ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠲᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠪᠢᠴᠢᠭ ᠤᠨ ᠬᠡᠯᠪᠡᠷᠢ︶
ᠨᠡᠶᠢᠲᠡᠯᠡᠭᠰᠡᠨ ᠴᠠᠭ᠄
2022/3/1
     ︵ᠬᠤᠶᠠᠷ︶ ᠪᠢᠷᠠᠭᠤ ᠠᠴᠠ ᠷᠠᠰᠢᠶᠠᠨ ᠬᠦᠷᠲᠡᠯ᠎ᠡ ᠨᠡᠶᠢᠲᠡ ᠶᠢᠨ ᠮᠠᠰᠢᠨ ᠲᠡᠷᠭᠡ ᠨᠡᠪᠲᠡᠷᠡᠭᠦᠯᠬᠦ ᠲᠤᠬᠠᠶ ᠰᠠᠨᠠᠭᠤᠯᠭ᠎ᠠ᠃ ᠪᠠᠶᠠᠨᠴᠠᠭᠠᠨ ᠰᠤᠮᠤ ᠶᠢᠨ ᠬᠠᠰᠪᠠᠶᠠᠷ ᠵᠡᠷᠭᠡ 4 ᠳᠦᠯᠦᠬᠡᠯᠡᠭᠴᠢ ᠪᠢᠷᠠᠭᠤ ᠠᠴᠠ ᠷᠠᠰᠢᠶᠠᠨ ᠬᠦᠷᠬᠦ ᠨᠡᠶᠢᠲᠡ ᠶᠢᠨ ᠮᠠᠰᠢᠨ ᠲᠡᠷᠭᠡ ᠶᠢ ᠨᠡᠪᠲᠡᠷᠡᠭᠦᠯᠵᠦ᠂ ᠨᠠᠰᠢ ᠴᠠᠰᠢ ᠶᠠᠪᠤᠬᠤ ᠬᠥᠮᠦᠰ ᠤᠨ ᠶᠠᠪᠤᠵᠤ ᠰᠠᠭᠤᠬᠤ ᠳᠤ ᠳᠥᠭᠦᠮ ᠳᠥᠲᠡ ᠪᠠᠶᠢᠬᠤ ᠪᠠ ᠠᠮᠤᠷ ᠲᠦᠪᠰᠢᠨ ᠢ ᠪᠠᠲᠤᠯᠠᠬᠤ ᠰᠠᠨᠠᠭᠤᠯᠭ᠎ᠠ ᠳᠤᠷᠠᠳᠪᠠ᠃      ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠵᠠᠮ ᠬᠠᠷᠢᠯᠴᠠᠭ᠎ᠠ ᠳᠡᠬᠡᠬᠡᠪᠦᠷᠢ ᠶᠢᠨ ᠲᠣᠪᠴᠢᠶ᠎ᠠ ᠠᠴᠠ ᠤᠯᠠᠭᠠᠨᠬᠠᠳᠠ ᠶᠢᠨ ᠵᠦᠩ ᠬᠤᠤ ᠳᠡᠬᠡᠬᠡᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠰᠢᠭᠲᠡᠨ ᠬᠤᠰᠢᠭᠤᠨ ᠤ ᠬᠤᠪᠢᠶᠠᠷᠢ ᠺᠣᠮᠫᠠᠨᠢ ᠲᠠᠢ ᠬᠠᠮᠵᠢᠯᠴᠠᠨ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠤᠯᠠᠭᠠᠨᠬᠠᠳᠠ ᠶᠢᠨ ᠵᠦᠩ ᠬᠤᠤ ᠲᠡᠭᠡᠭᠡᠪᠦᠷᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠡᠰᠢᠭᠲᠡᠨ ᠬᠤᠰᠢᠭᠤᠨ ᠤ ᠬᠤᠪᠢᠶᠠᠷᠢ ᠺᠣᠮᠫᠠᠨᠢ ᠳᠤ ᠤᠳᠤ 30 ᠨᠡᠶᠢᠲᠡ ᠶᠢᠨ ᠮᠠᠰᠢᠨ ᠲᠡᠷᠭᠡ ᠲᠠᠢ᠂ ᠣᠳᠣᠬᠠᠨ ᠳᠤ ᠵᠥᠪᠬᠡᠨ ᠪᠠᠯᠭᠠᠰᠤᠨ ᠤ ᠤᠯᠠᠨ ᠲᠦᠮᠡᠨ ᠤ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠵᠤ ᠳᠡᠶᠢᠯᠦᠨ᠎ᠡ᠂ ᠷᠠᠰᠢᠶᠠᠨ ᠣᠷᠣᠭᠤ ᠨᠡᠪᠲᠡᠷᠡᠬᠦ ᠵᠠᠮ ᠳᠠᠭᠠᠤ ᠨᠡᠶᠢᠲᠡ ᠶᠢᠨ ᠮᠠᠰᠢᠨ ᠲᠡᠷᠭᠡᠨ ᠤ ᠵᠣᠭᠰᠣᠭᠠᠯ ᠤᠨ ᠦᠷᠲᠡᠭᠡ ᠳᠤᠬᠢᠷᠠᠭᠤᠯᠬᠤ ᠶᠢᠨ ᠠᠷᠭ᠎ᠠ ᠦᠭᠡᠢ᠂ ᠠᠶᠠᠨᠴᠢᠳ ᠤᠨ ᠢᠷᠡᠯᠳᠡ ᠴᠥᠭᠡᠨ᠂ ᠠᠵᠤ ᠠᠬᠤᠢ ᠶᠢᠨ ᠦᠷ᠎ᠡ ᠠᠰᠢᠭ ᠲᠤᠩ ᠪᠠᠭ᠎ᠠ ᠪᠠᠶᠢᠵᠤ᠂ ᠨᠡᠶᠢᠲᠡ ᠶᠢᠨ ᠮᠠᠰᠢᠨ ᠲᠡᠷᠭᠡ ᠶᠢ ᠨᠡᠪᠲᠡᠷᠡᠭᠦᠯᠬᠦ ᠨᠥᠬᠦᠴᠡᠯ ᠢ ᠲᠦᠷ ᠪᠦᠷᠢᠯᠳᠦᠭᠦᠯᠦᠭᠡᠳᠦᠢ᠃ ᠠᠩᠬ᠎ᠠ ᠠᠯᠬᠤᠮ ᠤᠨ ᠪᠦᠷᠢᠳᠬᠡᠯ ᠠᠴᠠ ᠦᠵᠡᠪᠡᠯ᠂ ᠣᠳᠣᠬᠠᠨ ᠳᠤ᠂ ᠪᠢᠷᠠᠭᠤ ᠠᠴᠠ ᠯᠢᠨᠰᠢ ᠵᠢᠴᠢ ᠯᠢᠨᠰᠢ ᠠᠴᠠ ᠪᠢᠷᠠᠭᠤ ᠵᠦᠭ ᠡᠳᠦᠷ ᠪᠦᠷᠢ ᠲᠤᠰ ᠪᠦᠷᠢ 14 ᠤᠳᠠᠭ᠎ᠠ ᠶᠢᠨ ᠠᠶᠠᠨᠴᠢᠨ ᠤ ᠲᠡᠭᠡᠭᠡᠪᠦᠷᠢ ᠶᠢᠨ ᠡᠭᠡᠯᠵᠢ ᠶᠢᠨ ᠲᠡᠷᠭᠡ ᠲᠠᠢ ᠪᠠᠶᠢᠵᠤ᠂ ᠵᠠᠮ ᠵᠠᠭᠤᠷ᠎ᠠ ᠶᠢᠨ ᠵᠣᠭᠰᠣᠭᠠᠯ ᠳᠤ ᠴᠥᠮ ᠷᠠᠰᠢᠶᠠᠨ ᠳᠤ ᠵᠣᠭᠰᠣᠨ᠎ᠠ᠂ ᠦᠨᠳᠦᠰᠦᠨ ᠳᠡᠭᠡᠨ ᠬᠤᠶᠠᠷ ᠭᠠᠵᠠᠷ ᠤᠨ ᠣᠯᠠᠨ ᠲᠦᠮᠡᠨ ᠤ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠵᠤ ᠳᠠᠶᠢᠯᠦᠨ᠎ᠡ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号