ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠬᠢᠷᠢ ᠪᠦᠲᠦᠮᠵᠢ ᠶᠢ ᠪᠠᠶᠢᠴᠠᠭᠠᠨ ᠡᠷᠢᠬᠦ ᠪᠠ ᠬᠢᠷᠢ ᠭᠡᠮ ᠣᠯᠭᠤᠬᠤ
ᠨᠡᠶᠢᠲᠡᠯᠡᠭᠰᠡᠨ ᠴᠠᠭ᠄
2022/8/17
     ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢ ᠪᠦᠬᠦ ᠤᠯᠤᠰ ᠲᠤ ᠨᠢᠭᠡᠳᠦᠯᠲᠡᠢ ᠰᠢᠯᠭᠠᠯᠲᠠ ᠬᠢᠨᠠᠵᠤ᠂ ᠰᠢᠯᠭᠠᠯᠲᠠ ᠶᠢᠨ ᠬᠢᠷᠢ ᠪᠦᠲᠦᠮᠵᠢ ᠶᠢ ᠬᠠᠤᠯᠢ ᠴᠠᠭᠠᠵᠠ ᠶᠢᠨ ᠶᠠᠮᠤᠨ ᠤ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠠᠯᠪᠠᠨ ᠭᠡᠷ ᠠᠴᠠ ᠪᠠᠷᠤᠭ ᠲᠤᠰ ᠵᠢᠯ ᠤᠨ 11 ᠳ᠋ᠦᠭᠡᠷ ᠰᠠᠷ᠎ᠠ ᠶᠢᠨ ᠳᠤᠮᠳᠠᠴᠢ ᠪᠠ ᠰᠡᠭᠦᠯᠴᠢ ᠪᠠᠷ ᠨᠡᠶᠢᠭᠡᠮ ᠳᠤ ᠨᠡᠶᠢᠲᠡᠯᠡᠵᠦ᠂ ᠰᠢᠯᠭᠠᠯᠲᠠ ᠳᠤ ᠣᠷᠣᠯᠴᠠᠭᠰᠠᠳ ᠬᠠᠤᠯᠢ ᠴᠠᠭᠠᠵᠠ ᠶᠢᠨ ᠶᠠᠮᠤᠨ ᠤ ᠰᠦᠯᠵᠢᠶᠡᠨ ᠦᠷᠲᠡᠭᠡ ︵http᠄ //www. moj.gov.cn︶᠎ ᠳᠤ ᠭᠠᠷᠴᠤ ᠰᠢᠯᠭᠠᠯᠲᠠ ᠶᠢᠨ ᠬᠢᠷᠢ ᠪᠦᠲᠦᠮᠵᠢ ᠶᠢᠨ ᠬᠠᠭᠤᠳᠠᠰᠤ ᠪᠠᠨ ᠦᠪᠡᠷ ᠢᠶᠠᠨ ᠪᠠᠭᠤᠯᠭᠠᠨ ᠳᠠᠷᠤᠮᠠᠯᠯᠠᠵᠦ ᠠᠪᠬᠤ ᠪᠤᠶᠤ ᠨᠡᠷ᠎ᠡ ᠮᠡᠳᠡᠭᠦᠯᠦᠭᠰᠡᠨ ᠭᠠᠵᠠᠷ ᠤᠨ ᠬᠠᠤᠯᠢ ᠴᠠᠭᠠᠵᠠ ᠶᠢᠨ ᠲᠣᠪᠴᠢᠶ᠎ᠠ ᠳᠤ ᠬᠦᠷᠴᠦ ᠪᠡᠶ᠎ᠡ ᠶᠢᠨ ᠦᠨᠡᠮᠯᠡᠯ᠂ ᠰᠢᠯᠭᠠᠭᠤᠯᠬᠤ ᠦᠨᠡᠮᠯᠡᠯ ᠢᠶᠠᠷ ᠢᠶᠠᠨ ᠠᠪᠴᠤ ᠪᠣᠯᠣᠨ᠎ᠠ᠃      ᠰᠢᠯᠭᠠᠯᠲᠠ ᠳᠤ ᠣᠷᠣᠯᠴᠠᠭᠰᠠᠳ ᠰᠢᠯᠭᠠᠯᠲᠠ ᠶᠢᠨ ᠬᠢᠷᠢ ᠪᠦᠲᠦᠮᠵᠢ ᠳᠤ ᠣᠨᠳᠣᠣ ᠰᠠᠨᠠᠯ ᠲᠠᠢ ᠪᠣᠯ ᠰᠢᠯᠭᠠᠯᠲᠠ ᠶᠢᠨ ᠬᠢᠷᠢ ᠪᠦᠲᠦᠮᠵᠢ ᠶᠢ ᠨᠡᠶᠢᠲᠡᠯᠡᠭᠰᠡᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ᠂ ᠨᠡᠷ᠎ᠡ ᠮᠡᠳᠡᠭᠦᠯᠦᠭᠰᠡᠨ ᠭᠠᠵᠠᠷ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠳᠤ ᠬᠤᠪᠢ ᠪᠠᠨ ᠬᠠᠷᠭᠤᠭᠤᠯᠤᠨ ᠪᠠᠶᠢᠴᠠᠭᠠᠬᠤ ᠪᠢᠴᠢᠭᠯᠡᠭᠰᠡᠨ ᠭᠤᠶᠤᠴᠢᠯᠠᠯ ᠭᠠᠷᠭᠠᠵᠦ ᠪᠣᠯᠣᠨ᠎ᠠ᠃ ᠬᠤᠪᠢ ᠬᠠᠷᠭᠤᠭᠤᠯᠤᠨ ᠪᠠᠶᠢᠴᠠᠭᠠᠬᠤ ᠬᠡᠪᠴᠢᠶᠠᠨ ᠳᠤ ᠰᠢᠯᠭᠠᠯᠲᠠ ᠶᠢᠨ ᠬᠠᠭᠤᠳᠠᠰᠤ ᠳᠥᠷᠪᠡ ᠪᠠ ᠰᠢᠯᠭᠠᠯᠲᠠ ᠶᠢᠨ ᠬᠠᠭᠤᠳᠠᠰᠤ ᠨᠢᠭᠡ᠂ ᠰᠢᠯᠭᠠᠯᠲᠠ ᠶᠢᠨ ᠬᠠᠭᠤᠳᠠᠰᠤ ᠬᠤᠶᠠᠷ᠂ ᠰᠢᠯᠭᠠᠯᠲᠠ ᠶᠢᠨ ᠬᠠᠭᠤᠳᠠᠰᠤ ᠭᠤᠷᠪᠠ ᠶᠢᠨ ᠰᠢᠯᠭᠠᠯᠲᠠ ᠳᠤ ᠣᠷᠣᠯᠴᠠᠭᠰᠠᠨ ᠪᠣᠯᠪᠠᠴᠤ ᠰᠢᠯᠭᠠᠯᠲᠠ ᠶᠢᠨ ᠬᠢᠷᠢ ᠪᠦᠳᠦᠮᠵᠢ ᠦᠭᠡᠢ ᠰᠢᠯᠭᠠᠯᠲᠠ ᠶᠢᠨ ᠬᠠᠭᠤᠳᠠᠰᠤ ᠪᠠᠭᠲᠠᠨ᠎ᠠ᠃      ᠰᠢᠯᠭᠠᠯᠲᠠ ᠳᠤ ᠣᠷᠣᠯᠴᠠᠭᠰᠠᠳ ᠲᠤᠰ ᠵᠢᠯ ᠤᠨ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠬᠢᠷᠢ ᠲᠡᠩᠴᠡᠬᠦ ᠬᠢᠵᠠᠭᠠᠷᠯᠠᠬᠤ ᠬᠤᠪᠢ ᠳᠤ ᠬᠦᠷᠦᠭᠰᠡᠨ ᠪᠣᠯ ᠲᠣᠭᠲᠠᠭᠰᠠᠨ ᠬᠤᠭᠤᠴᠠᠭ᠎ᠠ ᠬᠢᠵᠠᠭᠠᠷ ᠤᠨ ᠳᠣᠲᠣᠷ᠎ᠠ ᠬᠠᠤᠯᠢ ᠴᠠᠭᠠᠵᠠ ᠶᠢᠨ ᠶᠠᠮᠤᠨ ᠤ ᠰᠦᠯᠵᠢᠶᠡᠨ ᠦᠷᠲᠡᠭᠡ ︵http᠄ //www.moj. gov.cn︶᠎ ᠳᠤ ᠭᠠᠷᠴᠤ᠂ ᠬᠠᠤᠯᠢ ᠴᠠᠭᠠᠵᠠ ᠶᠢᠨ ᠡᠷᠬᠢᠯᠡᠭᠰᠡᠨ ᠠᠵᠢᠯ ᠤᠨ ᠬᠢᠷᠢ ᠬᠡᠮ ᠭᠤᠶᠤᠴᠢᠯᠠᠨ ᠠᠪᠬᠤ ᠬᠠᠮᠢᠶ᠎ᠠ ᠪᠦᠬᠦᠢ ᠮᠡᠳᠡᠭᠡ ᠵᠠᠩᠭᠢ ᠶᠢ ᠲᠠᠭᠯᠠᠵᠤ᠂ ︽XXXX ᠣᠨ ᠤ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠬᠠᠤᠯᠢ ᠴᠠᠭᠠᠵᠠ ᠶᠢᠨ ᠡᠷᠬᠢᠯᠡᠭᠰᠡᠨ ᠠᠵᠢᠯ ᠤᠨ ᠬᠢᠷᠢ ᠭᠡᠮ ᠣᠯᠭᠤᠬᠤ ᠭᠤᠶᠤᠴᠢᠯᠠᠯ ᠤᠨ ᠬᠦᠰᠦᠨᠦᠭᠲᠦ︾᠎ ᠶᠢ ᠪᠣᠢ ᠪᠣᠯᠭᠠᠨ᠎ᠠ᠃ ᠰᠦᠯᠵᠢᠶᠡᠨ ᠳᠡᠭᠡᠷ᠎ᠡ ᠭᠤᠶᠤᠴᠢᠯᠠᠬᠤ ᠲᠡᠰ ᠳᠠᠷᠠᠭᠠᠯᠠᠯ ᠢ ᠭᠦᠢᠴᠡᠳᠬᠡᠭᠰᠡᠨ ᠤ ᠳᠠᠷᠠᠭ᠎ᠠ᠂ ᠲᠣᠭᠲᠠᠭᠰᠠᠨ ᠬᠤᠭᠤᠴᠠᠭ᠎ᠠ ᠬᠢᠵᠠᠭᠠᠷ ᠤᠨ ᠳᠣᠲᠣᠷ᠎ᠠ ᠨᠡᠷ᠎ᠡ ᠮᠡᠳᠡᠭᠦᠯᠦᠭᠰᠡᠨ ᠭᠠᠵᠠᠷ ᠤᠨ ᠠᠶᠢᠮᠠᠭ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠵᠢᠭᠠᠨ ᠲᠣᠭᠲᠠᠭᠠᠭᠰᠠᠨ ᠭᠠᠵᠠᠷ ᠤᠨ ᠲᠤᠬᠠᠢ ᠶᠢᠨ ᠲᠠᠯᠠᠪᠠᠢ ᠳᠤ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠵᠤ᠂ ᠬᠠᠤᠯᠢ ᠴᠠᠭᠠᠵᠠ ᠶᠢᠨ ᠡᠷᠬᠢᠯᠡᠭᠰᠡᠨ ᠠᠵᠢᠯ ᠤᠨ ᠬᠢᠷᠢ ᠭᠡᠮ ᠣᠯᠭᠤᠬᠤ ᠶᠢ ᠭᠤᠶᠤᠴᠢᠯᠠᠨ᠎ᠠ᠃      ᠡᠷᠦᠭᠡ ᠠᠮᠠ ᠶᠢᠨ ᠬᠠᠷᠢᠶ᠎ᠠ ᠨᠢ ᠨᠡᠷ᠎ᠡ ᠮᠡᠳᠡᠭᠦᠯᠬᠦ ᠰᠤᠷᠤᠯᠭ᠎ᠠ ᠶᠢᠨ ᠨᠠᠮᠲᠠᠷ ᠤᠨ ᠨᠥᠬᠦᠴᠡᠯ ᠢ ᠠᠭᠤᠵᠢᠭᠤ ᠲᠠᠯᠪᠢᠬᠤ ᠭᠠᠵᠠᠷ ᠣᠷᠣᠨ ᠳᠤ ᠪᠠᠶᠢᠵᠤ᠂ ᠬᠢᠷᠢ ᠲᠡᠩᠴᠡᠬᠦ ᠬᠢᠵᠠᠭᠠᠷᠯᠠᠬᠤ ᠬᠤᠪᠢ ᠶᠢ ᠠᠭᠤᠵᠢᠭᠤ ᠲᠠᠯᠪᠢᠬᠤ ᠨᠥᠬᠦᠴᠡᠯ ᠳᠤ ᠨᠡᠶᠢᠴᠡᠭᠰᠡᠨ ᠤ ᠬᠠᠮᠲᠤ ᠣᠨᠳᠤᠤ ᠭᠠᠵᠠᠷ ᠨᠡᠷ᠎ᠡ ᠮᠡᠳᠡᠭᠦᠯᠦᠭᠰᠡᠨ ᠭᠤᠶᠤᠴᠢᠯᠠᠭᠴᠢ ᠪᠣᠯ ᠰᠦᠯᠵᠢᠶᠡᠨ ᠳᠡᠭᠡᠷ᠎ᠡ ᠭᠤᠶᠤᠴᠢᠯᠠᠬᠤ ᠲᠡᠰ ᠳᠠᠷᠠᠭᠠᠯᠠᠯ ᠢ ᠭᠦᠢᠴᠡᠳᠬᠡᠭᠰᠡᠨ ᠤ ᠳᠠᠷᠠᠭ᠎ᠠ᠂ ᠲᠣᠭᠲᠠᠭᠰᠠᠨ ᠬᠤᠭᠤᠴᠠᠭ᠎ᠠ ᠬᠢᠵᠠᠭᠠᠷ ᠤᠨ ᠳᠣᠲᠣᠷ᠎ᠠ᠂ ᠡᠷᠦᠭᠡ ᠠᠮᠠ ᠶᠢᠨ ᠬᠠᠷᠢᠶ᠎ᠠ ᠶᠢᠨ ᠪᠠᠶᠢᠭ᠎ᠠ ᠭᠠᠵᠠᠷ ᠤᠨ ᠠᠶᠢᠮᠠᠭ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠠᠴᠠ ᠵᠢᠭᠠᠨ ᠲᠣᠭᠲᠠᠭᠠᠭᠰᠠᠨ ᠭᠠᠵᠠᠷ ᠤᠨ ᠲᠤᠬᠠᠢ ᠶᠢᠨ ᠲᠠᠯᠠᠪᠠᠢ ᠳᠤ ᠬᠦᠷᠴᠦ ᠭᠤᠶᠤᠴᠢᠯᠠᠯ ᠤᠨ ᠮᠠᠲ᠋ᠧᠷᠢᠶᠠᠯ ᠢᠶᠠᠨ ᠲᠤᠰᠢᠶᠠᠵᠤ᠂ ᠬᠠᠤᠯᠢ ᠴᠠᠭᠠᠵᠠ ᠶᠢᠨ ᠡᠷᠬᠢᠯᠡᠭᠰᠡᠨ ᠠᠵᠢᠯ ᠤᠨ ᠬᠢᠷᠢ ᠭᠡᠮ ᠣᠯᠭᠤᠬᠤ ᠶᠢ ᠭᠤᠶᠤᠴᠢᠯᠠᠨ᠎ᠠ᠃      ᠡᠩ ᠤᠨ ᠳᠡᠭᠡᠳᠦ ᠰᠤᠷᠭᠠᠭᠤᠯᠢ ᠶᠢᠨ ᠳᠠᠷᠠᠭ᠎ᠠ ᠵᠢᠯ ᠤᠨ ᠲᠤᠰ ᠬᠤᠭᠤᠴᠠᠭᠠᠨ ᠤ ᠲᠡᠭᠦᠰᠬᠦ ᠵᠢᠩᠬᠢᠨᠢ ᠠᠩᠭᠢ ᠶᠢᠨ ᠰᠤᠷᠤᠭᠴᠢ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠳᠤ ᠣᠷᠣᠯᠴᠠᠭᠠᠳ ᠬᠢᠷᠢ ᠲᠡᠩᠴᠡᠬᠦ ᠬᠢᠵᠠᠭᠠᠷᠯᠠᠬᠤ ᠬᠤᠪᠢ ᠳᠤ ᠬᠦᠷᠦᠭᠰᠡᠨ ᠪᠣᠯ ᠲᠡᠭᠦᠰᠬᠦ ᠦᠨᠡᠮᠯᠡᠯ ᠢᠶᠠᠨ ᠣᠯᠣᠭᠰᠠᠨ ᠤ ᠳᠠᠷᠠᠭ᠎ᠠ ᠬᠠᠤᠯᠢ ᠴᠠᠭᠠᠵᠠ ᠶᠢᠨ ᠡᠷᠬᠢᠯᠡᠭᠰᠡᠨ ᠠᠵᠢᠯ ᠤᠨ ᠬᠢᠷᠢ ᠭᠡᠮ᠂ ︽ᠬᠠᠤᠯᠢ ᠴᠠᠭᠠᠵᠠ ᠶᠢᠨ ᠡᠷᠬᠢᠯᠡᠭᠰᠡᠨ ᠠᠵᠢᠯ ᠤᠨ ᠬᠢᠷᠢ ᠭᠡᠮ ᠤᠨ ᠦᠨᠡᠮᠯᠡᠯ︾ ᠣᠯᠭᠤᠬᠤ ᠭᠤᠶᠤᠴᠢᠯᠠᠯ ᠭᠠᠷᠭᠠᠬᠤ ᠬᠡᠷᠡᠭᠲᠡᠢ᠃ ᠪᠤᠳᠠᠲᠠᠢ ᠴᠠᠭ ᠪᠠ ᠠᠷᠭ᠎ᠠ ᠶᠢ ᠬᠠᠤᠯᠢ ᠴᠠᠭᠠᠵᠠ ᠶᠢᠨ ᠶᠠᠮᠤᠨ ᠤ ᠤᠯᠤᠰ ᠤᠨ ᠬᠠᠤᠯᠢ ᠴᠠᠭᠠᠵᠠ ᠶᠢᠨ ᠰᠢᠯᠭᠠᠯᠲᠠ ᠶᠢᠨ ᠠᠯᠪᠠᠨ ᠭᠡᠷ ᠤᠨ ᠠᠯᠪᠠᠨ ᠵᠡᠷ ᠠᠴᠠ ᠨᠠᠷᠢᠨ ᠦᠵᠡᠭᠡᠷᠡᠢ᠃
 
ᠢᠷᠡᠯᠲᠡ᠄ ᠥᠪᠥᠷ ᠮᠣᠩᠭᠣᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备09001939号