ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠲᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠪᠢᠴᠢᠭ ᠤᠨ ᠬᠡᠯᠪᠡᠷᠢ︶
ᠨᠡᠶᠢᠲᠡᠯᠡᠭᠰᠡᠨ ᠴᠠᠭ᠄
2022/3/1
     ︵ᠬᠤᠶᠠᠷ︶ ᠣᠯᠠᠭᠠᠨᠪᠣᠳᠣᠩ ᠤᠨ ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠠᠨᠠᠭᠤᠯᠭ᠎ᠠ᠃ ᠣᠯᠠᠭᠠᠨᠪᠣᠳᠣᠩ ᠰᠤᠮᠤ ᠶᠢᠨ ᠭᠤᠤ ᠰᠢᠶᠤᠤ ᠯᠢ ᠲᠥᠯᠥᠭᠡᠯᠡᠭᠴᠢ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠦᠵᠡᠮᠵᠢ ᠶᠢᠨ ᠣᠷᠣᠨ ᠤ ᠳᠣᠲᠣᠷᠠᠬᠢ ᠦᠯᠦ ᠬᠥᠳᠡᠯᠬᠦ ᠬᠦᠷᠦᠩᠭᠡ ᠶᠢᠨ ᠡᠷᠬᠡ ᠶᠢᠨ ᠦᠨᠡᠮᠯᠡᠯ ᠢ ᠭᠦᠢᠴᠡᠳᠬᠡᠬᠦ ᠠᠰᠠᠭᠤᠳᠠᠯ ᠢ ᠰᠢᠢᠳᠪᠦᠷᠢᠯᠡᠬᠦ ᠰᠠᠨᠠᠭᠤᠯᠭ᠎ᠠ ᠶᠢ ᠳᠣᠷᠠᠳᠪᠡ᠃      ᠳᠦᠯᠦᠬᠡᠯᠡᠭᠴᠢ ᠶᠢᠨ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂ ᠮᠠᠨ ᠤ ᠬᠤᠰᠢᠭᠤ ᠨᠢᠭᠡᠨᠲᠡ ︽ᠬᠡᠰᠢᠭᠲᠡᠨ ᠬᠤᠰᠢᠭᠤᠨ ᠤ ᠵᠢᠭᠤᠯᠴᠢᠯᠠᠯ ᠤᠨ ᠬᠦᠭᠵᠢᠬᠦᠯᠦᠯᠳᠡ ᠶᠢᠨ ᠶᠡᠷᠦᠩᠬᠡᠶ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ᠂ ᠣᠯᠠᠭᠠᠨᠪᠣᠳᠣᠩ ᠰᠤᠮᠤ ᠶᠢᠨ ᠵᠢᠭᠤᠯᠴᠢᠯᠠᠯ ᠤᠨ ᠬᠦᠭᠵᠢᠬᠦᠯᠦᠯᠳᠡ ᠶᠢᠨ ᠪᠣᠷᠣ ᠲᠥᠯᠥᠪ ᠢ ᠲᠣᠳᠣᠷᠬᠠᠶ ᠲᠥᠯᠥᠪᠵᠢᠭᠦᠯᠵᠡᠶ᠂ ᠣᠯᠠᠭᠠᠨᠪᠣᠳᠣᠩ ᠤᠨ ᠭᠤᠤᠯ ᠪᠣᠯᠬᠤ ᠵᠢᠭᠤᠯᠴᠢᠯᠠᠯ ᠤᠨ ᠡᠬᠢ ᠪᠠᠶᠠᠯᠢᠭ ᠨᠢ ᠴᠥᠮ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠡᠪᠴᠢᠶᠡᠨ ᠳᠤ ᠪᠠᠶᠢᠳᠠᠭ ᠪᠣᠯᠬᠤᠷ᠂ ᠣᠳᠣᠬᠠᠨ ᠳᠤ ᠬᠠᠮᠠᠭᠠᠯᠠᠯᠲᠠ ᠶᠢᠨ ᠣᠷᠣᠨ ᠤ ᠲᠣᠬᠢᠷᠠᠭᠤᠯᠤᠯᠲᠠ ᠶᠢᠨ ᠲᠥᠰᠦᠯ ᠢ ᠨᠢᠭᠡᠨᠲᠡ ᠥᠪᠡᠷᠲᠡᠭᠡᠨ ᠵᠠᠰᠠᠬᠤ ᠣᠷᠣᠨ ᠳᠤ ᠮᠡᠳᠡᠭᠦᠯᠵᠦ᠂ ᠲᠣᠬᠢᠷᠠᠭᠤᠯᠤᠯᠲᠠ ᠶᠢᠨ ᠲᠥᠰᠦᠯ ᠢ ᠴᠤᠬᠤᠯᠠᠪᠤᠷᠢᠯᠠᠭᠰᠠᠨ ᠤ ᠳᠠᠷᠠᠭ᠎ᠠ᠂ ᠣᠯᠠᠭᠠᠨᠪᠣᠳᠣᠩ ᠤᠨ ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ ᠵᠢᠴᠢ ᠥᠮᠴᠢᠯᠡᠯ ᠤᠨ ᠡᠷᠬᠡ ᠶᠢ ᠬᠦᠢᠴᠡᠳᠬᠡᠬᠦ ᠠᠵᠢᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号