11 ᠰᠠᠯᠠᠭ᠎ᠠ ᠮᠥᠴᠢᠷ ᠬᠠᠮᠲᠤᠷᠠᠨ ᠪᠢᠴᠢᠭ ᠮᠠᠲ᠋ᠧᠷᠢᠶᠠᠯ ᠪᠠᠭᠤᠯᠭᠠᠪᠠ
ᠨᠡᠶᠢᠲᠡᠯᠡᠭᠰᠡᠨ ᠴᠠᠭ᠄
2022/12/26
     ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ 11 ᠰᠠᠯᠠᠭ᠎ᠠ ᠮᠥᠴᠢᠷ ᠤᠨ ᠳᠠᠷᠤᠮᠠᠯᠯᠠᠨ ᠲᠠᠷᠬᠠᠭᠠᠭᠰᠠᠨ ︽ᠬᠡᠷ ᠤᠨ ᠠᠳᠠᠯ ᠠᠬᠤᠢ ᠶᠢᠨ ᠦᠢᠯᠡᠴᠢᠯᠡᠭᠡ ᠶᠢ ᠨᠡᠶᠢᠭᠡᠮ ᠲᠣᠭᠤᠷᠢᠭ ᠲᠤ ᠣᠷᠣᠭᠤᠯᠬᠤ ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ︾᠎ ᠢ 19᠎ ᠤ ᠡᠳᠦᠷ ᠨᠡᠶᠢᠲᠡᠯᠡᠪᠡ᠃      ᠰᠠᠨᠠᠯ ᠳᠤ᠂ ᠬᠡᠷ ᠤᠨ ᠠᠳᠠᠯ ᠠᠬᠤᠢ ᠶᠢᠨ ᠦᠢᠯᠡᠴᠢᠯᠡᠭᠡ ᠶᠢ ᠨᠡᠶᠢᠭᠡᠮ ᠲᠣᠭᠤᠷᠢᠭ ᠲᠤ ᠣᠷᠣᠭᠤᠯᠬᠤ ᠶᠢ ᠠᠬᠢᠭᠤᠯᠬᠤ ᠭᠤᠤᠯᠳᠠᠯᠭ᠎ᠠ ᠲᠠᠢ ᠡᠭᠦᠷᠭᠡ ᠶᠢ ᠲᠠᠪᠤᠨ ᠲᠠᠯ᠎ᠠ ᠪᠠᠷ ᠲᠣᠳᠣᠷᠬᠠᠶᠢᠯᠠᠵᠤ᠂ 2025 ᠣᠨ ᠪᠣᠯᠬᠤ ᠳᠤ᠂ ᠪᠥᠬᠦ ᠤᠯᠤᠰ ᠲᠤ ᠨᠡᠶᠢᠭᠡᠮ ᠲᠣᠭᠤᠷᠢᠭ ᠤᠨ ᠬᠡᠷ ᠤᠨ ᠠᠳᠠᠯ ᠠᠬᠤᠢ ᠶᠢᠨ ᠣᠶᠢᠯᠡᠴᠢᠯᠡᠭᠡᠨ ᠤ ᠴᠢᠳᠠᠪᠤᠷᠢ ᠶᠢ ᠪᠦᠷᠢᠨ ᠪᠥᠷᠬᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠵᠦ᠂ ᠬᠡᠷ ᠤᠨ ᠠᠳᠠᠯ ᠠᠬᠤᠢ ᠶᠢᠨ ᠦᠢᠯᠡᠴᠢᠯᠡᠭᠡᠨ ᠤ ᠠᠵᠢᠯ ᠲᠥᠷᠥᠯ ᠤᠨ ᠠᠵᠢᠯᠯᠠᠭᠰᠠᠳ ᠤᠯᠠᠮ ᠨᠢᠭᠡ ᠠᠯᠬᠤᠮ ᠨᠡᠮᠡᠭᠳᠡᠬᠦ ᠶᠢ ᠠᠬᠢᠭᠤᠯᠵᠤ᠂ ᠬᠡᠷᠡᠭᠯᠡᠭᠡᠨ ᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠣᠶᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ ᠭᠡᠵᠦ ᠳᠤᠷᠠᠳᠤᠨ ᠭᠠᠷᠭᠠᠪᠠ᠃      ᠰᠠᠨᠠᠯ ᠢ ᠦᠨᠳᠦᠰᠦᠯᠡᠪᠡᠯ᠂ 2023 ᠣᠨ ᠤ ᠡᠴᠦᠰ ᠪᠣᠯᠬᠤ ᠳᠤ᠂ ᠬᠡᠷ ᠤᠨ ᠠᠳᠠᠯ ᠠᠬᠤᠢ ᠶᠢᠨ ᠣᠶᠢᠯᠡᠴᠢᠯᠡᠭᠡᠨ ᠤ ᠠᠵᠦ ᠣᠶᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ︽ᠳᠠᠭᠠᠭᠤᠯᠤᠭᠴᠢ︾᠎ ᠶᠢᠨ ᠠᠵᠢᠯᠯᠠᠭ᠎ᠠ ᠶᠢ ᠠᠬᠢᠭᠤᠯᠵᠤ᠂ ᠬᠤᠲᠠ ᠶᠢᠨ ᠨᠡᠶᠢᠭᠡᠮ ᠲᠣᠭᠤᠷᠢᠭ ᠤᠨ ᠬᠡᠷ ᠤᠨ ᠠᠳᠠᠯ ᠠᠬᠤᠢ ᠶᠢᠨ ᠦᠢᠯᠡᠴᠢᠯᠡᠭᠡ ᠶᠢᠨ ᠲᠤᠤᠷ ᠴᠡᠭ ᠤᠨ ᠣᠶᠢᠯᠡᠴᠢᠯᠡᠭᠡᠨ ᠤ ᠴᠢᠳᠠᠪᠤᠷᠢ ᠶᠢᠨ ᠪᠦᠷᠬᠦᠴᠡ ᠶᠢᠨ ᠨᠣᠷᠮ᠎ᠠ ᠶᠢ 90 %᠎ ᠠᠴᠠ ᠳᠡᠭᠡᠭᠰᠢ ᠳᠤ ᠬᠦᠷᠭᠡᠵᠦ᠂ ᠪᠥᠬᠦ ᠤᠯᠤᠰ ᠤᠨ ᠭᠡᠷ ᠤᠨ ᠠᠳᠠᠯ ᠠᠬᠤᠢ ᠶᠢᠨ ᠣᠶᠢᠯᠡᠴᠢᠯᠡᠭᠡᠨ ᠤ ᠲᠤᠤᠷ ᠴᠡᠭ ᠤᠨ ᠣᠶᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠤᠯᠤᠨ᠎ᠠ᠃ ᠰᠠᠨᠠᠯ ᠳᠤ ᠲᠠᠪᠤᠨ ᠲᠠᠯ᠎ᠠ ᠶᠢᠨ ᠭᠤᠤᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠪᠠ᠃      ᠨᠢᠭᠡ ᠳᠤ ᠭᠡᠷ ᠤᠨ ᠠᠳᠠᠯ ᠠᠬᠤᠢ ᠶᠢᠨ ᠦᠢᠯᠡᠴᠢᠯᠡᠭᠡᠨ ᠤ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠣᠣᠷ ᠴᠢᠭ ᠢ ᠬᠦᠴᠦᠯᠡᠨ ᠪᠠᠶᠢᠭᠤᠯᠤᠨ᠎ᠠ᠃ ᠭᠡᠷ ᠤᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠲᠤᠰᠠᠭᠠᠷ ᠡᠵᠡᠩᠨᠡᠬᠦ᠂ ᠰᠢᠭᠢᠳᠬᠡᠬᠦ᠂ ᠬᠠᠮᠲᠤᠷᠠᠯᠴᠠᠬᠤ᠂ ᠰᠦᠯᠵᠢᠶᠡᠨ ᠳᠡᠭᠡᠷ᠎ᠡ ᠠᠵᠢᠯᠯᠠᠬᠤ ᠵᠡᠷᠭᠡ ᠠᠷᠭ᠎ᠠ ᠮᠠᠶ᠋ᠢᠭ ᠢᠶᠠᠷ ᠨᠡᠶᠢᠭᠡᠮ ᠲᠣᠭᠤᠷᠢᠭ ᠲᠤ ᠣᠷᠣᠵᠤ ᠰᠠᠭᠤᠬᠤ ᠶᠢ ᠳᠠᠮᠵᠢᠵᠤ᠂ ᠪᠣᠯᠪᠠᠰᠤᠷᠠᠭᠤᠯᠬᠤ᠂ ᠤᠷᠢᠬᠤ᠂ ᠣᠶᠢᠯᠡᠴᠢᠯᠡᠬᠦ ᠵᠡᠷᠭᠡ ᠭᠡᠷ ᠤᠨ ᠠᠳᠠᠯ ᠠᠬᠤᠢ ᠶᠢᠨ ᠦᠢᠯᠡᠴᠢᠯᠡᠭᠡᠨ ᠤ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠥᠷᠨᠢᠭᠦᠯᠦᠨ᠎ᠡ᠃ ᠭᠡᠷ ᠤᠨ ᠠᠳᠠᠯ ᠠᠬᠤᠢ ᠶᠢᠨ ᠦᠢᠯᠡᠴᠢᠯᠡᠭᠡ ᠶᠢ ᠠᠵᠤ ᠠᠬᠤᠶᠢᠯᠠᠯ ᠤᠨ ᠨᠡᠶᠢᠭᠡᠮ ᠲᠣᠭᠤᠷᠢᠭ ᠤᠨ ᠲᠣᠣᠷ ᠴᠢᠭ ᠲᠤ ᠬᠡᠯᠬᠢᠶᠡᠯᠡᠨ ᠡᠵᠡᠩᠨᠡᠬᠦ ᠶᠢ ᠵᠣᠷᠢᠭᠵᠢᠭᠤᠯᠬᠤ ᠬᠡᠷᠡᠭᠲᠡᠶ᠃      ᠬᠤᠶᠠᠷ ᠲᠤ ᠭᠡᠷ ᠤᠨ ᠠᠳᠠᠯ ᠠᠬᠤᠢ ᠶᠢᠨ ᠦᠢᠯᠡᠴᠢᠯᠡᠭᠡ ᠶᠢᠨ ᠪᠣᠯᠪᠠᠰᠤᠷᠠᠯ ᠢ ᠨᠡᠶᠢᠭᠡᠮ ᠲᠣᠭᠤᠷᠢᠭ ᠲᠤ ᠣᠷᠣᠭᠤᠯᠬᠤ ᠶᠢ ᠬᠦᠴᠦᠯᠡᠨ ᠠᠬᠢᠭᠤᠯᠤᠨ᠎ᠠ᠃ ᠭᠡᠷ ᠤᠨ ᠠᠳᠠᠯ ᠠᠬᠤᠢ ᠶᠢᠨ ᠦᠢᠯᠡᠴᠢᠯᠡᠭᠡ ᠶᠢᠨ ᠠᠵᠤ ᠠᠬᠤᠶᠢᠯᠠᠯ ᠤᠨ ᠨᠡᠶᠢᠭᠡᠮ ᠲᠣᠭᠤᠷᠢᠭ ᠤᠨ ᠬᠠᠮᠲᠤᠪᠠᠷ ᠬᠦᠷᠲᠡᠬᠦ ᠣᠷᠣᠨ ᠵᠠᠢ ᠶᠢ ᠠᠰᠢᠭᠯᠠᠨ ᠪᠣᠯᠪᠠᠰᠤᠷᠠᠭᠤᠯᠤᠯ ᠥᠷᠨᠢᠭᠦᠯᠬᠦ ᠶᠢ ᠳᠠᠮᠵᠢᠵᠤ᠂ ᠭᠡᠷ ᠤᠨ ᠠᠳᠠᠯ ᠠᠬᠤᠢ ᠶᠢᠨ ᠦᠢᠯᠡᠴᠢᠯᠡᠭᠡ ᠶᠢᠨ ᠪᠣᠯᠪᠠᠰᠤᠷᠠᠭᠤᠯᠤᠯ ᠤᠨ ︽ᠬᠠᠮ ᠲᠡᠷᠭᠡ︾᠎ ᠶᠢ ᠨᠡᠶᠢᠭᠡᠮ ᠲᠣᠭᠤᠷᠢᠭ ᠲᠤ ᠤᠷᠤᠭᠤᠯᠵᠤ᠂ ᠨᠡᠶᠢᠭᠡᠮ ᠲᠣᠭᠤᠷᠢᠭ ᠤᠨ ᠠᠵᠢᠯ ᠠᠯᠳᠠᠭᠰᠠᠳ᠂ ᠨᠠᠰᠤᠨ ᠤ ᠠᠮᠠᠷᠠᠯᠲᠠ ᠪᠠᠨ ᠠᠪᠤᠭᠰᠠᠳ ᠲᠤ ᠲᠣᠪᠶᠤᠭ ᠮᠠᠶ᠋ᠢᠭ ᠤᠨ ᠪᠣᠯᠪᠠᠰᠤᠷᠠᠭᠤᠯᠤᠯ ᠤᠨ ᠬᠢᠴᠢᠶᠡᠯ ᠬᠠᠩᠭᠠᠨ᠎ᠠ᠃ ᠭᠡᠷ ᠤᠨ ᠠᠳᠠᠯ ᠠᠬᠤᠢ ᠶᠢᠨ ᠳᠡᠭᠡᠳᠦ ᠰᠤᠷᠭᠠᠭᠤᠯᠢ ᠶᠢ ᠨᠡᠶᠢᠭᠡᠮ ᠲᠣᠭᠤᠷᠢᠭ ᠲᠤ ᠣᠷᠣᠭᠤᠯᠬᠤ ᠶᠢ ᠠᠬᠢᠭᠤᠯᠵᠤ᠂ ᠡᠯ᠎ᠡ ᠱᠠᠲᠤᠨ ᠤ ᠤᠶᠤᠲᠠᠳ ᠤᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠤᠨ ᠲᠥᠯᠥᠪᠯᠡᠭᠡ ᠶᠢᠨ ᠲᠥᠷᠥᠯ ᠵᠦᠢᠯ ᠢ ᠭᠤᠶᠤᠴᠢᠯᠠᠬᠤ ᠶᠢ ᠵᠣᠷᠢᠭᠵᠢᠭᠤᠯᠤᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ ᠪᠣᠯᠤᠨ ᠠᠵᠢᠯ ᠲᠥᠷᠥᠯ ᠤᠨ ᠨᠡᠶᠢᠭᠡᠮᠯᠢᠭ ᠵᠡᠷᠭᠡ ᠵᠣᠬᠢᠶᠠᠨ ᠪᠠᠶᠢᠭᠤᠯᠤᠯᠲᠠ ᠶᠢᠨ ᠭᠡᠷ ᠤᠨ ᠠᠳᠠᠯ ᠠᠬᠤᠢ ᠶᠢᠨ ᠪᠣᠯᠪᠠᠰᠤᠷᠠᠭᠤᠯᠤᠯ ᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭ᠎ᠠ ᠥᠷᠨᠢᠭᠦᠯᠬᠦ ᠶᠢ ᠳᠡᠮᠵᠢᠬᠦ ᠶᠢᠨ ᠬᠠᠮᠲᠤ᠂ ᠲᠣᠭᠲᠠᠭᠠᠯ ᠶᠣᠰᠣᠭᠠᠷ ᠨᠥᠬᠦᠪᠥᠷᠢ ᠥᠭᠬᠦ ᠬᠡᠷᠡᠭᠲᠡᠶ᠃      ᠭᠤᠷᠪᠠ ᠳᠤ ᠬᠡᠷ ᠤᠨ ᠠᠳᠠᠯ ᠠᠬᠤᠢ ᠶᠢᠨ ᠨᠡᠶᠢᠭᠡᠮ ᠲᠣᠭᠤᠷᠢᠭ ᠤᠨ ᠠᠵᠢᠯ ᠣᠯᠭᠤᠯᠲᠠ ᠶᠢᠨ ᠳᠠᠯᠳᠠ ᠬᠦᠴᠦᠨ ᠢ ᠠᠭᠤᠳᠠᠯᠤᠨ᠎ᠠ᠃ ᠭᠡᠷ ᠤᠨ ᠠᠳᠠᠯ ᠠᠬᠤᠢ ᠶᠢᠨ ᠠᠵᠤ ᠠᠬᠤᠶᠢᠯᠠᠯ ᠤᠳ ᠨᠡᠶᠢᠭᠡᠮ ᠲᠣᠭᠤᠷᠢᠭ ᠤᠨ ᠠᠵᠢᠯ ᠣᠯᠤᠭᠠᠳᠤᠶ ᠬᠥᠮᠦᠰ ᠢ ᠰᠢᠩᠭᠡᠭᠡᠨ ᠠᠪᠬᠤ ᠶᠢ ᠳᠡᠮᠵᠢᠵᠦ᠂ ᠴᠠᠭ ᠬᠤᠭᠤᠴᠠᠭ᠎ᠠ ᠬᠤᠪᠢᠶᠠᠨ ᠠᠮᠢᠳᠤᠯᠢᠭ ᠦᠢᠯᠡᠴᠢᠯᠡᠬᠦ ᠵᠡᠷᠭᠡ ᠵᠠᠭᠪᠤᠷ ᠢᠶᠠᠷ ᠳᠠᠮᠵᠢᠭᠤᠯᠤᠨ᠂ ︽ᠭᠡᠷ ᠤᠨ ᠡᠭᠦᠳᠡᠨ ᠳᠤᠨᠢ ᠠᠵᠢᠯ ᠣᠯᠭᠤᠬᠤ︾᠎ ᠶᠢ ᠪᠡᠶᠡᠯᠡᠬᠦᠯᠦᠨ᠎ᠡ᠃ ᠨᠢᠭᠡᠨᠲᠡ ᠪᠦᠷᠢᠯᠳᠦᠭᠰᠡᠨ ᠬᠠᠮᠵᠢᠯᠴᠠᠨ ᠬᠠᠪᠰᠤᠷᠤᠨ ᠲᠡᠳᠬᠦᠬᠦ ᠬᠠᠷᠢᠴᠠᠭ᠎ᠠ ᠶᠣᠰᠣᠭᠠᠷ᠂ ᠬᠥᠳᠡᠭᠡ ᠲᠣᠰᠬᠤᠨ ᠤ ᠰᠢᠯᠵᠢᠭᠰᠡᠨ ᠬᠥᠳᠡᠯᠮᠦᠷᠢ ᠬᠦᠴᠦᠨ ᠢ ᠬᠠᠪᠰᠤᠷᠴᠤ ᠪᠠᠶᠢᠭᠠᠳ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠣᠣᠷ ᠴᠢᠭ ᠲᠤ ᠰᠢᠭᠤᠳ ᠣᠴᠢᠭᠤᠯᠤᠨ ᠠᠵᠢᠯ ᠣᠯᠭᠤᠬᠤ ᠬᠡᠷᠡᠭᠲᠡᠶ᠃ ᠳᠠᠭᠠᠭᠤᠯᠤᠭᠴᠢ ᠭᠡᠷ ᠤᠨ ᠠᠳᠠᠯ ᠠᠬᠤᠢ ᠶᠢᠨ ᠠᠵᠤ ᠠᠬᠤᠶᠢᠯᠠᠯ ᠤᠳ ᠬᠤᠷᠰᠢᠶ᠎ᠠ ᠳᠤ ᠣᠷᠣᠯᠴᠠᠬᠤ ᠬᠡᠯᠪᠡᠷᠢ ᠪᠠᠷ ᠳᠡᠭᠡᠳᠦ ᠰᠤᠷᠭᠠᠭᠤᠯᠢ ᠲᠡᠭᠦᠰᠦᠭᠰᠡᠳ ᠢ ᠰᠢᠩᠭᠡᠭᠡᠨ ᠠᠪᠴᠤ ᠰᠦᠯᠵᠢᠶᠡᠨ ᠳᠡᠭᠡᠷ᠎ᠡ ᠪᠤᠶᠤ ᠰᠦᠯᠵᠢᠶᠡᠨ ᠠᠴᠠ ᠭᠠᠳᠠᠭᠤᠷ ︽ᠨᠡᠶᠢᠭᠡᠮ ᠲᠣᠭᠤᠷᠢᠭ ᠤᠨ ᠭᠡᠷ ᠤᠨ ᠠᠳᠠᠯ ᠠᠬᠤᠢ ᠶᠢᠨ ᠵᠢᠵᠢᠭ ᠳᠡᠯᠭᠡᠭᠦᠷ︾ ᠨᠡᠭᠡᠭᠡᠨ ᠡᠷᠬᠢᠯᠡᠭᠦᠯᠵᠦ᠂ ︽ᠳᠡᠯᠭᠡᠭᠦᠷ ᠤᠨ ᠡᠵᠡᠨ︾ ᠪᠣᠯᠤᠭᠰᠠᠨ ᠳᠡᠭᠡᠳᠦ ᠰᠤᠷᠭᠠᠭᠤᠯᠢ ᠲᠡᠭᠦᠰᠦᠭᠰᠡᠳ ᠲᠤ ᠲᠣᠭᠲᠠᠭᠠᠯ ᠶᠣᠰᠣᠭᠠᠷ ᠡᠯ᠎ᠡ ᠭᠠᠵᠠᠷ ᠤᠨ ︽ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ︾ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃      ᠳᠥᠷᠪᠡ ᠳᠤ ᠨᠡᠶᠢᠭᠡᠮ ᠲᠣᠭᠤᠷᠢᠭ ᠤᠨ ᠭᠡᠷ ᠤᠨ ᠠᠳᠠᠯ ᠠᠬᠤᠢ ᠶᠢᠨ ᠣᠶᠢᠯᠡᠴᠢᠯᠡᠭᠡᠨ ᠤ ᠬᠠᠩᠭᠠᠯᠭ᠎ᠠ ᠶᠢᠨ ᠰᠢᠨ᠎ᠡ ᠶᠢ ᠡᠭᠦᠳᠬᠦ ᠪᠠᠷ ᠴᠢᠷᠮᠠᠶᠢᠨ᠎ᠠ᠃ ᠭᠡᠷ ᠤᠨ ᠠᠳᠠᠯ ᠠᠬᠤᠶ ᠶᠢᠨ ᠠᠵᠤ ᠠᠬᠤᠶᠢᠯᠠᠯ ᠬᠢᠭᠡᠳ ᠨᠡᠶᠢᠭᠡᠮ ᠲᠣᠭᠤᠷᠢᠭ ᠤᠨ ᠨᠠᠶᠢᠳᠠᠨ ᠬᠥᠮᠦᠵᠢᠭᠦᠯᠬᠦ᠂ ᠨᠠᠰᠤᠵᠢᠯ ᠤᠨ ᠦᠢᠯᠡᠴᠢᠯᠡᠭᠡᠨ ᠵᠡᠷᠭᠡ ᠪᠠᠶᠢᠭᠤᠯᠤᠮᠵᠢ ᠶᠢᠨ ᠬᠠᠮᠲᠤᠷᠠᠯᠴᠠᠭ᠎ᠠ ᠶᠢ ᠵᠣᠷᠢᠭᠵᠢᠭᠤᠯᠵᠤ᠂ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ᠂ ᠨᠢᠯᠬᠠᠰ ᠢ ᠪᠤᠶᠢᠵᠢᠭᠤᠯᠬᠤ ᠪᠠ ᠨᠡᠶᠢᠭᠡᠮ ᠲᠣᠭᠤᠷᠢᠭ ᠤᠨ ᠬᠤᠭᠤᠯᠠ ᠤᠮᠳᠠ ᠳᠤ ᠲᠤᠰᠠᠯᠠᠬᠤ ᠵᠡᠷᠭᠡ ᠦᠢᠯᠡᠴᠢᠯᠡᠭᠡᠨ ᠤ ᠠᠭᠤᠰᠤᠯᠴᠠᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠨᠥᠬᠦᠴᠡᠯ ᠪᠦᠷᠢᠯᠳᠦᠭᠦᠯᠦᠭᠰᠡᠨ ᠭᠡᠷ ᠤᠨ ᠠᠳᠠᠯ ᠠᠬᠤᠢ ᠶᠢᠨ ᠠᠵᠤ ᠠᠬᠤᠶᠢᠯᠠᠯ ᠤᠨ ᠨᠠᠰᠤᠵᠢᠯᠲᠠ ᠳᠤ ᠲᠣᠬᠢᠷᠠᠬᠤ ᠪᠣᠯᠭᠠᠨ ᠥᠭᠡᠷᠡᠴᠢᠯᠡᠬᠦ ᠲᠥᠷᠥᠯ ᠵᠥᠢᠯ ᠢ ᠳᠠᠭᠠᠭᠠᠨ ᠠᠪᠬᠤ ᠶᠢ ᠳᠠᠮᠵᠢᠵᠤ᠂ ᠭᠡᠷ ᠪᠦᠯᠢ ᠶᠢᠨ ᠨᠠᠰᠤᠵᠢᠯ ᠤᠨ ᠣᠷᠣ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠂ ᠭᠡᠷ ᠲᠤᠨᠢ ᠬᠦᠷᠴᠦ ᠬᠤᠭᠤᠯᠠ ᠬᠦᠷᠭᠡᠬᠦ ᠣᠶᠢᠯᠡᠴᠢᠯᠡᠭᠡ ᠶᠢ ᠬᠠᠤᠯᠢ ᠶᠣᠰᠣᠭᠠᠷ ᠬᠠᠩᠭᠠᠨ᠎ᠠ᠃      ᠲᠠᠪᠤ ᠳᠤ ᠭᠡᠷ ᠤᠨ ᠠᠳᠠᠯ ᠠᠬᠤᠢ ᠶᠢ ᠨᠡᠶᠢᠭᠡᠮ ᠲᠣᠭᠤᠷᠢᠭ ᠲᠤ ᠣᠷᠣᠭᠤᠯᠬᠤ ᠬᠠᠩᠭᠠᠯᠭ᠎ᠠ ᠶᠢᠨ ᠬᠡᠯᠬᠢᠶ᠎ᠡ ᠶᠢᠨ ᠰᠢᠨ᠎ᠡ ᠶᠢ ᠡᠭᠦᠳᠬᠦ ᠪᠠᠷ ᠬᠦᠴᠦᠯᠡᠨ᠎ᠡ᠃ ᠨᠡᠷᠡᠲᠦ ᠲᠡᠮᠳᠡᠭᠲᠦ ᠠᠵᠢᠯᠲᠠᠨ ᠤ ᠳᠦᠷᠢᠮᠲᠦ ᠭᠡᠷ ᠤᠨ ᠠᠳᠠᠯ ᠠᠬᠤᠶ ᠶᠢᠨ ᠠᠵᠤ ᠠᠬᠤᠶᠢᠯᠠᠯ ᠤᠨ ᠨᠡᠶᠢᠭᠡᠮ ᠲᠣᠭᠤᠷᠢᠭ ᠲᠠᠬᠢ ᠬᠥᠭᠵᠢᠯᠲᠡ ᠶᠢ ᠲᠡᠮᠵᠢᠨ᠎ᠡ᠃ ᠭᠡᠷ ᠤᠨ ᠠᠳᠠᠯ ᠠᠬᠤᠢ ᠶᠢ ᠨᠡᠶᠢᠭᠡᠮ ᠲᠣᠭᠤᠷᠢᠭ ᠲᠤ ᠣᠷᠣᠭᠤᠯᠬᠤ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠭᠡᠷ ᠤᠨ ᠠᠳᠠᠯ ᠠᠬᠤᠢ ᠶᠢᠨ ᠦᠢᠯᠡᠴᠢᠯᠡᠭᠡᠨ ᠤ ᠠᠵᠢᠯᠲᠠᠨ ᠢ ᠬᠥᠲᠥᠯᠥᠨ ᠵᠢᠯᠣᠭᠤᠳᠴᠤ ᠪᠠᠶᠢᠭᠠᠳ 100 %᠎ ᠶᠢᠨ ᠦᠨᠡᠮᠯᠡᠯ ᠲᠠᠢ ᠪᠠᠷ ᠭᠡᠷ ᠲᠤᠨᠢ ᠣᠴᠢᠭᠤᠯᠵᠦ ᠦᠢᠯᠡᠴᠢᠯᠡᠬᠦᠯᠦᠨ᠎ᠡ᠃ ᠭᠡᠷ ᠤᠨ ᠠᠳᠠᠯ ᠠᠬᠤᠢ ᠶᠢᠨ ᠠᠵᠤ ᠠᠬᠤᠶᠢᠯᠠᠯ ᠬᠢᠭᠡᠳ ᠲᠡᠷᠢᠭᠦᠨ ᠤ ᠦᠢᠯᠡᠳᠬᠦ ᠠᠵᠦ ᠦᠢᠯᠡᠰ᠂ ᠤᠳᠤ ᠦᠶ᠎ᠡ ᠶᠢᠨ ᠲᠠᠷᠢᠶᠠᠯᠠᠩ ᠵᠡᠷᠭᠡ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠳᠠᠮᠵᠢᠵᠤ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠨᠡᠶᠢᠭᠡᠮ ᠲᠣᠭᠤᠷᠢᠭ ᠲᠤ ᠣᠷᠣᠭᠤᠯᠵᠦ᠂ ᠭᠡᠷ ᠪᠦᠯᠢ ᠶᠢᠨ ᠰᠢᠨ᠎ᠡ ᠪᠦᠲᠦᠭᠡᠭᠳᠡᠬᠦᠨ᠂ ᠰᠢᠨ᠎ᠡ ᠦᠢᠯᠡᠴᠢᠯᠡᠭᠡ᠂ ᠰᠢᠨ᠎ᠡ ᠬᠡᠷᠡᠭᠯᠡᠭᠡ ᠶᠢ ᠠᠬᠢᠭᠤᠯᠤᠨ᠎ᠠ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号