠨ ᠳᠤ ᠬᠦᠬᠡᠮᠳᠦᠭ ᠤᠰᠤ ᠨᠡᠯᠦᠶᠢᠵᠦ᠂ ᠤᠷᠢᠬᠠᠨ ᠰᠠᠯᠬᠢᠨ ᠳᠤ ᠲᠠᠷᠪᠠᠭᠤᠯ ᠬᠡᠶᠢᠰᠭᠡᠨ ᠤᠷᠤᠬᠰᠢᠯᠠᠨ᠎ᠠ᠃ ᠰᠢᠨ᠎ᠡ ᠠᠶᠠᠨ ᠵᠠᠮ ᠳᠤ᠂ ᠰᠢ ᠶᠢᠨ ᠫᠢᠩ    ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠬᠳᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ   ᠲᠠᠪᠰᠢᠬᠤ ᠶᠢ ᠪᠠᠷᠢᠮᠲᠠᠯᠠᠵᠤ᠂ ᠠᠶᠤᠯ ᠲᠦᠭᠰᠢᠭᠦᠷᠢ ᠥᠷᠢᠰᠥᠯᠳᠦᠭᠡᠨ ᠢ ᠯᠠᠪᠳᠠᠭᠤᠨ ᠢᠶᠠᠷ ᠠᠷᠭᠠᠴᠠᠪᠠᠯ᠂ ᠮᠠᠨ ᠤ ᠤᠯᠤᠰ ᠤᠨ ᠠᠵᠤ ᠠᠬᠤᠢ ᠶᠢᠨ ᠲᠤᠮᠤ ᠬᠦᠯᠭᠡ ᠤᠡᠭᠭᠤᠴᠠ ᠯᠠᠪᠲᠠᠢ ᠳᠠᠪᠠᠯᠭᠠᠨ ᠢ ᠵᠦᠰᠦᠨ ᠤᠷᠤᠭᠰᠢᠯᠠᠵᠤ ᠴᠢᠳᠠᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号