ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠲᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠪᠢᠴᠢᠭ ᠤᠨ ᠬᠡᠯᠪᠡᠷᠢ︶
ᠨᠡᠶᠢᠲᠡᠯᠡᠭᠰᠡᠨ ᠴᠠᠭ᠄
2022/3/1
     ᠬᠤᠶᠠᠷ᠂ ᠳᠤᠷᠠᠳᠤᠭᠰᠠᠨ ᠠᠰᠠᠭᠤᠳᠠᠯ ᠪᠠ ᠰᠠᠨᠠᠭᠤᠯᠭ᠎ᠠ ᠶᠢ ᠶᠠᠭ ᠰᠢᠢᠳᠪᠦᠷᠢᠯᠡᠵᠣ ᠪᠠᠶᠢᠭ᠎ᠠ ᠪᠤᠶᠤ ᠰᠢᠢᠳᠪᠦᠷᠢᠯᠡᠬᠦ ᠪᠠᠷ ᠲᠥᠯᠥᠪᠯᠡᠵᠦ ᠪᠠᠶᠢᠭ᠎ᠠ ᠨᠢ 9 ᠵᠦᠢᠯ ︵ᠡᠭᠦᠨ ᠤ ᠳᠣᠲᠣᠷᠠᠬᠢ 4 ᠵᠦᠢᠯ ᠢ ᠨᠢ ᠨᠡᠶᠢᠯᠡᠭᠦᠯᠦᠨ ᠬᠠᠷᠢᠭᠤᠯᠲᠠ ᠥᠭᠪᠡ︶ ᠪᠠᠶᠢᠵᠤ᠂ ᠲᠥᠯᠥᠭᠡᠯᠡᠭᠴᠢᠳ ᠤᠨ ᠰᠠᠨᠠᠭᠤᠯᠭ᠎ᠠ ᠶᠢᠨ ᠶᠡᠷᠦᠩᠬᠡᠶ ᠲᠣᠭᠠᠨ ᠤ 18.3% ︵B ᠲᠦᠷᠦᠯ︶ ᠶᠢ ᠡᠵᠡᠯᠡᠵᠦ ᠪᠠᠶᠢᠨ᠎ᠠ᠃      ︵ᠨᠢᠭᠡ︶ ᠠᠳᠠᠯ ᠠᠬᠤᠶ ᠶᠢᠨ ᠦᠢᠯᠡᠴᠢᠯᠡᠬᠡᠨ ᠤ ᠳᠡᠭᠡᠳᠦ ᠳᠠᠪᠬᠤᠷᠭ᠎ᠠ ᠶᠢᠨ ᠣᠷᠣᠨ ᠰᠠᠭᠤᠴᠠ ᠶᠢᠨ ᠲᠣᠭᠤᠷᠢᠭ ᠲᠤ ᠬᠤᠶᠠᠳᠠᠬᠢ ᠤᠳᠠᠭ᠎ᠠ ᠤᠰᠤ ᠬᠠᠩᠭᠠᠬᠤ᠂ ᠳᠤᠯᠠᠭᠠᠯᠠᠭ᠎ᠠ ᠬᠠᠩᠭᠠᠬᠤ᠂ ᠴᠠᠬᠢᠯᠭᠠᠨ ᠬᠠᠩᠭᠠᠬᠤ ᠬᠠᠮᠠᠭᠠᠯᠠᠯᠲᠠ ᠪᠠ ᠵᠠᠷᠤᠳᠠᠯ ᠢ ᠬᠡᠨ ᠬᠠᠷᠢᠭᠤᠴᠠᠬᠤ ᠶᠢ ᠲᠣᠳᠣᠷᠬᠠᠶᠢᠯᠠᠬᠤ ᠲᠤᠬᠠᠶ ᠰᠠᠨᠠᠭᠤᠯᠭ᠎ᠠ᠃ ᠰᠢᠷᠠᠮᠦ᠋ᠷᠡᠨ ᠵᠡᠭᠡᠯᠢ ᠭᠤᠳᠤᠮᠵᠢ ᠶᠢᠨ ᠵᠢᠶᠠᠩ ᠬᠠᠶ ᠪᠥᠸᠧ ᠵᠡᠷᠭᠡ 10 ᠲᠥᠯᠥᠭᠡᠯᠡᠭᠴᠢ ᠠᠴᠠ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠲᠦᠷᠭᠡᠬᠡᠨ ᠭᠠᠷᠭᠠᠬᠤ ᠶᠢ ᠰᠠᠨᠠᠭᠤᠯᠪᠠ᠃      ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠣᠷᠣᠨ ᠰᠠᠭᠤᠴᠠ ᠬᠢᠬᠡᠳ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠬᠠᠮᠢᠶ᠎ᠠ ᠪᠥᠬᠦᠶ ᠬᠠᠤᠯᠢ ᠴᠠᠭᠠᠵᠠ ᠪᠠ ᠵᠢᠷᠤᠮᠵᠢᠯ ᠤᠨ ᠦᠨᠳᠦᠰᠦ ᠪᠠᠷᠢᠮᠲᠠ ᠶᠢ ᠢᠳᠡᠪᠬᠢᠲᠡᠶ ᠪᠠᠷ ᠡᠷᠢᠵᠦ᠂ 2006 ᠣᠨ ᠳᠤ ᠤᠯᠠᠭᠠᠨᠬᠠᠳᠠ ᠬᠤᠲᠠ ᠶᠢᠨ ᠬᠥᠭᠵᠢᠭᠦᠯᠦᠯᠲᠡ ᠬᠢᠬᠡᠳ ᠥᠭᠡᠷᠡᠴᠢᠯᠡᠯᠲᠡ ᠶᠢᠨ ᠵᠥᠪᠯᠡᠯ ᠪᠠ ᠣᠷᠣᠨ ᠰᠠᠭᠤᠴᠠ ᠬᠢᠬᠡᠳ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ ᠤᠨ ᠬᠠᠮᠲᠤᠷᠠᠨ ᠪᠠᠭᠤᠯᠭᠠᠭᠰᠠᠨ ︽ᠤᠯᠠᠭᠠᠨᠬᠠᠳᠠ ᠬᠤᠲᠠ ᠶᠢᠨ ᠡᠩ ᠤᠨ ᠣᠷᠣᠨ ᠰᠠᠭᠤᠴᠠ ᠶᠢᠨ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠲᠥᠷᠥᠯ ᠢᠯᠭᠠᠯ ᠤᠨ ᠪᠠᠷᠢᠮᠵᠢᠶ᠎ᠠ ᠵᠢᠴᠢ ᠠᠳᠠᠯ ᠠᠬᠤᠶ ᠶᠢᠨ ᠰᠦᠢᠳᠬᠡᠯ ᠬᠤᠷᠢᠶᠠᠬᠤ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠᠷᠢᠮᠵᠢᠶ᠎ᠠ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠣᠯᠠᠭᠠᠨᠬᠠᠳᠠ ᠬᠥᠭᠵᠢᠭᠦᠯᠦᠯᠲᠡ ᠥᠭᠡᠷᠡᠴᠢᠯᠡᠯᠲᠡ ᠰᠦᠢᠳᠬᠡᠯ ᠦᠰᠦᠭ ﹇2006﹈ 1 ᠳ᠋ᠣᠬᠡᠷ ᠲᠣᠭᠠᠲᠤ︶ ᠶᠢᠨ ᠲᠦᠷᠪᠡᠲᠦᠭᠡᠷ ᠵᠤᠷᠪᠤᠰ ᠪᠠ ︽ᠬᠡᠰᠢᠭᠲᠡᠨ ᠬᠤᠰᠢᠭᠤᠨ ᠤ ᠠᠮᠢᠳᠤᠷᠠᠯ ᠤᠨ ᠤᠤᠭᠤᠬᠤ ᠤᠰᠤᠨ ᠤ ᠬᠤᠶᠠᠳᠠᠬᠢ ᠤᠳᠠᠭ᠎ᠠ ᠶᠢᠨ ᠤᠰᠤ ᠬᠠᠩᠭᠠᠬᠤ ᠬᠠᠮᠢᠶᠠᠷᠤᠯᠲᠠ ᠶᠢᠨ ᠠᠷᠭ᠎ᠠ︾ ᠶᠢᠨ ᠬᠤᠷᠢᠨ ᠵᠢᠷᠭᠤᠳᠤᠭᠠᠷ ᠵᠦᠢᠯ᠂ ᠬᠤᠷᠢᠨ ᠳᠣᠯᠣᠳᠤᠭᠠᠷ ᠵᠦᠢᠯ ᠳᠤ ᠬᠤᠶᠠᠳᠠᠬᠢ ᠤᠳᠠᠭ᠎ᠠ ᠶᠢᠨ ᠤᠰᠤ ᠬᠠᠩᠭᠠᠬᠤ ᠬᠠᠮᠢᠶ᠎ᠠ ᠪᠥᠬᠦᠶ ᠥᠮᠴᠢᠯᠡᠬᠦ ᠡᠷᠬᠡ ᠪᠠ ᠵᠠᠷᠤᠳᠠᠯ ᠤᠨ ᠲᠤᠬᠠᠶ ᠲᠣᠭᠲᠠᠭᠠᠯ ᠭᠠᠷᠭᠠᠪᠠ᠃ ᠡᠭᠦᠨ ᠠᠴᠠ ᠭᠠᠳᠠᠨ᠎ᠠ᠂ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠠᠴᠠ ᠳᠡᠭᠡᠳᠦ ᠳᠠᠪᠬᠤᠷᠭ᠎ᠠ ᠶᠢᠨ ᠣᠷᠣᠨ ᠰᠠᠭᠤᠴᠠ ᠶᠢᠨ ᠲᠣᠭᠤᠷᠢᠭ ᠤᠨ ᠬᠤᠶᠠᠳᠠᠬᠢ ᠤᠳᠠᠭᠠᠨ ᠤ ᠳᠤᠯᠠᠭᠠᠯᠠᠭ᠎ᠠ᠂ ᠴᠠᠬᠢᠯᠭᠠᠨ ᠬᠠᠩᠭᠠᠬᠤ ᠵᠢᠴᠢ ᠤᠰᠤ ᠬᠠᠩᠭᠠᠬᠤ ᠳᠤᠮᠳᠠ ᠣᠷᠣᠰᠢᠵᠤ ᠪᠠᠶᠢᠭ᠎ᠠ ᠵᠢᠭᠤᠷᠠᠯᠳᠤᠭᠠᠨ ᠤ ᠠᠰᠠᠭᠤᠳᠠᠯ ᠵᠢᠴᠢ ᠠᠳᠠᠯ ᠠᠬᠤᠶ ᠶᠢᠨ ᠦᠢᠯᠡᠴᠢᠯᠡᠬᠡᠨ ᠤ ᠠᠵᠤ ᠠᠬᠤᠶᠢᠯᠠᠯ ᠤᠨ ᠠᠵᠤ ᠠᠬᠤᠶ ᠶᠢᠨ ᠳᠠᠷᠤᠭᠠᠰᠤ ᠨᠡᠯᠢᠶᠡᠳ ᠬᠦᠨᠳᠦ ᠪᠠᠶᠢᠭ᠎ᠠ ᠪᠣᠳᠠᠲᠤ ᠪᠠᠶᠢᠳᠠᠯ ᠤᠨ ᠲᠤᠬᠠᠶ ᠤᠯᠠᠭᠠᠨᠬᠠᠳᠠ ᠬᠤᠲᠠ ᠶᠢᠨ ᠬᠠᠤᠯᠢ ᠲᠣᠭᠲᠠᠭᠠᠬᠤ ᠪᠠᠶᠢᠭᠤᠯᠣᠯᠭ᠎ᠠ ᠳᠤ ᠰᠠᠨᠠᠭᠤᠯᠭ᠎ᠠ ᠳᠤᠷᠠᠳᠪᠠ᠃ ᠲᠠᠷᠠᠭᠠᠴᠢ ᠶᠢᠨ ᠠᠯᠬᠤᠮ ᠳᠤ᠂ ᠬᠠᠤᠯᠢ ᠲᠣᠭᠲᠠᠭᠠᠬᠤ ᠪᠠᠶᠢᠭᠤᠯᠣᠯᠭ᠎ᠠ ᠶᠢᠨ ᠬᠠᠷᠢᠭᠤ ᠲᠤᠰᠬᠠᠭᠰᠠᠨ ᠰᠠᠨᠠᠯ ᠢ ᠦᠨᠳᠦᠰᠦᠯᠡᠨ᠂ ︽ᠤᠯᠠᠭᠠᠨᠬᠠᠳᠠ ᠬᠤᠲᠠ ᠶᠢᠨ ᠲᠥᠪᠯᠡᠷᠡᠭᠦᠯᠦᠨ ᠢᠯᠴᠢ ᠬᠠᠩᠭᠠᠬᠤ ᠬᠠᠮᠢᠶᠠᠷᠤᠯᠲᠠ ᠶᠢᠨ ᠲᠦᠷᠢᠮ︾ ᠢ ᠲᠣᠭᠲᠠᠭᠠᠬᠤ ᠳᠠᠭᠠᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠲᠦᠷᠢᠮ︾ ᠲᠠᠢ ᠬᠠᠷᠢᠯᠴᠠᠨ ᠤᠶᠠᠯᠳᠤᠭᠤᠯᠵᠤ᠂ ᠳᠡᠭᠡᠳᠦ ᠳᠠᠪᠬᠤᠷᠭ᠎ᠠ ᠶᠢᠨ ᠣᠷᠣᠨ ᠰᠠᠭᠤᠴᠠ ᠶᠢᠨ ᠲᠣᠭᠤᠷᠢᠭ ᠤᠨ ᠬᠤᠶᠠᠳᠠᠬᠢ ᠤᠳᠠᠭᠠᠨ ᠤ ᠤᠰᠤ ᠬᠠᠩᠭᠠᠬᠤ᠂ ᠳᠣᠯᠠᠭᠠᠯᠠᠭ᠎ᠠ ᠬᠠᠩᠭᠠᠬᠤ᠂ ᠴᠠᠬᠢᠯᠭᠠᠨ ᠬᠠᠩᠭᠠᠬᠤ ᠵᠡᠷᠭᠡ ᠠᠰᠠᠭᠤᠳᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ᠂ ᠰᠦᠢᠳᠬᠡᠯ ᠬᠤᠷᠢᠶᠠᠬᠤ ᠪᠠᠷᠢᠮᠵᠢᠶ᠎ᠠ ᠵᠡᠷᠭᠡ ᠠᠰᠠᠭᠤᠳᠠᠯ ᠢ ᠤᠯᠠᠮ ᠨᠢᠭᠡ ᠠᠯᠬᠤᠮ ᠲᠣᠳᠣᠷᠬᠠᠶᠢᠯᠠᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号