ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠲᠤᠭᠠᠨ ᠤ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠬᠢᠭᠡᠳ ᠰᠠᠨᠠᠯ ᠢ ᠭᠦᠢᠴᠡᠳᠬᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ︵ᠪᠢᠴᠢᠭ ᠤᠨ ᠬᠡᠯᠪᠡᠷᠢ︶
ᠨᠡᠶᠢᠲᠡᠯᠡᠭᠰᠡᠨ ᠴᠠᠭ᠄
2022/3/1
     ︵ᠭᠤᠷᠪᠠ︶ ᠪᠠᠶᠠᠩᠭᠤᠣᠯ ᠨᠡᠶᠢᠭᠡᠮ ᠲᠣᠭᠤᠷᠢᠭ ᠤᠨ ᠠᠭᠤᠳᠠᠮ ᠲᠠᠯᠠᠪᠠᠢ ᠪᠣᠯᠤᠨ ᠨᠡᠶᠢᠭᠡᠮ ᠲᠣᠭᠤᠷᠢᠭ ᠤᠨ ᠰᠢᠷᠣᠶ ᠶᠢᠨ ᠵᠠᠮ ᠢ ᠬᠠᠲᠠᠭᠤᠷᠠᠭᠤᠯᠬᠤ ᠲᠤᠬᠠᠶ ᠰᠠᠨᠠᠭᠤᠯᠭ᠎ᠠ᠃ ᠪᠠᠶᠠᠨᠴᠠᠭᠠᠨ ᠰᠤᠮᠤ ᠶᠢᠨ ᠰᠢᠨᠡᠪᠢᠯᠢᠭ ᠵᠡᠷᠭᠡ 4 ᠳᠦᠯᠦᠬᠡᠯᠡᠭᠴᠢ ᠪᠠᠶᠠᠩᠭᠤᠣᠯ ᠨᠡᠶᠢᠭᠡᠮ ᠲᠣᠭᠤᠷᠢᠭ ᠤᠨ ᠰᠢᠷᠣᠢ ᠶᠢᠨ ᠵᠠᠮ ᠢ ᠬᠠᠲᠠᠭᠤᠷᠠᠭᠤᠯᠵᠤ᠂ ᠨᠡᠶᠢᠭᠡᠮ ᠲᠣᠭᠤᠷᠢᠭ ᠤᠨ ᠠᠭᠤᠳᠠᠮ ᠲᠠᠯᠠᠪᠠᠢ ᠪᠠᠶᠢᠭᠤᠯᠬᠤ ᠶᠢ ᠰᠠᠨᠠᠭᠠᠴᠢᠯᠠᠵᠠᠢ᠃      ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ ᠳᠤ ᠴᠢᠭᠯᠡᠭᠦᠯᠦᠨ᠂ ᠪᠠᠶᠠᠨᠴᠠᠭᠠᠨ ᠰᠤᠮᠤ ᠪᠣᠯᠤᠨ ᠪᠠᠶᠠᠩᠭᠤᠣᠯ ᠨᠡᠶᠢᠭᠡᠮ ᠲᠣᠭᠤᠷᠢᠭ ᠤᠨ ᠬᠤᠶᠠᠷ ᠵᠥᠪᠯᠡᠯ ᠤᠨ ᠪᠠᠭ ᠤᠨ ᠰᠤᠳᠤᠯᠤᠭᠰᠠᠨ ᠢᠶᠠᠷ᠂ ᠪᠠᠶᠠᠩᠭᠤᠣᠯ ᠨᠡᠶᠢᠭᠡᠮ ᠲᠣᠭᠤᠷᠢᠭ ᠤᠨ ᠭᠤᠤᠯ ᠵᠡᠭᠡᠯᠢ ᠭᠤᠳᠤᠮᠵᠢ ᠶᠢ ᠴᠥᠮ ᠬᠠᠳᠠᠭᠤᠷᠠᠭᠤᠯᠵᠦ᠂ ᠣᠳᠣᠬᠠᠨ ᠳᠤ ᠪᠠᠶᠠᠩᠭᠤᠣᠯ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠭᠦᠳᠡᠨ ᠳᠤ ᠪᠠᠷᠤᠭ 200 ᠮᠧᠲᠷ ᠤᠨ ᠰᠢᠷᠣᠶ ᠶᠢᠨ ᠵᠠᠮ ᠪᠠᠶᠢᠨ᠎ᠠ᠂ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠨᠢᠭᠡᠨᠲᠡ ᠲᠥᠯᠥᠪᠵᠢᠭᠦᠯᠭᠡ ᠳᠤ ᠣᠷᠣᠭᠤᠯᠵᠤ᠂ ᠲᠥᠷᠥᠯ ᠵᠦᠢᠯ ᠢ ᠬᠡᠷᠡᠭᠵᠢᠭᠦᠯᠬᠦ ᠦᠶ᠎ᠡ ᠳᠤ ᠬᠠᠮᠲᠤ ᠳᠤᠨᠢ ᠬᠠᠲᠠᠭᠤᠷᠠᠭᠤᠯᠤᠨ ᠲᠡᠭᠦᠯᠳᠡᠷᠵᠢᠭᠦᠯᠦᠨ᠎ᠡ᠃ ᠡᠭᠦᠨ ᠠᠴᠠ ᠭᠠᠳᠠᠨ᠎ᠠ᠂ ᠪᠠᠶᠠᠩᠭᠤᠣᠯ ᠭᠠᠴᠠᠭ᠎ᠠ ᠶᠢᠨ ᠠᠭᠤᠳᠠᠮ ᠲᠠᠯᠠᠪᠠᠶ ᠶᠢ 2016 ᠣᠨ ᠳᠤ ᠪᠥᠲᠥᠭᠡᠨ ᠪᠠᠶᠢᠭᠤᠯᠵᠤ᠂ 14.4 ᠲᠦᠮᠡᠨ ᠲᠥᠭᠦᠷᠢᠭ ᠤᠨ ᠪᠠᠯᠠ ᠣᠷᠣᠭᠤᠯᠣᠨ᠂ ᠨᠡᠶᠢᠲᠡ 1200 ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠂ ᠣᠳᠣᠬᠠᠨ ᠤ ᠬᠡᠷᠡᠭᠯᠡᠭᠡᠨ ᠤ ᠪᠠᠶᠢᠳᠠᠯ ᠮᠠᠰᠢ ᠰᠠᠶᠢᠨ ᠪᠠᠶᠢᠵᠤ᠂ ᠪᠠᠶᠠᠩᠭᠤᠣᠯ ᠭᠠᠴᠠᠭ᠎ᠠ ᠬᠢᠭᠡᠳ ᠪᠠᠶᠠᠩᠭᠤᠣᠯ ᠨᠡᠶᠢᠭᠡᠮ ᠲᠣᠭᠤᠷᠢᠭ ᠤᠨ ᠪᠠᠶᠠᠩᠭᠤᠣᠯ ᠭᠠᠴᠠᠭ᠎ᠠ ᠶᠢᠨ ᠠᠭᠤᠳᠠᠮ ᠲᠠᠯᠠᠪᠠᠶ ᠶᠢ ᠬᠠᠮᠲᠤᠪᠠᠷ ᠡᠳ᠋ᠯᠡᠬᠦ ᠶᠢ ᠨᠢᠬᠡᠨᠳᠡ ᠵᠣᠬᠢᠴᠠᠭᠤᠯᠵᠠᠶ᠃      ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠪᠣᠯ ᠵᠠᠰᠠᠭ ᠤᠨ ᠣᠷᠳᠣᠨ ᠤ ᠠᠵᠢᠯ ᠢ ᠢᠲᠡᠭᠡᠵᠦ ᠳᠡᠮᠵᠢᠭᠰᠡᠨ ᠤ ᠢᠯᠡᠷᠡᠯ ᠮᠥᠨ᠂ ᠲᠡᠷᠡ ᠨᠢ ᠵᠠᠰᠠᠭ ᠤᠨ ᠣᠷᠳᠣᠨ ᠤ ᠠᠵᠢᠯ ᠢ ᠥᠷᠨᠢᠭᠦᠯᠬᠦ ᠪᠠ ᠳᠡᠭᠡᠭᠰᠢᠯᠡᠭᠦᠯᠬᠦ ᠳᠤ ᠠᠰᠢᠭᠲᠠᠶ ᠶᠤᠮ᠃ ᠡᠯ᠎ᠡ ᠵᠦᠢᠯ ᠤᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠠᠶᠢᠲᠤᠷ ᠰᠢᠢᠳᠪᠦᠷᠢᠯᠡᠵᠣ᠂ ᠲᠥᠯᠥᠭᠡᠯᠡᠭᠴᠢᠳ ᠲᠤ ᠬᠠᠨᠤᠮᠵᠢᠲᠠᠶ ᠬᠠᠷᠢᠭᠤᠯᠲᠠ ᠥᠭᠬᠦ ᠶᠢᠨ ᠲᠥᠯᠥᠭᠡ᠂ ᠪᠢᠳᠡ ᠰᠢᠢᠳᠪᠦᠷᠢᠯᠡᠬᠦ ᠶᠠᠪᠤᠴᠠ ᠳᠠᠭᠠᠨ ᠭᠤᠣᠯᠳᠠᠭᠤ ᠳᠣᠣᠷᠠᠬᠢ ᠮᠡᠲᠦ ᠪᠣᠳᠠᠲᠠᠶ ᠠᠷᠭ᠎ᠠ ᠬᠡᠮᠵᠢᠶ᠎ᠡ ᠶᠢ ᠠᠪᠴᠠᠶ᠄ ᠨᠢᠭᠡ ᠳᠤ ᠰᠢᠢᠳᠪᠦᠷᠢᠯᠡᠬᠦ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠵᠠᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠠᠭᠤᠰᠣᠭᠰᠠᠨ ᠤ ᠳᠠᠷᠠᠭ᠎ᠠ᠂ ᠰᠠᠨᠠᠯ ᠳᠣᠷᠠᠳᠣᠯᠭ᠎ᠠ ᠶᠢ ᠬᠢᠨᠠᠨ ᠪᠠᠶᠢᠴᠠᠭᠠᠬᠤ ᠵᠥᠪᠯᠡᠯ ᠠᠴᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠰᠢᠢᠳᠪᠦᠷᠢᠯᠡᠬᠦᠯᠬᠦ ᠪᠠᠷ ᠲᠣᠭᠲᠠᠭᠠᠭᠰᠠᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠨᠠᠷᠢᠨ ᠬᠢᠨᠠᠮᠠᠭᠠᠶ ᠡᠮᠬᠢᠯᠡᠨ ᠳᠢᠭᠯᠡᠵᠦ᠂ ᠲᠣᠰ ᠲᠣᠰ ᠬᠤᠯᠪᠣᠭᠳᠠᠯ ᠪᠥᠬᠦᠶ ᠨᠢᠭᠡᠴᠡ ᠳᠤ ᠰᠢᠯᠵᠢᠭᠦᠯᠦᠨ ᠥᠭᠴᠦ ᠰᠢᠢᠳᠪᠦᠷᠢᠯᠡᠬᠦᠯᠵᠣ᠂ ᠡᠯ᠎ᠡ ᠳᠠᠭᠠᠭᠠᠨ ᠬᠦᠢᠴᠡᠳᠬᠡᠬᠦ ᠨᠢᠭᠡᠴᠡ ᠶᠢᠨ ᠬᠠᠷᠢᠭᠤᠴᠠᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠪᠠ᠃ ᠬᠤᠶᠠᠷ ᠲᠤ ᠰᠢᠢᠳᠪᠦᠷᠢᠯᠡᠬᠦ ᠦᠷ᠎ᠡ ᠪᠦᠲᠦᠮᠵᠢ ᠶᠢ ᠳᠡᠬᠡᠭᠰᠢᠯᠡᠬᠦᠯᠵᠠᠢ᠃ 2021 ᠣᠨ ᠳᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠰᠢᠭᠦᠮᠵᠢᠯᠡᠯ᠂ ᠰᠠᠨᠠᠯ ᠢ ᠬᠦᠢᠴᠡᠳᠬᠡᠭᠰᠡᠨ ᠪᠠᠶᠢᠳᠠᠯ ᠢ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠵᠢᠯ ᠤᠨ ᠬᠢᠨᠠᠨ ᠰᠢᠯᠭᠠᠬᠤ ᠠᠭᠤᠯᠭ᠎ᠠ ᠳᠤ ᠣᠷᠣᠭᠤᠯᠵᠤ᠂ ᠡᠭᠦᠨ ᠤ ᠬᠠᠮᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠲᠠᠰᠤᠭ ᠡᠯ᠎ᠡ ᠳᠠᠭᠠᠭᠠᠨ ᠬᠦᠢᠴᠡᠳᠬᠡᠬᠦ ᠨᠢᠭᠡᠴᠡ ᠶᠢᠨ ᠰᠢᠢᠳᠪᠦᠷᠢᠯᠡᠵᠣ ᠪᠠᠶᠢᠭ᠎ᠠ ᠪᠠᠶᠢᠳᠠᠯ ᠢ ᠮᠥᠷᠳᠡᠨ ᠱᠠᠭᠠᠷᠳᠠᠨ ᠰᠢᠢᠳᠪᠦᠷᠢᠯᠡᠬᠦᠯᠵᠣ᠂ ᠡᠯ᠎ᠡ ᠳᠠᠭᠠᠭᠠᠨ ᠬᠦᠢᠴᠡᠳᠬᠡᠬᠦ ᠨᠢᠭᠡᠴᠡ ᠶᠢ ᠰᠠᠷ᠎ᠠ ᠪᠦᠷᠢ ᠶᠢᠨ ᠰᠡᠭᠦᠯᠴᠢ ᠪᠠᠷ ᠰᠢᠢᠳᠪᠦᠷᠢᠯᠡᠭᠰᠡᠨ ᠠᠬᠢᠴᠠ ᠪᠠᠨ ᠳᠡᠭᠡᠭᠰᠢ ᠮᠡᠳᠡᠭᠦᠯᠬᠦ ᠶᠢ ᠱᠠᠭᠠᠷᠳᠠᠭᠰᠠᠨ ᠪᠥᠭᠡᠳ ᠳᠠᠭᠠᠭᠠᠨ ᠬᠦᠢᠴᠡᠳᠬᠡᠬᠦ ᠨᠢᠭᠡᠴᠡ ᠶᠢᠨ ᠬᠠᠷᠢᠭᠤᠯᠲᠠ ᠶᠢ ᠬᠢᠨᠠᠨ ᠪᠠᠶᠢᠴᠠᠭᠠᠵᠤ ᠂ ᠱᠠᠭᠠᠷᠳᠠᠯᠭ᠎ᠠ ᠳᠤ ᠨᠡᠶᠢᠴᠡᠬᠦ ᠥᠬᠡᠶ ᠬᠠᠷᠢᠭᠤᠯᠲᠠ ᠶᠢ ᠳᠠᠭᠠᠭᠠᠨ ᠬᠦᠢᠴᠡᠳᠬᠡᠬᠦ ᠨᠢᠭᠡᠴᠡ ᠳᠤ ᠪᠤᠴᠠᠭᠠᠨ ᠥᠭᠴᠦ ᠳᠠᠬᠢᠨ ᠰᠢᠨ᠎ᠡ ᠪᠠᠷ ᠰᠢᠢᠳᠪᠦᠷᠢᠯᠡᠬᠦᠯᠵᠣ᠂ ᠡᠯ᠎ᠡ ᠳᠠᠭᠠᠭᠠᠨ ᠬᠦᠢᠴᠡᠳᠬᠡᠬᠦ ᠨᠢᠭᠡᠴᠡ ᠶᠢ ᠴᠥᠮ ᠲᠤᠰᠢᠶᠠᠨ ᠥᠭᠴᠦ ᠬᠦᠢᠴᠡᠳᠬᠡᠬᠦᠯᠦᠭᠰᠡᠨ ᠤ ᠳᠠᠷᠠᠭᠠᠬᠢ 3 ᠰᠠᠷ᠎ᠠ ᠶᠢᠨ ᠳᠣᠲᠣᠷ᠎ᠠ ᠰᠢᠢᠳᠪᠦᠷᠢᠯᠡᠵᠣ ᠳᠠᠭᠤᠰᠬᠠᠬᠤ ᠬᠡᠷᠡᠭᠲᠡᠶ ᠭᠡᠵᠦ ᠱᠠᠭᠠᠷᠳᠠᠪᠠ᠃ ᠭᠤᠷᠪᠠ ᠳᠤ ᠰᠢᠢᠳᠪᠦᠷᠢᠯᠡᠬᠦ ᠳᠡᠰ ᠳᠠᠷᠠᠭᠠᠯᠠᠯ ᠢ ᠴᠢᠩᠳᠠᠯᠠᠵᠠᠢ᠃ ᠡᠯ᠎ᠡ ᠳᠠᠭᠠᠭᠠᠨ ᠬᠦᠢᠴᠡᠳᠬᠡᠬᠦ ᠨᠢᠭᠡᠴᠡ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠢᠢᠳᠪᠦᠷᠢᠯᠡᠬᠦ ᠶᠠᠪᠤᠴᠠ ᠳᠤ᠂ ᠤᠲᠠᠰᠤ ᠪᠠᠷ ᠶᠠᠷᠢᠯᠴᠠᠬᠤ᠂ ᠰᠤᠷᠪᠤᠯᠵᠢᠯᠠᠬᠤ᠂ ᠶᠠᠷᠢᠯᠴᠠᠬᠤ ᠵᠡᠷᠭᠡ ᠬᠡᠯᠪᠡᠷᠢ ᠪᠠᠷ ᠰᠠᠨᠠᠭᠠᠴᠢᠯᠠᠭ᠎ᠠ ᠠᠴᠠ ᠪᠠᠨ ᠲᠥᠯᠥᠭᠡᠯᠡᠭᠴᠢᠳ ᠲᠠᠢ ᠬᠠᠷᠢᠯᠴᠠᠵᠤ᠂ ᠲᠥᠯᠥᠭᠡᠯᠡᠭᠴᠢᠳ ᠤᠨ ᠰᠠᠨᠠᠯ ᠢ ᠬᠦᠢᠴᠡᠳ ᠬᠤᠷᠢᠶᠠᠭᠰᠠᠨ ᠪᠥᠭᠡᠳ ᠲᠥᠯᠥᠭᠡᠯᠡᠭᠴᠢ ᠥᠪᠡᠷ ᠢᠶᠠᠨ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠯ ᠤᠨ ᠬᠠᠷᠢᠭᠤᠯᠲᠠ ᠶᠢ ᠰᠢᠢᠳᠪᠦᠷᠢᠯᠡᠬᠦ ᠰᠠᠨᠠᠯ ᠢ ᠬᠤᠷᠢᠶᠠᠬᠤ ᠬᠦᠰᠦᠨᠦᠭᠲᠦ︾ ᠶᠢ ᠲᠠᠭᠯᠠᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠡᠯ᠎ᠡ ᠳᠠᠭᠠᠭᠠᠨ ᠬᠦᠢᠴᠡᠳᠬᠡᠬᠦ ᠨᠢᠭᠡᠴᠡ ᠶᠢᠨ ᠬᠠᠷᠢᠭᠤᠯᠲᠠ ᠶᠢᠨ ᠰᠠᠨᠠᠯ ᠢ ᠬᠤᠷᠢᠶᠠᠩᠭᠤᠶᠢᠯᠠᠬᠤ ᠶᠢᠨ ᠬᠠᠮᠲᠤ ᠡᠯ᠎ᠡ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠶᠢᠨ ᠰᠠᠨᠠᠯ ᠢ ᠲᠣᠰ ᠲᠣᠰ ᠬᠤᠷᠢᠶᠠᠪᠠ᠃ ᠬᠠᠮᠤᠭ ᠡᠴᠦᠰ ᠲᠤ ︽ᠬᠡᠰᠢᠭᠲᠡᠨ ᠬᠤᠰᠢᠭᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠣᠳᠠᠭᠠᠨ ᠤ ᠬᠤᠷᠠᠯᠳᠤᠭᠠᠨ ᠤ ᠲᠥᠯᠥᠭᠡᠯᠡᠭᠴᠢᠳ ᠤᠨ ᠰᠢᠭᠦᠮᠵᠢᠯᠡᠯ ᠪᠠ ᠰᠠᠨᠠᠭᠤᠯᠭ᠎ᠠ ᠶᠢ ᠬᠦᠢᠴᠡᠳᠬᠡᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ︾ ᠶᠢ ᠬᠤᠷᠢᠶᠠᠩᠭᠤᠶᠢᠯᠠᠨ ᠪᠦᠷᠢᠯᠲᠦᠭᠦᠯᠪᠡ᠃      ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠪᠣᠯ ᠠᠷᠠᠳᠴᠢᠯᠠᠯ ᠤᠨ ᠡᠷᠬᠡ ᠪᠠᠨ ᠬᠡᠷᠡᠭᠵᠢᠭᠦᠯᠬᠦ᠂ ᠵᠠᠰᠠᠭ ᠲᠤ ᠤᠷᠤᠯᠴᠠᠵᠦ ᠵᠠᠰᠠᠭ ᠤᠨ ᠶᠠᠪᠤᠳᠠᠯ ᠢ ᠵᠦᠪᠯᠡᠵᠦ ᠪᠠᠶᠢᠭ᠎ᠠ ᠶᠢᠨ ᠭᠤᠤᠯ ᠬᠡᠯᠪᠡᠷᠢ ᠪᠤᠯᠤᠨ᠎ᠠ᠂ ᠪᠠᠰᠠ ᠴᠤ ᠵᠠᠰᠠᠭ ᠤᠨ ᠣᠷᠳᠣᠨ ᠤ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠪᠦᠲᠦᠮᠵᠢᠲᠠᠢ ᠠᠷᠭ᠎ᠠ ᠵᠠᠮ ᠪᠤᠯᠤᠨ᠎ᠠ᠃ ᠵᠠᠰᠠᠭ ᠤᠨ ᠣᠷᠳᠣᠨ ᠪᠣᠯᠤᠨ ᠠᠷᠠᠳ ᠣᠯᠠᠨ ᠤ ᠬᠠᠷᠢᠯᠴᠠᠭ᠎ᠠ ᠶᠢ ᠦᠨᠡᠨ ᠬᠦ ᠴᠢᠩᠭᠠᠳᠬᠠᠵᠤ᠂ ᠡᠯ᠎ᠡ ᠵᠦᠶᠯ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ ᠠᠬᠢᠭᠤᠯᠬᠤ ᠶᠢᠨ ᠲᠥᠯᠥᠭᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠡᠯ᠎ᠡ ᠳᠠᠭᠠᠭᠠᠨ ᠭᠦᠢᠴᠡᠳᠬᠡᠬᠦ ᠨᠢᠭᠡᠴᠡ ᠲᠠᠢ ᠬᠠᠮᠲᠤᠷᠠᠨ ᠨᠠᠷᠢᠨ ᠬᠢᠨᠠᠮᠠᠭᠠᠶ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠡᠷᠭᠡ ᠲᠤᠰᠢᠶᠠᠯ ᠤᠨ ᠤᠶᠢᠯᠡᠲᠦᠯ ᠢᠶᠠᠨ ᠭᠦᠶᠴᠡᠳ ᠪᠠᠳᠠᠷᠠᠭᠤᠯᠵᠤ᠂ ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠠᠯᠢ ᠴᠢᠳᠠᠬᠤ ᠪᠠᠷ ᠨᠠᠶᠢᠳᠠᠪᠤᠷᠢᠵᠢᠭᠤᠯᠵᠦ᠂ ᠤᠴᠢᠷ ᠪᠣᠯᠭᠠᠨ ᠳᠤ ᠬᠠᠷᠢᠭᠤᠯᠲᠠ ᠦᠭᠭᠦᠭᠰᠡᠨ ᠪᠠᠶᠢᠨ᠎ᠠ᠃ ᠭᠡᠪᠡᠴᠦ ᠨᠥᠬᠦᠴᠡᠯ ᠤᠨ ᠬᠢᠵᠠᠭᠠᠷᠯᠠᠯ ᠠᠴᠠ ᠪᠣᠯᠵᠤ᠂ ᠲᠥᠯᠥᠭᠡᠯᠡᠭᠴᠢᠳ ᠤᠨ ᠳᠤᠷᠠᠳᠤᠭᠰᠠᠨ ᠵᠠᠷᠢᠮ ᠠᠰᠠᠭᠤᠳᠠᠯ ᠢ ᠲᠡᠷᠡ ᠳᠣᠤᠷ᠎ᠠ ᠨᠢ ᠰᠢᠶᠳᠪᠦᠷᠢᠯᠡᠵᠦ ᠴᠢᠳᠠᠬᠤ ᠦᠭᠡᠢ ᠪᠣᠯᠬᠤᠷ ᠲᠥᠯᠥᠭᠡᠯᠡᠭᠴᠢᠳ ᠯᠦᠭᠡ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ ᠲᠥᠯᠥᠭᠡᠯᠡᠭᠴᠢᠳ ᠤᠨ ᠣᠶᠢᠯᠠᠭᠠᠯᠲᠠ ᠶᠢ ᠣᠯᠬᠤ ᠴᠢᠬᠤᠯᠠᠲᠠᠶ ᠪᠠᠶᠢᠨ᠎ᠠ᠃ ᠬᠤᠶᠢᠰᠢᠳᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠵᠢᠯ ᠤᠨ ᠬᠦᠴᠦᠯᠡᠴᠡ ᠪᠠᠨ ᠤᠯᠠᠮ ᠨᠢᠭᠡ ᠠᠯᠬᠤᠮ ᠴᠢᠩᠭᠠᠳᠬᠠᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠳᠤᠷᠠᠳᠤᠭᠰᠠᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠭᠦᠢᠴᠡᠳᠭᠡᠬᠦ ᠪᠠ ᠨᠠᠶᠢᠳᠠᠪᠤᠷᠢᠵᠢᠭᠤᠯᠬᠤ ᠶᠢ ᠦᠨᠡᠨᠬᠦ ᠠᠷᠠᠳᠴᠢᠯᠠᠯ ᠢ ᠴᠢᠩᠭᠠᠳᠬᠠᠬᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ  ᠤᠨ ᠬᠥᠭᠵᠢᠯᠲᠡ ᠶᠢ ᠠᠬᠢᠭᠤᠯᠬᠤ ᠦᠨᠲᠦᠷᠴᠡ ᠳᠤ ᠬᠦᠷᠭᠡᠵᠦ᠂ ᠡᠳᠦᠷ ᠲᠤᠲᠤᠮ ᠤᠨ ᠴᠢᠬᠤᠯᠠ ᠵᠥᠪᠯᠡᠬᠦ ᠵᠦᠶᠯ  ᠳᠡᠭᠡᠨ ᠣᠷᠣᠭᠤᠯᠤᠨ᠂ ᠱᠠᠭᠠᠷᠳᠠᠨ ᠪᠠᠶᠢᠴᠠᠭᠠᠵᠤ ᠱᠠᠭᠠᠷᠳᠠᠨ ᠭᠦᠢᠴᠡᠳᠬᠡᠯᠭᠡᠬᠦ ᠡᠷᠴᠢᠮ ᠢᠶᠠᠨ ᠨᠡᠮᠡᠭᠳᠡᠭᠦᠯᠵᠦ᠂ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠤ ᠬᠠᠨᠤᠮᠵᠢᠲᠠᠶ ᠬᠠᠷᠢᠭᠤᠯᠲᠠ ᠥᠭᠬᠦ ᠶᠢ ᠪᠠᠲᠤᠯᠠᠨ᠎ᠠ᠃ ᠡᠭᠦᠨ ᠤ ᠬᠠᠮᠲᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢᠯᠡᠭᠦᠬᠡᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠳᠤᠷᠠᠳᠴᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠲᠣᠭᠲᠠᠭᠤᠨ ᠡᠷᠡᠭᠦᠯ ᠬᠥᠭᠵᠢᠯᠲᠡ ᠶᠢ ᠠᠬᠢᠭᠤᠯᠬᠤ ᠳᠤ ᠰᠠᠨᠠᠯ ᠰᠠᠨᠠᠭᠤᠯᠭ᠎ᠠ ᠲᠤᠷᠠᠲᠤᠨ ᠠᠷᠭ᠎ᠠ ᠪᠤᠲᠤᠯᠭ᠎ᠠ ᠭᠠᠷᠭᠠᠬᠤ ᠶᠢ ᠬᠦᠰᠡᠵᠦ ᠪᠠᠶᠢᠨ᠎ᠠ᠃
 
ᠢᠷᠡᠯᠲᠡ᠄ ᠬᠡᠰᠢᠭᠳᠡᠨ ᠬᠤᠰᠢᠭᠤᠨ ᠤ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号