ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠲᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠪᠢᠴᠢᠭ ᠤᠨ ᠬᠡᠯᠪᠡᠷᠢ︶
ᠨᠡᠶᠢᠲᠡᠯᠡᠭᠰᠡᠨ ᠴᠠᠭ᠄
2022/3/1
     ︵ᠭᠤᠷᠪᠠ︶ ᠣᠯᠠᠭᠠᠨᠪᠣᠳᠣᠩ ᠤᠨ ᠣᠷᠣᠨ ᠰᠠᠭᠤᠴᠠ ᠶᠢᠨ ᠭᠠᠵᠠᠷ ᠢ ᠬᠢᠨᠠᠨ ᠵᠥᠪᠰᠢᠶᠡᠷᠡᠬᠦ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠲᠤᠬᠠᠶ ᠰᠠᠨᠠᠭᠤᠯᠭ᠎ᠠ᠃ ᠣᠯᠠᠭᠠᠨᠪᠣᠳᠣᠩ ᠰᠤᠮᠤ ᠶᠢᠨ ᠳ᠋ᠠᠶ ᠰᠢᠶᠤᠤ ᠹᠸᠢ ᠲᠥᠯᠥᠭᠡᠯᠡᠭᠴᠢ ᠠᠴᠠ ᠬᠤᠪᠢᠶᠠᠷᠢᠯᠠᠨ ᠥᠭᠬᠦ ᠬᠡᠯᠪᠡᠷᠢ ᠪᠠᠷ ᠭᠠᠴᠠᠭᠠᠨ ᠤ ᠠᠷᠠᠳ ᠲᠤ ᠣᠷᠣᠨ ᠰᠠᠭᠤᠴᠠ ᠶᠢᠨ ᠭᠠᠵᠠᠷ ᠬᠠᠩᠭᠠᠵᠤ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠬᠢᠯᠭᠡᠬᠦ ᠪᠠᠷ ᠰᠠᠨᠠᠭᠤᠯᠭ᠎ᠠ ᠭᠠᠷᠭᠠᠪᠠ᠃      ᠳᠦᠯᠦᠬᠡᠯᠡᠭᠴᠢ ᠶᠢᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠮᠠᠯ ᠠᠵᠤ ᠠᠬᠤᠶ ᠲᠠᠷᠢᠶᠠᠯᠠᠩ ᠬᠢᠬᠡᠳ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ ᠠᠴᠠ ᠨᠠᠷᠢᠨ ᠬᠢᠨᠠᠮᠠᠭᠠᠶ ᠪᠠᠶᠢᠴᠠᠭᠠᠨ ᠬᠠᠷᠭᠤᠭᠤᠯᠵᠤ ᠤᠶᠢᠯᠠᠭᠠᠭᠰᠠᠨ ᠢᠶᠠᠷ᠂ ᠣᠯᠠᠭᠠᠨᠪᠣᠳᠣᠩ ᠰᠤᠮᠤ ᠶᠢᠨ ᠣᠲᠣ ᠶᠢᠨ ᠡᠯ᠎ᠡ ᠭᠠᠴᠠᠭᠠᠨ ᠤ ᠮᠠᠯᠴᠢᠨ ᠲᠠᠷᠢᠶᠠᠴᠢᠨ ᠤ ᠬᠡᠷᠡᠭᠯᠡᠵᠦ ᠪᠠᠶᠢᠭ᠎ᠠ ᠭᠠᠵᠠᠷ ᠰᠢᠷᠣᠶ ᠶᠢᠨ ᠰᠢᠨᠵᠢ ᠴᠢᠨᠠᠷ ᠨᠢ ᠤᠯᠤᠰ ᠤᠨ ᠦᠮᠴᠢᠯᠡᠯᠳᠦ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠤᠨ᠎ᠠ᠂ ᠤᠯᠤᠰ ᠤᠨ ᠦᠮᠴᠢᠯᠡᠯᠳᠦ ᠲᠠᠷᠢᠶᠠᠯᠠᠩ ᠳᠤ ᠬᠡᠷᠡᠭᠯᠡᠬᠦ ᠭᠠᠵᠠᠷ ᠢ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢᠨ ᠬᠠᠮᠲᠤ ᠮᠠᠯᠴᠢᠨ ᠲᠠᠷᠢᠶᠠᠴᠢᠨ ᠳᠤ ᠬᠠᠩᠭᠠᠨ ᠬᠡᠷᠡᠭᠯᠡᠬᠦᠯᠬᠦ ᠳᠤ᠂ ᠬᠠᠤᠯᠢ ᠪᠠᠷ ᠲᠣᠭᠲᠠᠭᠠᠭᠰᠠᠨ ᠲᠠᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠤᠯᠤᠨ ᠬᠡᠷᠡᠭᠯᠡᠬᠦ ᠵᠢᠴᠢ ᠰᠢᠯᠵᠢᠭᠦᠯᠦᠨ ᠥᠭᠬᠦ ᠪᠤᠶᠤ ᠬᠤᠪᠢᠶᠠᠷᠢᠯᠠᠨ ᠥᠭᠬᠦ ᠭᠠᠷ ᠬᠦᠢᠴᠡᠳᠬᠡᠯ ᠢ ᠬᠦᠢᠴᠡᠳᠬᠡᠬᠦ ᠴᠢᠬᠤᠯᠠᠲᠠᠶ᠃ ᠣᠯᠠᠭᠠᠨᠪᠣᠳᠣᠩ ᠬᠢᠭᠡᠳ ᠬᠤᠩᠱᠠᠨ ᠴᠡᠷᠢᠭ ᠤᠨ ᠠᠭᠳᠠ ᠶᠢᠨ ᠲᠠᠯᠠᠪᠠᠶ ᠶᠢᠨ ᠶᠡᠬᠡᠩᠬᠢ ᠬᠡᠰᠡᠭ ᠭᠠᠵᠠᠷ ᠨᠢ ᠳᠠᠪᠬᠤᠴᠠᠵᠤ᠂ ᠬᠡᠷᠡᠭᠯᠡᠬᠦ ᠭᠠᠵᠠᠷ ᠤᠨ ᠪᠠᠶᠢᠳᠠᠯ ᠨᠢ ᠪᠤᠳᠤᠯᠢᠶᠠᠨᠲᠠᠶ ᠤᠴᠢᠷ ᠠᠴᠠ ᠣᠳᠣᠬᠠᠨ ᠳᠤ ᠮᠠᠯ ᠠᠵᠤ ᠠᠬᠤᠶ ᠲᠠᠷᠢᠶᠠᠯᠠᠩ ᠬᠢᠬᠡᠳ ᠬᠦᠳᠡᠭᠡ ᠳᠣᠰᠬᠤᠨ ᠮᠠᠯᠵᠢᠬᠤ ᠣᠷᠣᠨ ᠤ ᠲᠣᠪᠴᠢᠶ᠎ᠠ ᠨᠢᠭᠡᠨᠲᠡ ᠣᠯᠠᠭᠠᠨᠪᠣᠳᠣᠩ ᠰᠤᠮᠤ ᠲᠠᠢ ᠬᠠᠮᠵᠢᠯᠴᠠᠨ ᠲᠣᠰ ᠭᠠᠵᠠᠷ ᠣᠷᠣᠨ ᠤ ᠮᠠᠯᠴᠢᠨ ᠲᠠᠷᠢᠶᠠᠴᠢᠨ ᠤ ᠣᠷᠣᠨ ᠰᠠᠭᠤᠴᠠ ᠶᠢᠨ ᠪᠠᠶᠢᠳᠠᠯ ᠪᠠ ᠬᠡᠷᠡᠭᠯᠡᠬᠦ ᠭᠠᠵᠠᠷ ᠤᠨ ᠪᠠᠶᠢᠳᠠᠯ ᠳᠤ ᠪᠠᠶᠢᠳᠠᠯ ᠢ ᠤᠶᠢᠯᠠᠭᠠᠨ ᠪᠠᠶᠢᠴᠠᠭᠠᠯᠲᠠ ᠬᠢᠵᠦ ᠪᠠᠶᠢᠨ᠎ᠠ᠃ ᠲᠠᠷᠠᠭᠠᠴᠢ ᠶᠢᠨ ᠠᠯᠬᠤᠮ ᠳᠤ ᠠᠳᠠᠯᠢ ᠪᠤᠰᠤ ᠪᠠᠶᠢᠳᠠᠯ ᠢ ᠢᠯᠭᠠᠨ ᠠᠳᠠᠯᠢ ᠪᠤᠰᠤ ᠰᠢᠢᠳᠪᠦᠷᠢᠯᠡᠬᠦ ᠰᠠᠨᠠᠯ ᠢ ᠳᠤᠷᠠᠳᠴᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠬᠢᠨᠠᠨ ᠵᠦᠪᠯᠡᠬᠦᠯᠦᠭᠰᠡᠨ ᠤ ᠳᠠᠷᠠᠭ᠎ᠠ ᠠᠯᠬᠤᠮ ᠠᠯᠬᠤᠮ ᠢᠶᠠᠷ ᠰᠢᠢᠳᠪᠦᠷᠢᠯᠡᠨ᠎ᠡ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号