ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠲᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠪᠢᠴᠢᠭ ᠤᠨ ᠬᠡᠯᠪᠡᠷᠢ︶
ᠨᠡᠶᠢᠲᠡᠯᠡᠭᠰᠡᠨ ᠴᠠᠭ᠄
2022/3/1
     ᠭᠤᠷᠪᠠ᠂ ᠳᠤᠷᠠᠳᠤᠭᠰᠠᠨ ᠠᠰᠠᠭᠤᠳᠠᠯ ᠪᠠ ᠰᠠᠨᠠᠭᠤᠯᠭ᠎ᠠ ᠨᠢ ᠬᠠᠮᠢᠶ᠎ᠠ ᠪᠦᠭᠦᠢ ᠲᠦᠷᠤ ᠶᠢᠨ ᠪᠤᠲᠤᠯᠭ᠎ᠠ ᠳᠤ ᠨᠡᠶᠢᠴᠡᠬᠦ ᠦᠭᠡᠢ ᠪᠤᠶᠤ ᠮᠠᠨ ᠤ ᠬᠤᠰᠢᠭᠤᠨ ᠤ ᠪᠣᠳᠠᠲᠤ ᠪᠠᠶᠢᠳᠠᠯ ᠢ ᠦᠨᠳᠦᠰᠦᠯᠡᠨ ᠲᠦᠷ ᠰᠢᠢᠳᠪᠦᠷᠢᠯᠡᠬᠦ ᠳᠤ ᠬᠦᠴᠢᠷᠲᠡᠶ᠂ ᠬᠤᠵᠢᠮ ᠠᠯᠬᠤᠮ ᠠᠯᠬᠤᠮ ᠢᠶᠠᠷ ᠰᠢᠢᠳᠪᠦᠷᠢᠯᠡᠬᠦ ᠪᠤᠶᠤ ᠲᠥᠯᠥᠭᠡᠯᠡᠭᠴᠢᠳ ᠲᠤ ᠲᠠᠶᠢᠯᠪᠤᠷᠢᠯᠠᠨ ᠲᠣᠳᠣᠷᠬᠠᠶᠢᠯᠠᠬᠤ ᠴᠢᠬᠤᠯᠠ ᠲᠠᠢ ᠨᠢ 3 ᠪᠠᠶᠢᠵᠤ᠂ ᠲᠥᠯᠥᠭᠡᠯᠡᠭᠴᠢᠳ ᠤᠨ ᠰᠠᠨᠠᠭᠤᠯᠭ᠎ᠠ ᠶᠢᠨ ᠪᠦᠭᠦ ᠲᠣᠭᠠᠨ ᠤ 6.2 % ᠢ ᠡᠵᠡᠯᠡᠨ᠎ᠡ ︵C ᠲᠦᠷᠦᠯ︶      ︵ᠨᠢᠭᠡ︶ ᠪᠠᠶᠠᠨᠴᠠᠭᠠᠨ ᠰᠤᠮᠤ ᠶᠢᠨ ᠰᠢᠭᠤᠳ ᠬᠠᠷᠢᠶ᠎ᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠭᠠᠵᠠᠷ ᠢᠶᠠᠨ ᠠᠯᠳᠠᠭᠰᠠᠨ ᠮᠠᠯᠴᠢᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠭᠤᠶᠤᠴᠢᠯᠠᠯ ᠤᠨ ᠲᠤᠬᠠᠶ ᠰᠠᠨᠠᠭᠤᠯᠭ᠎ᠠ᠃ ᠪᠠᠶᠠᠨᠴᠠᠭᠠᠨ ᠰᠤᠮᠤ ᠶᠢᠨ ᠬᠠᠰᠪᠠᠭᠠᠲᠤᠷ ᠲᠥᠯᠥᠭᠡᠯᠡᠭᠴᠢ ᠠᠴᠠ ᠪᠠᠶᠠᠨᠴᠠᠭᠠᠨ ᠤ ᠰᠢᠭᠤᠳ ᠬᠠᠷᠢᠶ᠎ᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠤᠶᠢᠰᠢᠳᠠ ᠶᠢᠨ ᠦᠢᠯᠡᠳᠪᠦᠷᠢᠯᠡᠯ ᠠᠮᠢᠳᠤᠷᠠᠯ ᠢ ᠪᠠᠲᠤᠯᠠᠬᠤ ᠶᠢᠨ ᠲᠥᠯᠥᠭᠡ᠂ ᠲᠡᠳᠡᠨ ᠤ ᠤᠤᠯ ᠤᠨ ᠡᠵᠡᠩᠨᠡᠵᠦ ᠪᠠᠶᠢᠭᠰᠠᠨ ᠬᠠᠳᠤᠯᠠᠩ ᠪᠡᠯᠴᠢᠭᠡᠷ ᠢ ᠪᠤᠴᠠᠭᠠᠨ ᠠᠪᠤᠭᠰᠠᠨ ᠪᠠᠶᠢᠳᠠᠯ ᠳᠤ ᠴᠢᠭᠯᠡᠭᠦᠯᠦᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠵᠣᠬᠢᠴᠠᠭᠤᠯᠵᠣ ᠪᠠᠶᠢᠭᠠᠳ ᠭᠠᠵᠠᠷ ᠢᠶᠠᠨ ᠠᠯᠳᠠᠭᠰᠠᠳ ᠲᠤ ᠳᠠᠭᠠᠳᠬᠠᠯ ᠳᠣᠰᠢᠶᠠᠨ ᠥᠭᠬᠦ ᠰᠠᠨᠠᠭᠤᠯᠭ᠎ᠠ ᠭᠠᠷᠭᠠᠪᠠ᠃      ᠳᠦᠯᠦᠬᠡᠯᠡᠭᠴᠢ ᠶᠢᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠬᠤᠰᠢᠭᠤᠨ ᠤ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ᠨᠠᠷᠢᠨ ᠬᠢᠨᠠᠮᠠᠭᠠᠶ ᠪᠠᠶᠢᠴᠠᠭᠠᠨ ᠬᠠᠷᠭᠤᠭᠤᠯᠵᠤ᠂ ᠣᠳᠣ ᠶᠢᠨ ᠬᠡᠷᠡᠭᠵᠢᠭᠦᠯᠵᠦ ᠪᠠᠶᠢᠭ᠎ᠠ ᠭᠠᠵᠠᠷ ᠰᠢᠷᠣᠶ ᠪᠠᠨ ᠠᠯᠳᠠᠭᠰᠠᠨ ᠮᠠᠯᠴᠢᠨ ᠲᠠᠷᠢᠶᠠᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ ᠬᠤᠯᠪᠣᠭᠳᠠᠯ ᠪᠦᠬᠦᠢ ᠳᠦᠷᠦ ᠶᠢᠨ ᠪᠣᠳᠣᠯᠭ᠎ᠠ ᠶᠢ ᠦᠨᠳᠦᠰᠦᠯᠡᠪᠡᠯ᠂ ᠭᠠᠵᠠᠷ ᠰᠢᠷᠣᠶ ᠪᠠᠨ ᠠᠯᠳᠠᠭᠰᠠᠨ ᠮᠠᠯᠴᠢᠨ ᠲᠠᠷᠢᠶᠠᠴᠢᠨ ᠭᠡᠳᠡᠭ ᠨᠢ ᠵᠠᠰᠠᠭ ᠤᠨ ᠣᠷᠳᠣᠨ ᠠᠴᠠ ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠶ ᠶᠢ ᠨᠢᠭᠡᠳᠦᠯᠲᠡᠶ ᠲᠠᠲᠠᠪᠤᠷᠢᠯᠠᠭᠰᠠᠨ ᠠᠴᠠ ᠪᠣᠯᠵᠣ ᠭᠠᠵᠠᠷ ᠰᠢᠷᠣᠶ ᠪᠠᠨ ᠪᠦᠬᠦᠨ ᠢ ᠪᠤᠶᠤ ᠬᠡᠰᠡᠭ ᠢ ᠨᠢ ᠠᠯᠳᠠᠭᠰᠠᠨ ᠮᠥᠷᠲᠡᠭᠡᠨ ᠭᠠᠵᠠᠷ ᠢ ᠲᠠᠲᠠᠪᠤᠷᠢᠯᠠᠬᠤ ᠦᠶ᠎ᠡ ᠲᠠᠲᠠᠪᠤᠷᠢᠯᠠᠭᠰᠠᠨ ᠭᠠᠵᠠᠷ ᠲᠤ ᠳᠠᠭᠠᠭᠠᠴᠢᠯᠠᠨ ᠡᠵᠡᠩᠨᠡᠬᠦ ᠡᠷᠬᠡ ᠲᠠᠢ ᠬᠥᠮᠦᠰ ᠢ ᠵᠢᠭᠠᠵᠤ ᠪᠣᠶ᠂ ᠪᠠᠶᠠᠨᠴᠠᠭᠠᠨ ᠰᠤᠮᠤ ᠶᠢᠨ ᠰᠢᠭᠤᠳ ᠬᠠᠷᠢᠶ᠎ᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠣᠳᠣᠬᠠᠨ ᠳᠤ ᠭᠠᠵᠠᠷ ᠰᠢᠷᠣᠶ ᠪᠠᠨ ᠲᠠᠲᠠᠪᠤᠷᠢᠯᠠᠭᠳᠠᠭᠰᠠᠨ ᠮᠠᠯᠴᠢᠨ ᠲᠠᠷᠢᠶᠠᠴᠢᠨ ᠳᠤ ᠬᠠᠷᠢᠶᠠᠯᠠᠭᠳᠠᠬᠤ ᠥᠬᠡᠶ ᠤᠴᠢᠷ ᠠᠴᠠ ᠭᠠᠵᠠᠷ ᠰᠢᠷᠣᠶ ᠪᠠᠨ ᠠᠯᠳᠠᠭᠰᠠᠨ ᠮᠠᠯᠴᠢᠨ ᠲᠠᠷᠢᠶᠠᠴᠢᠨ ᠤ ᠠᠷᠭ᠎ᠠ ᠮᠠᠶ᠋ᠢᠭ ᠢᠶᠠᠷ ᠳᠠᠭᠠᠳᠬᠠᠯ ᠳᠤ ᠣᠷᠣᠯᠴᠠᠬᠤ ᠨᠥᠬᠦᠴᠡᠯ ᠳᠤ ᠨᠡᠶᠢᠴᠡᠬᠦ ᠥᠬᠡᠶ᠂ ᠬᠦᠢᠴᠡᠳᠬᠡᠬᠦ ᠶᠢᠨ ᠠᠷᠭ᠎ᠠ ᠥᠬᠡᠶ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号