ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠲᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠪᠢᠴᠢᠭ ᠤᠨ ᠬᠡᠯᠪᠡᠷᠢ︶
ᠨᠡᠶᠢᠲᠡᠯᠡᠭᠰᠡᠨ ᠴᠠᠭ᠄
2022/3/1
     ︵ᠲᠥᠷᠪᠡ︶ ᠮᠠᠯᠵᠢᠬᠤ ᠲᠠᠷᠢᠶᠠᠯᠠᠬᠤ ᠣᠷᠣᠨ ᠤ ᠬᠡᠰᠡᠭ ᠭᠠᠵᠠᠷ ᠣᠷᠣᠨ ᠳᠤ ᠮᠡᠳᠡᠭᠡ ᠬᠤᠯᠪᠣᠭᠠᠨ ᠤ ᠰᠦᠯᠵᠢᠶ᠎ᠡ ᠨᠡᠪᠳᠡᠷᠡᠬᠦ ᠪᠠᠷ ᠠᠨᠠᠢ ᠪᠠᠶᠢᠬᠤ ᠠᠰᠠᠭᠤᠳᠠᠯ ᠤᠨ ᠲᠤᠬᠠᠶ ᠰᠠᠨᠠᠭᠤᠯᠭ᠎ᠠ᠃ ᠳᠠᠯᠠᠶᠢᠨᠠᠭᠤᠷ ᠪᠠᠯᠭᠠᠰᠤᠨ ᠤ ᠬᠠᠰᠴᠡᠴᠡᠭ ᠵᠡᠷᠭᠡ 6 ᠳᠦᠯᠦᠬᠡᠯᠡᠭᠴᠢ᠂ ᠸᠠᠨ ᠾᠧ ᠶᠦᠩ ᠪᠠᠯᠭᠠᠰᠤᠨ ᠤ ᠯᠠᠶ ᠱᠦ ᠱᠧᠩ ᠲᠥᠯᠥᠭᠡᠯᠡᠭᠴᠢ᠂ ᠳᠠᠷᠬᠠᠬᠠᠭᠤᠯᠠ ᠰᠤᠮᠤᠨ ᠤ ᠨᠠᠰᠤᠨᠪᠠᠭᠠᠲᠤᠷ ᠵᠡᠷᠭᠡ 5 ᠳᠦᠯᠦᠬᠡᠯᠡᠭᠴᠢ᠂ ᠪᠠᠶᠠᠨᠴᠠᠭᠠᠨ ᠰᠤᠮᠤᠨ ᠤ ᠰᠢᠨᠡᠪᠢᠯᠢᠭ ᠵᠡᠷᠭᠡ 4 ᠳᠦᠯᠦᠬᠡᠯᠡᠭᠴᠢ᠂ ᠨᠠᠷᠠᠨᠴᠣᠭᠲᠤ ᠵᠡᠷᠭᠡ 4 ᠳᠦᠯᠦᠬᠡᠯᠡᠭᠴᠢ ᠮᠡᠳᠡᠭᠡ ᠬᠤᠯᠪᠣᠭᠠᠨ ᠤ ᠰᠦᠯᠵᠢᠶ᠎ᠡ ᠶᠢᠨ ᠳᠣᠬᠢᠶ᠎ᠠ ᠶᠢᠨ ᠪᠦᠷᠬᠦᠴᠡ ᠶᠢ ᠨᠡᠮᠡᠭᠳᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠭᠠᠴᠠᠭ᠎ᠠ ᠳᠤᠭᠤᠶᠢᠯᠠᠩ ᠤᠨ ᠮᠡᠳᠡᠭᠡ ᠬᠤᠯᠪᠣᠭᠠᠨ ᠤ ᠰᠦᠯᠵᠢᠶ᠎ᠡ ᠶᠢ ᠰᠠᠭᠠᠳ ᠦᠭᠡᠢ ᠨᠡᠪᠳᠡᠷᠡᠬᠦᠯᠬᠦ ᠠᠰᠠᠭᠤᠳᠠᠯ ᠢ ᠰᠢᠢᠳᠪᠦᠷᠢᠯᠡᠬᠦ ᠳᠣᠬᠠᠢ ᠰᠠᠨᠠᠭᠤᠯᠭ᠎ᠠ ᠭᠠᠷᠭᠠᠵᠠᠢ᠃ ︵18᠂ 22᠂ 23᠂ 47᠂ 49 ᠳ᠋ᠣᠬᠡᠷ ᠲᠣᠭᠠᠲᠤ ᠰᠠᠨᠠᠭᠤᠯᠭ᠎ᠠ ᠶᠢ ᠨᠡᠶᠢᠯᠡᠭᠦᠯᠦᠨ ᠬᠠᠷᠢᠭᠤᠯᠪᠠ︶      ᠲᠥᠯᠥᠭᠡᠯᠡᠭᠴᠢᠳ ᠤᠨ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠬᠢᠴᠢᠯᠠᠯᠳᠠ ᠬᠢᠬᠡᠳ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠠᠷᠢᠨ ᠬᠢᠨᠠᠮᠠᠭᠠᠶ ᠪᠠᠶᠢᠴᠠᠭᠠᠨ ᠰᠤᠳᠤᠯᠤᠯᠲᠠ ᠬᠢᠵᠦ᠂ ᠬᠢᠨᠠᠨ ᠬᠠᠷᠭᠤᠭᠤᠯᠬᠤ ᠪᠠᠷ ᠳᠡᠮᠵᠢᠨ᠂ ᠰᠠᠨᠠᠯ ᠳᠤᠷᠠᠳᠤᠯᠭ᠎ᠠ ᠳᠤ ᠬᠤᠯᠪᠣᠭᠳᠠᠭᠰᠠᠨ ᠭᠠᠵᠠᠷ ᠣᠷᠣᠨ ᠨᠢ ᠮᠡᠳᠡᠭᠡ ᠬᠤᠯᠪᠣᠭᠠᠨ ᠤ ᠰᠦᠯᠵᠢᠶ᠎ᠡ ᠶᠢᠨ ᠪᠦᠷᠬᠦᠴᠡ ᠪᠠᠷ ᠪᠠᠭᠤᠷᠠᠶ ᠣᠷᠣᠨ ᠪᠦᠰᠡ ᠪᠠᠶᠢᠵᠤ᠂ ᠪᠦᠷᠬᠦᠴᠡ ᠪᠠᠷ ᠳᠤᠲᠠᠮᠠᠭ ᠣᠷᠣᠨ ᠪᠦᠰᠡ ᠳᠤ ᠬᠠᠷᠢᠶᠠᠯᠠᠭᠳᠠᠬᠤ ᠥᠬᠡᠶ᠂ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠬᠢᠴᠢᠯᠠᠯᠳᠠ ᠬᠢᠬᠡᠳ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠡᠵᠡᠩᠨᠡᠯᠲᠡ ᠶᠢᠨ ᠠᠵᠤ ᠠᠬᠤᠶᠢᠯᠠᠯ ᠲᠠᠢ ᠬᠠᠷᠢᠯᠴᠠᠵᠣ ᠵᠣᠬᠢᠴᠠᠭᠤᠯᠣᠨ᠂ ᠰᠢᠨ᠎ᠡ ᠪᠠᠷ ᠪᠠᠶᠢᠭᠤᠯᠬᠤ ᠰᠠᠭᠤᠷᠢ ᠥᠷᠲᠡᠭᠡ ᠪᠠᠷ ᠳᠠᠮᠵᠢᠭᠤᠯᠤᠨ ᠳᠣᠰ ᠠᠰᠠᠭᠤᠳᠠᠯ ᠢ ᠰᠢᠢᠳᠪᠦᠷᠢᠯᠡᠨ᠎ᠡ᠃ ᠣᠳᠣᠬᠠᠨ ᠳᠤ ᠡᠵᠡᠩᠨᠡᠯᠲᠡ ᠶᠢᠨ ᠠᠵᠤ ᠠᠬᠤᠶᠢᠯᠠᠯ ᠨᠢ ᠨᠢᠭᠡᠨᠲᠡ ᠳᠣᠲᠣᠭᠠᠳᠤ ᠶᠢᠨ ᠬᠢᠨᠠᠨ ᠵᠥᠪᠰᠢᠶᠡᠷᠡᠬᠦ ᠶᠠᠪᠤᠴᠠ ᠶᠢᠨ ᠶᠣᠰᠣᠭᠠᠷ ᠪᠠᠶᠢᠭᠤᠯᠬᠤ ᠴᠢᠬᠤᠯᠠᠲᠠᠶ ᠰᠠᠭᠤᠷᠢ ᠥᠷᠲᠡᠭᠡᠨ ᠤ ᠴᠢᠭ᠋ ᠢᠶᠠᠨ ᠠᠵᠤ ᠠᠬᠤᠶᠢᠯᠠᠯ ᠤᠨ ᠦᠷᠭᠦᠯᠵᠢᠯᠡᠭᠰᠡᠨ ᠲᠥᠯᠥᠪᠵᠢᠭᠦᠯᠭᠡ ᠳᠤ ᠤᠷᠤᠭᠤᠯᠤᠨ ᠳᠡᠭᠡᠭᠰᠢ ᠮᠡᠳᠡᠭᠦᠯᠵᠦ᠂ ᠬᠤᠲᠠ ᠶᠢᠨ ᠺᠣᠮᠫᠠᠨᠢ ᠶᠢᠨ ᠬᠢᠨᠠᠨ ᠵᠥᠪᠰᠢᠶᠡᠷᠡᠬᠦ ᠶᠢ ᠬᠦᠯᠢᠶᠡᠵᠦ ᠪᠣᠢ᠃ ᠡᠭᠦᠨ ᠠᠴᠠ ᠭᠠᠳᠠᠨ᠎ᠠ᠂ 2020 ᠣᠨ ᠤ 12 ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠮᠠᠯᠵᠢᠬᠤ ᠣᠷᠣᠨ ᠤ ᠣᠳᠣᠬᠢᠴᠢᠯᠠᠯᠲᠠ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ ︵2020 — 2022 ᠣᠨ︶︾ ᠳᠤ ︽ᠤᠶᠤᠨᠲᠤ ᠷᠠᠳᠢᠣ᠋ ᠲᠧᠯᠸᠢᠰ ᠤᠨ ᠥᠷᠭᠡᠨ ᠪᠦᠰᠡᠲᠦ ᠰᠦᠯᠵᠢᠶ᠎ᠡ ᠶᠢᠨ ᠪᠦᠷᠬᠦᠴᠡ ᠪᠠ ᠦᠢᠯᠡᠴᠢᠯᠡᠬᠡᠨ ᠤ ᠢᠨᠵᠧᠨᠧᠷᠢᠩ ᠢ ᠬᠡᠷᠡᠭᠵᠢᠬᠦᠯᠵᠣ᠂ ᠤᠯᠤᠰ ᠤᠨ ᠴᠠᠬᠢᠯᠭᠠᠨ ᠬᠤᠯᠪᠣᠭ᠎ᠠ ᠶᠢᠨ ᠲᠦᠭᠡᠮᠡᠯ ᠦᠢᠯᠡᠴᠢᠯᠡᠬᠡᠨ ᠤ ᠲᠤᠷᠰᠢᠯᠲᠠ ᠶᠢᠨ ᠴᠢᠬ ᠤᠨ ᠲᠥᠷᠥᠯ ᠵᠦᠢᠯ ᠳᠤ ᠲᠦᠰᠢᠭᠯᠡᠨ᠂ ᠤᠶᠤᠨᠲᠤ ᠷᠠᠳᠢᠣ᠋ ᠲᠧᠯᠸᠢᠰ ᠤᠨ ᠲᠣᠤᠷ ᠰᠦᠯᠵᠢᠶ᠎ᠡ ᠶᠢᠨ ᠦᠢᠯᠡᠴᠢᠯᠡᠭᠡ ᠶᠢ ᠭᠠᠴᠠᠭ᠎ᠠ ᠡᠷᠦᠬᠡ ᠳᠤ ᠬᠦᠷᠭᠡᠬᠦ ᠪᠠᠷᠢᠮᠵᠢᠶ᠎ᠠ ᠶᠣᠰᠣᠭᠠᠷ᠂ ᠮᠠᠯᠵᠢᠬᠤ ᠣᠷᠣᠨ ᠳᠤ ᠬᠤᠰᠢᠭᠤ ᠱᠠᠳᠣᠨ ᠳᠤ ᠲᠦᠮᠡᠨ ᠮᠧᠭ᠎ᠠ᠂ ᠰᠣᠮᠣᠨ ᠳᠤ ᠮᠢᠩᠭᠠᠨ ᠮᠧᠭ᠎ᠠ᠂ ᠭᠠᠴᠠᠭᠠᠨ ᠳᠤ ᠵᠠᠭᠤᠨ ᠮᠧᠭ᠎ᠠ ᠶᠢᠨ ᠬᠤᠷᠳᠣᠴᠠᠳᠣ ᠣᠳᠠᠰᠣᠳᠣ ᠰᠦᠯᠵᠢᠶ᠎ᠡ ᠪᠠ ᠷᠠᠳᠢᠣ᠋ ᠲᠧᠯᠸᠢᠰ ᠢ ᠪᠦᠬᠦᠨ ᠢ ᠪᠦᠷᠬᠦᠬᠦᠯᠬᠦ︾ ᠶᠢ ᠳᠣᠷᠠᠳᠣᠨ ᠭᠠᠷᠭᠠᠵᠣ᠂ ᠵᠢᠱᠢᠯᠲᠡ ᠪᠠᠷ 2022 ᠣᠨ ᠠᠴᠠ ᠡᠬᠢᠯᠡᠨ᠂ 33 ᠮᠠᠯᠵᠢᠬᠤ ᠬᠤᠰᠢᠭᠤ ᠬᠦᠷᠲᠡᠯ᠎ᠡ ᠠᠯᠬᠤᠮ ᠠᠯᠬᠤᠮ ᠢᠶᠠᠷ ᠥᠷᠭᠡᠳᠬᠡᠨ᠎ᠡ᠃ ᠣᠳᠣᠬᠠᠨ ᠳᠤ᠂ ᠬᠤᠰᠢᠭᠤᠨ ᠤ ᠴᠠᠬᠢᠯᠭᠠᠨ ᠬᠤᠯᠪᠣᠭ᠎ᠠ ᠶᠢᠨ ᠬᠤᠪᠢᠶᠠᠷᠢ ᠺᠣᠮᠫᠠᠨᠢ ᠶᠢᠨ ᠤᠶᠤᠨᠲᠤ ᠮᠠᠯᠵᠢᠬᠤ ᠣᠷᠣᠨ ᠤ ᠲᠥᠷᠥᠯ ᠵᠦᠢᠯ ᠤᠨ ᠲᠡᠮᠦᠷ ᠰᠤᠪᠤᠷᠭ᠎ᠠ ᠶᠢᠨ ᠰᠠᠭᠤᠷᠢ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢ ᠨᠢᠭᠡᠨᠲᠡ ᠪᠦᠬᠦᠨ ᠢ ᠪᠡᠶᠡᠯᠡᠭᠦᠯᠵᠦ᠂ 2021 ᠣᠨ ᠤ 10 ᠰᠠᠷ᠎ᠠ ᠶᠢᠨ 10 ᠤ ᠡᠳᠦᠷ ᠪᠣᠯᠲᠠᠯ᠎ᠠ᠂ ᠮᠠᠨ ᠤ ᠬᠤᠰᠢᠭᠤ ᠤᠶᠤᠨᠲᠤ ᠮᠠᠯᠵᠢᠬᠤ ᠣᠷᠣᠨ ᠤ ᠲᠤᠰᠬᠠᠶ ᠲᠥᠷᠥᠯ ᠤᠨ ᠢᠨᠵᠧᠨᠧᠷᠢᠩ ᠤᠨ ᠬᠦᠭᠵᠢᠬᠦᠯᠦᠯᠳᠡ ᠶᠢᠨ ᠬᠠᠷᠠᠯᠲᠠ ᠶᠢᠨ ᠡᠭᠦᠷᠭᠡ ᠶᠢ 3180 ᠡᠷᠦᠬᠡ ᠪᠡᠶᠡᠯᠡᠭᠦᠯᠵᠦ᠂ 100.3% ᠶᠢᠨ ᠡᠭᠦᠷᠭᠡ ᠶᠢ ᠪᠡᠶᠡᠯᠡᠭᠦᠯᠵᠦ᠂ ᠦᠬᠡᠷ᠎ᠡ ᠨᠢᠭᠡ ᠵᠦᠢᠯ ᠤᠨ ᠰᠣᠩᠭᠤᠵᠤ ᠪᠣᠯᠬᠤ ᠮᠡᠳᠡᠭᠡ ᠬᠤᠯᠪᠣᠭᠠᠨ ᠤ ᠠᠷᠭ᠎ᠠ ᠬᠡᠯᠪᠡᠷᠢ ᠶᠢ ᠨᠢᠭᠡᠨᠲᠡ ᠪᠦᠲᠦᠮᠵᠢᠲᠡᠶ ᠨᠥᠬᠦᠪᠥᠷᠢᠯᠡᠪᠡ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号