ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠦᠬᠦ ᠤᠯᠤᠰ ᠤᠨ ᠡᠯ᠎ᠡ ᠭᠠᠵᠠᠷ ᠣᠷᠣᠨ ᠳᠤ ᠬᠠᠯᠠᠭᠤᠨ ᠲᠤᠰᠬᠠᠯ ᠭᠠᠷᠭᠠᠵᠤ ᠪᠠᠶᠢᠨ᠎ᠠ
ᠨᠡᠶᠢᠲᠡᠯᠡᠭᠰᠡᠨ ᠴᠠᠭ᠄
2022/12/23
     ᠲᠥᠪ ᠷᠠᠳᠢᠣ᠋ ᠶᠢᠨ ᠮᠡᠳᠡᠭᠡ᠄      ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠦᠬᠦ ᠤᠯᠤᠰ ᠤᠨ ᠡᠯ᠎ᠡ ᠭᠠᠵᠠᠷ ᠣᠷᠣᠨ ᠳᠤ ᠬᠠᠯᠠᠭᠤᠨ ᠲᠤᠰᠬᠠᠯ ᠭᠠᠷᠭᠠᠵᠤ ᠪᠠᠶᠢᠨ᠎ᠠ᠂ ᠣᠯᠠᠨ ᠢᠶᠠᠷ ᠢᠶᠠᠨ ᠢᠯᠡᠷᠬᠡᠶᠢᠯᠡᠬᠦ ᠳᠡᠭᠡᠨ᠂ ᠨᠥᠬᠦᠷ ᠰᠢ ᠶᠢᠨ ᠫᠢᠩ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ᠂ ᠵᠣᠷᠢᠭᠲᠠᠢ ᠤᠷᠤᠭᠰᠢᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠰᠢᠨ᠎ᠡ ᠬᠦᠴᠦᠨ ᠵᠢᠳᠬᠦᠯ ᠢᠶᠠᠨ ᠦᠵᠡᠭᠦᠯᠦᠨ᠎ᠡ ᠭᠡᠵᠡᠢ᠃      ᠢᠷᠡᠬᠦ ᠵᠢᠯ ᠲᠣᠭᠲᠠᠭᠤᠨ ᠪᠠᠶᠢᠯᠭᠠᠬᠤ ᠶᠢ ᠡᠩ ᠲᠡᠷᠢᠭᠦᠨ ᠳᠤ ᠪᠠᠲᠤᠯᠠᠨ᠂ ᠯᠠᠪᠳᠠᠭᠤᠨ ᠢᠶᠠᠷ ᠠᠬᠢᠭᠤᠯᠬᠤ ᠶᠢ ᠪᠠᠷᠢᠮᠲᠠᠯᠠᠵᠤ᠂ ᠡᠳ᠋ ᠤᠨ ᠵᠠᠰᠠᠭ ᠤᠨ ᠢᠳᠡᠪᠬᠢᠲᠡᠢ ᠲᠥᠷᠥ ᠶᠢᠨ ᠪᠣᠳᠣᠯᠭ᠎ᠠ ᠪᠣᠯᠣᠨ ᠵᠣᠭᠤᠰᠤᠨ ᠤ ᠡᠷᠡᠭᠦᠯ ᠲᠤᠬᠲᠠᠭᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠶᠡᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠨ ᠡᠵᠡᠮᠳᠡᠬᠦ ᠡᠷᠴᠢᠮ ᠢᠶᠠᠨ ᠨᠡᠮᠡᠭᠳᠡᠭᠦᠯᠵᠦ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠪᠠᠨ ᠴᠢᠩᠭᠠᠳᠬᠠᠵᠤ᠂ ᠴᠢᠨᠠᠷᠯᠢᠭ ᠬᠥᠭᠵᠢᠯᠲᠡ ᠶᠢ ᠬᠠᠮᠲᠤ ᠪᠠᠷ ᠠᠬᠢᠭᠤᠯᠤᠭᠰᠠᠨ ᠬᠠᠮᠲᠤ ᠶᠢᠨ ᠬᠦᠴᠦᠨ ᠢ ᠪᠣᠢ ᠪᠣᠯᠭᠠᠬᠤ ᠬᠡᠷᠡᠭᠲᠡᠢ ᠭᠡᠵᠦ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠱᠠᠭᠠᠷᠳᠠᠭᠰᠠᠨ ᠶᠤᠮ᠃ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶᠠᠨ ᠤ ᠲᠥᠷᠥ ᠶᠢᠨ ᠪᠣᠳᠣᠯᠭ᠎ᠠ ᠬᠠᠤᠯᠢ ᠳᠦᠷᠢᠮ ᠤᠨ ᠵᠤᠷᠭᠠᠨ ᠤ ᠳᠠᠷᠤᠭ᠎ᠠ ᠳ᠋ᠠᠢ ᠱᠢ ᠶᠸᠦ ᠢᠯᠡᠷᠬᠡᠶᠢᠯᠡᠬᠦ ᠳᠡᠭᠡᠨ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠭᠠᠶᠢᠯᠢ ᠲᠠᠲᠠᠪᠤᠷᠢ ᠬᠤᠷᠢᠶᠠᠬᠤ᠂ ᠬᠠᠮᠢᠶᠠᠷᠬᠤ᠂ ᠪᠠᠶᠢᠴᠠᠭᠠᠬᠤ ᠥᠭᠡᠷᠡᠴᠢᠯᠡᠯᠲᠡ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠨᠠᠷᠯᠢᠭ ᠬᠥᠭᠵᠢᠯᠲᠡ ᠶᠢ ᠪᠡᠶᠡᠯᠡᠭᠦᠯᠬᠦ ᠳᠤ ᠢᠳᠡᠪᠬᠢᠲᠡᠢ ᠴᠢᠷᠮᠠᠶᠢᠨ᠎ᠠ᠃ ᠪᠣᠳᠠᠲᠤ ᠴᠣᠭᠴᠠ ᠶᠢᠨ ᠠᠵᠤ ᠠᠬᠤᠢ᠂ ᠪᠠᠭ᠎ᠠ ᠵᠢᠵᠢᠭ ᠠᠵᠤ ᠠᠬᠤᠶᠢᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠎ ᠤᠨ ᠡᠭᠦᠳᠦᠯᠲᠡ ᠰᠢᠨᠡᠴᠢᠯᠡᠯᠲᠡ ᠵᠡᠷᠭᠡ ᠭᠤᠣᠯᠳᠠᠯᠭ᠎ᠠ ᠲᠠᠢ ᠴᠠᠷ ᠬᠦᠷᠢᠶ᠎ᠡ ᠪᠠᠷ ᠭᠤᠣᠯᠳᠠᠭᠤᠯᠤᠨ ᠲᠥᠷᠥ ᠶᠢᠨ ᠪᠣᠳᠣᠯᠭ᠎ᠠ ᠶᠢᠨ ᠨᠠᠷᠢᠯᠢᠭ ᠣᠨᠣᠪᠴᠢᠲᠠᠢ ᠴᠢᠨᠠᠷ᠂ ᠦᠷᠭᠦᠯᠵᠢᠯᠡᠬᠦ ᠴᠢᠨᠠᠷ ᠢ ᠲᠣᠪᠣᠶᠢᠯᠭᠠᠵᠤ᠂ ᠭᠠᠶᠢᠯᠢ ᠶᠢ ᠬᠥᠩᠭᠡᠯᠡᠨ ᠰᠦᠢᠳᠬᠡᠯ ᠢ ᠪᠠᠭᠠᠰᠬᠠᠭᠰᠠᠨ ᠦᠷ᠎ᠡ ᠠᠰᠢᠭ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠴᠢᠨᠠᠷᠯᠢᠭ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ ᠭᠠᠶᠢᠯᠢ ᠶᠢᠨ ᠶᠠᠪᠤᠳᠠᠯ ᠤᠨ ᠬᠦᠴᠦᠨ ᠵᠢᠳᠬᠦᠯ ᠎ ᠢᠶᠠᠨ ᠢᠳᠡᠪᠬᠢᠲᠡᠢ ᠦᠵᠡᠭᠦᠯᠦᠨ᠎ᠡ ᠭᠡᠵᠡᠢ᠃      ᠬᠤᠷᠠᠯ ᠠᠴᠠ ᠵᠢᠭᠠᠬᠤ ᠳᠠᠭᠠᠨ᠂ ᠢᠷᠡᠬᠦ ᠵᠢᠯ ᠠᠵᠦ ᠠᠬᠤᠢ ᠶᠢᠨ ᠲᠠᠯ᠎ᠠ ᠶᠢᠨ ᠠᠵᠢᠯ ᠮᠠᠰᠢ ᠤᠯᠠᠨ ᠪᠠᠶᠢᠭ᠎ᠠ ᠪᠤᠯᠬᠤᠷ ᠪᠠᠶᠢᠯᠳᠤᠬᠤ ᠪᠤᠳᠤᠯᠭ᠎ᠠ ᠶᠢᠨ ᠪᠥᠬᠦ ᠲᠠᠯ᠎ᠠ ᠠᠴᠠ ᠭᠠᠷᠤᠭ᠎ᠠ ᠪᠠᠨ ᠪᠤᠯᠭᠠᠵᠦ᠂ ᠨᠡᠶᠢᠬᠡᠮ ᠨᠡᠶᠢᠳᠡ ᠶᠢᠨ ᠰᠡᠳᠬᠢᠯ ᠰᠠᠨᠠᠭᠠᠨ ᠤ ᠵᠢᠱᠢᠯᠳᠠ ᠶᠢ ᠰᠠᠶᠢᠵᠢᠷᠠᠭᠤᠯᠬᠤ᠂ ᠬᠦᠭᠵᠢᠯᠳᠡ ᠶᠢᠨ ᠢᠳᠡᠭᠡᠯ ᠵᠤᠷᠢᠭ ᠢ ᠬᠦᠭᠵᠢᠭᠡᠬᠦ ᠠᠴᠠ ᠭᠠᠷᠳᠠᠵᠦ᠂ ᠠᠵᠢᠯ ᠤᠨ ᠭᠤᠤᠯᠳᠠᠯᠭ᠎ᠠ ᠶᠢ ᠠᠳᠬᠤᠨ ᠠᠵᠢᠯ ᠢᠶᠠᠨ ᠰᠠᠶᠢᠳᠤᠷ ᠬᠢᠬᠦ ᠬᠡᠷᠡᠭᠳᠡᠢ ᠭᠡᠵᠠᠢ᠃ ᠱᠠᠨ ᠰᠢ ᠮᠤᠵᠢ ᠶᠢᠨ ᠬᠤᠳᠠᠯᠳᠤᠭᠠᠨ ᠤ ᠲᠢᠩᠬᠢᠮ ᠤᠨ ᠬᠡᠷᠡᠭᠯᠡᠭᠡ ᠶᠢ ᠠᠬᠢᠭᠤᠯᠬᠤ ᠭᠠᠵᠠᠷ ᠤᠨ ᠳᠡᠳ᠋ ᠲᠠᠷᠤᠭ᠎ᠠ ᠸᠠᠩ ᠷᠦᠢ ᠢᠯᠡᠷᠬᠡᠶᠢᠯᠡᠬᠦ ᠳᠡᠭᠡᠨ᠂ ᠪᠢᠳᠡ ︽ᠲᠤᠳᠤᠭᠠᠳᠤ ᠶᠢᠨ ᠬᠡᠷᠡᠭᠯᠡᠭᠡ ᠶᠢ ᠦᠷᠭᠡᠳᠭᠡᠬᠦ᠂ ᠬᠡᠷᠡᠭᠯᠡᠭᠡ ᠶᠢ ᠠᠬᠢᠭᠤᠯᠬᠤ᠂ ᠲᠤᠭᠳᠠᠭᠤᠨ ᠢᠶᠠᠷ ᠨᠡᠮᠡᠭᠳᠡᠬᠦᠯᠬᠦ︾᠎ ᠳᠤ ᠰᠠᠭᠤᠷᠢᠯᠠᠵᠦ᠂ ᠬᠡᠷᠡᠭᠯᠡᠭᠡ ᠶᠢ ᠰᠡᠷᠬᠦᠭᠡᠬᠦ ᠪᠠ ᠦᠷᠭᠡᠳᠭᠡᠬᠦ ᠶᠢ ᠲᠡᠷᠢᠬᠦᠨ ᠴᠢᠬᠤᠯᠠ ᠪᠠᠶᠢᠷᠢᠨ ᠳᠤ ᠲᠠᠯᠪᠢᠵᠦ᠂ ᠡᠯ᠎ᠡ ᠵᠦᠢᠯ ᠤᠨ ᠠᠷᠭ᠎ᠠ ᠬᠡᠮᠵᠢᠶ᠎ᠠ ᠠᠪᠴᠦ ᠪᠠᠶᠢᠭᠠᠳ ᠬᠡᠷᠡᠭᠯᠡᠭᠡᠨ ᠤ ᠴᠢᠳᠠᠪᠤᠷᠢ ᠶᠢ ᠨᠡᠮᠡᠭᠳᠡᠬᠦᠯᠵᠦ᠂ ᠬᠡᠷᠡᠭᠯᠡᠭᠡᠨ ᠤ ᠨᠥᠬᠦᠴᠡᠯ ᠢ ᠰᠠᠶᠢᠵᠢᠷᠠᠭᠤᠯᠵᠦ᠂ ᠬᠡᠷᠡᠭᠯᠡᠭᠡᠨ ᠤ ᠪᠠᠶᠢᠳᠠᠯ ᠤᠨ ᠲᠠᠯ᠎ᠠ ᠪᠠᠷ ᠡᠬᠦᠳᠦᠯᠳᠡ ᠰᠢᠨᠡᠴᠢᠯᠡᠯᠳᠡ ᠬᠢᠬᠦ ᠪᠤᠯᠤᠨ᠎ᠠ ᠭᠡᠵᠠᠢ᠃      ᠲᠦᠪ ᠤᠨ ᠠᠵᠦ ᠠᠬᠤᠢ ᠶᠢᠨ ᠠᠵᠢᠯ ᠤᠨ ᠬᠤᠷᠠᠯ ᠠᠴᠠ ᠵᠢᠭᠠᠬᠤ ᠳᠠᠭᠠᠨ᠂ ᠬᠦᠳᠡᠭᠡ ᠲᠤᠰᠬᠤᠨ ᠢ ᠬᠦᠭᠵᠢᠬᠦᠯᠬᠦ ᠠᠵᠢᠯ ᠢ ᠪᠥᠬᠦ ᠲᠠᠯ᠎ᠠ ᠪᠠᠷ ᠠᠬᠢᠭᠤᠯᠵᠦ᠂ ᠵᠤᠬᠢᠬᠤ ᠬᠡᠪᠴᠢᠶ᠎ᠠ ᠪᠠᠷ ᠲᠠᠬᠢᠵᠦ ᠶᠠᠳᠠᠭᠤᠷᠠᠬᠤ ᠶᠢ ᠡᠷᠡᠰ ᠰᠡᠷᠭᠡᠶᠢᠯᠡᠬᠦ ᠬᠡᠷᠡᠭᠳᠡᠢ᠃ ᠰᠢᠨ᠎ᠡ ᠨᠢᠭᠡ ᠡᠭᠡᠯᠵᠢᠨ ᠤ ᠦᠭᠡᠷᠡᠴᠢᠯᠡᠯᠳᠡ ᠶᠢ ᠪᠥᠬᠦ ᠲᠠᠯ᠎ᠠ ᠪᠠᠷ ᠬᠦᠨᠵᠡᠭᠡᠶᠢᠷᠡᠬᠦᠯᠬᠦ ᠠᠵᠢᠯ ᠢ ᠲᠦᠯᠦᠪᠵᠢᠬᠦᠯᠬᠦ ᠬᠡᠷᠡᠭᠳᠡᠢ ᠭᠡᠵᠠᠢ᠃ ᠴᠦᠩᠴᠢᠩ ᠬᠤᠳᠠ ᠶᠢᠨ ᠸᠠᠨ ᠵᠸᠤ ᠲᠤᠭᠤᠷᠢᠭ ᠤᠨ ᠰᠢ ᠺᠸᠤ ᠰᠢᠶᠠᠩ ᠤᠨ ᠨᠠᠮ ᠤᠨ ᠬᠤᠷᠢᠶᠠᠨ ᠤ ᠱᠦᠵᠢ ᠳ᠋ᠧᠩ ᠬᠤᠩ ᠶᠠᠨ ᠢᠯᠡᠷᠬᠡᠶᠢᠯᠡᠬᠦ ᠳᠡᠭᠡᠨ᠂ ᠪᠢᠳᠡ ᠭᠤᠷᠪᠠᠨ ᠬᠠᠪᠴᠢᠯ ᠤᠨ ᠴᠦᠬᠦᠷᠤᠮ ᠤᠨ ᠤᠷᠤᠨ ᠤ ᠠᠷᠠᠳ ᠲᠦᠮᠡᠨ ᠢᠶᠠᠨ ᠪᠦᠯᠬᠦᠮᠳᠡᠬᠦᠯᠦᠨ ᠲᠠᠶᠢᠴᠢᠯᠠᠵᠦ ᠦᠷᠬᠦᠯᠵᠢᠯᠡᠨ ᠲᠡᠮᠡᠴᠡᠵᠦ᠂ ᠤᠨᠴᠠᠯᠢᠭᠳᠤ ᠠᠵᠦ ᠦᠢᠯᠡᠰ ᠢ ᠲᠠᠰᠤᠷᠠᠯᠳᠠ ᠦᠬᠡᠢ ᠬᠦᠭᠵᠢᠬᠦᠯᠵᠦ᠂ ᠬᠦᠳᠡᠭᠡ ᠲᠤᠰᠬᠤᠨ ᠤ ᠵᠠᠰᠠᠨ ᠴᠡᠭᠴᠡᠯᠯᠡᠳᠡ ᠶᠢᠨ ᠲᠠᠯ᠎ᠠ ᠪᠠᠷ ᠡᠬᠦᠳᠦᠯᠳᠡ ᠰᠢᠨᠡᠴᠢᠯᠡᠯᠳᠡ ᠬᠢᠵᠦ᠂ ᠠᠮᠢ ᠠᠬᠤᠢ ᠶᠢᠨ ᠬᠠᠮᠠᠭᠠᠯᠠᠯᠳᠠ ᠶᠢᠨ ᠬᠠᠯᠬᠠᠪᠴᠢ ᠶᠢ ᠰᠠᠶᠢᠳᠤᠷ ᠰᠠᠬᠢᠵᠦ᠂ ᠪᠤᠬᠢᠷᠳᠤᠯ ᠦᠬᠡᠢ ᠬᠦᠭᠡ ᠮᠦᠷᠡᠨ ᠢᠶᠠᠷ ᠤᠷᠤᠨ ᠨᠤᠳᠤᠭ ᠤᠨ ᠠᠵᠦ ᠠᠬᠤᠢ ᠶᠢᠨ ᠬᠦᠭᠵᠢᠯᠳᠡ ᠶᠢ ᠬᠦᠭᠵᠢᠭᠡᠵᠦ᠂ ᠠᠮᠢ ᠠᠬᠤᠢ ᠶᠢ ᠤᠷᠢᠳᠠᠪᠠᠷ ᠪᠤᠳᠤᠯᠬᠢᠯᠠᠭᠰᠠᠨ ᠪᠤᠬᠢᠷᠳᠤᠯ ᠦᠬᠡᠢ ᠬᠦᠭᠵᠢᠯᠳᠡ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠦ᠂ ᠤᠯᠠᠨ ᠲᠦᠮᠡᠨ ᠤ ᠠᠮᠢᠳᠤᠷᠠᠯ ᠢ ᠨᠡᠩ ᠰᠠᠶᠢᠨ ᠰᠠᠶᠢᠬᠠᠨ ᠵᠤᠯ ᠵᠢᠷᠭᠠᠯ ᠲᠠᠢ ᠪᠤᠯᠭᠠᠨ᠎ᠠ ᠭᠡᠵᠠᠢ᠃
 
ᠢᠷᠡᠯᠲᠡ᠄ ᠳᠤᠮᠳᠠᠳᠤ ᠤᠯᠤᠰ ᠤᠨ ᠦᠨᠳᠦᠰᠦᠲᠡᠨ ᠤ ᠷᠠᠳᠢᠤ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号